2 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠳᠠᠷᠤᠭ᠎ᠠ ᠲᠢᠶᠠᠨ ᠬᠤᠩ ᠴᠧᠩ ᠪᠥᠬᠦ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ᠃ | | | ᠬᠥᠨᠳᠡᠯᠡᠨ ᠲᠣᠭᠤᠷᠢᠭ ᠤᠨ ᠬᠤᠳᠠ ᠶᠢᠨ ᠠᠷᠠᠳ ᠤᠨ ᠦᠢᠯᠡᠴᠢᠯᠡᠬᠡᠨ ᠤ ᠶᠡᠭᠡ ᠲᠢᠩᠬᠢᠮ ᠳᠤ᠂ ᠲᠢᠶᠠᠨ | ᠬᠤᠩ ᠴᠧᠩ ᠨᠡᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠳᠣᠲᠣᠭᠠᠳᠤ ᠶᠢ ᠬᠠᠮᠠᠭᠠᠯᠠᠬᠤ | ᠶᠡᠷᠦᠩᠬᠡᠶᠢᠯᠡᠭᠰᠡᠨ ᠶᠡᠭᠡ ᠲᠢᠩᠬᠢᠮ᠂ ᠨᠡᠶᠢᠭᠡᠮ ᠤᠨ ᠦᠢᠯᠡᠴᠢᠯᠡᠬᠡᠨ ᠤ ᠶᠡᠷᠦᠩᠬᠡᠶᠢᠯᠡᠭᠰᠡᠨ ᠶᠡᠭᠡ ᠲᠢᠩᠬᠢᠮ ᠵᠡᠷᠭᠡ | ᠭᠠᠵᠠᠷ ᠢᠶᠠᠷ ᠬᠦᠷᠴᠦ᠂ ᠡᠯ᠎ᠡ ᠦᠢᠯᠡᠴᠢᠯᠡᠭᠡᠨ ᠤ ᠴᠤᠩᠬᠤᠪᠴᠢ ᠶᠢᠨ ᠠᠵᠢᠯ ᠶᠠᠪᠤᠳᠠᠯ ᠭᠦᠢᠴᠡᠳᠬᠡᠬᠦ ᠶᠠᠪᠤᠴᠠ᠂ | ᠲᠤᠬᠠᠶᠢᠯᠠᠭᠰᠠᠨ ᠠᠵᠢᠯ ᠢ ᠬᠦᠯᠢᠶᠠᠨ ᠠᠪᠴᠤ ᠬᠢᠨᠠᠨ ᠵᠥᠪᠰᠢᠶᠡᠷᠡᠬᠦ ᠵᠢᠴᠢ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ | ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠲᠢᠶᠠᠨ ᠬᠤᠩ ᠴᠧᠩ ᠪᠥᠬᠦ ᠲᠤᠭᠤᠷᠢᠭ ᠤᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠲᠠᠢ ᠪᠤᠳᠤᠯ ᠰᠠᠨᠠᠯ ᠢᠶᠠᠨ ᠭᠦᠨᠵᠡᠭᠡᠶ ᠰᠣᠯᠢᠯᠴᠠᠨ | ᠶᠠᠷᠢᠯᠴᠠᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠳᠤ ᠬᠠᠨᠳᠤᠭᠤᠯᠤᠨ ᠲᠣᠳᠣᠷᠬᠠᠶ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠪᠠ ᠰᠠᠨᠠᠯ ᠳᠤᠷᠠᠳᠴᠠᠶ᠃ | ᠲᠢᠶᠠᠨ ᠬᠤᠩ ᠴᠧᠩ᠂ ᠪᠥᠬᠦ ᠲᠤᠭᠤᠷᠢᠭ ᠤᠨ ᠳᠡᠭᠡᠳᠦ ᠳᠤᠤᠷᠠᠳᠤ ᠱᠠᠲᠤ ᠪᠠᠷ ᠢᠶᠠᠨ ᠦᠵᠡᠯ ᠰᠠᠨᠠᠭ᠎ᠠ | ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢᠶᠠᠷ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢ ᠲᠣᠪᠤᠶᠢᠮ᠎ᠠ ᠪᠠᠶᠢᠷᠢᠨ ᠳᠤ ᠳᠡᠯᠪᠢᠨ ᠠᠳᠬᠤᠵᠤ᠂ ᠨᠠᠩ ᠨᠡᠭᠡᠭᠡᠯᠲᠡ ᠲᠠᠢ ᠡᠷᠬᠡ | ᠲᠡᠭᠰᠢ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ᠂ ᠨᠠᠩ ᠲᠥᠪ ᠭᠤᠤᠯᠴᠢ ᠠᠮᠤᠷ ᠲᠦᠪᠰᠢᠨ ᠬᠠᠤᠯᠢᠵᠢᠯ ᠤᠨ | ᠣᠷᠴᠢᠨ ᠨᠥᠬᠦᠴᠡᠯ᠂ ᠨᠠᠩ ︽ᠳᠣᠲᠣᠨᠣ ᠴᠢᠬᠡᠴᠢ︾ ᠬᠡᠮ ᠬᠡᠮᠵᠢᠶ᠎ᠡ ᠲᠠᠢ ᠵᠠᠰᠠᠭ ᠤᠨ ᠤᠷᠳᠤᠨ ᠪᠠ | ᠬᠤᠳᠠᠯᠳᠤᠭᠠᠨ ᠤ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠬᠦ ᠬᠡᠷᠡᠭᠲᠡᠶ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠠᠯᠠᠭ᠎ᠠ ᠮᠥᠴᠢᠷ ᠤᠨ ᠵᠠᠭᠠᠭ | ᠬᠢᠵᠠᠭᠠᠷ ᠢ ᠡᠪᠳᠡᠵᠦ᠂ ᠬᠢᠨᠠᠯᠳᠠ ᠲᠠᠯᠪᠢᠬᠤ ᠪᠠ ᠬᠠᠮᠢᠶᠠᠷᠬᠤ ᠬᠤᠶᠠᠷ ᠢ ᠰᠠᠯᠭᠠᠬᠤ ᠶᠢ ᠦᠨᠡᠨ ᠬᠦ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠵᠡᠭᠡᠯᠢ ᠭᠤᠳᠤᠮᠵᠢ᠂ ᠨᠡᠶᠢᠭᠡᠮ ᠲᠣᠭᠤᠷᠢᠭ | ᠲᠡᠶᠢᠰᠢ ᠤᠷᠲᠤᠳᠬᠠᠬᠤ ᠶᠢ ᠠᠬᠢᠭᠤᠯᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠬᠤᠶᠠᠷ ᠱᠠᠲᠤᠨ ᠤ ᠵᠠᠰᠠᠭ ᠤᠨ | ᠶᠠᠪᠤᠳᠠᠯ ᠢ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠵᠢᠷᠤᠮᠵᠢᠭᠰᠠᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠬᠤ ᠬᠡᠷᠡᠭᠲᠡᠶ᠃ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠲᠠᠯ᠎ᠠ ᠶᠢᠨ ᠨᠠᠷᠢᠯᠢᠬᠵᠢᠭᠤᠯᠤᠭᠰᠠᠨ᠂ | ᠰᠢᠯᠢᠳᠡᠭᠵᠢᠭᠦᠯᠦᠭᠰᠡᠨ᠂ ᠳᠥᠭᠦᠮᠴᠢᠯᠡᠭᠰᠡᠨ᠂ ᠤᠨᠴᠠᠯᠢᠬᠵᠢᠬᠰᠠᠨ ᠬᠠᠤᠯᠢ ᠴᠠᠭᠠᠵᠠ ᠶᠢᠨ ᠦᠢᠯᠡᠴᠢᠯᠡᠭᠡ ᠶᠢ ᠤᠯᠠᠮ | ᠨᠢᠭᠡ ᠠᠯᠬᠤᠮ ᠬᠠᠩᠭᠠᠵᠤ᠂ ᠠᠵᠤ ᠦᠢᠯᠡᠰ ᠤᠨ ᠲᠦᠪᠯᠡᠷᠡᠵᠤ ᠪᠦᠯᠦᠭᠵᠢᠬᠦ ᠪᠠ ᠠᠵᠤ ᠠᠬᠤᠶᠢᠯᠠᠯ ᠤᠨ ᠠᠮᠤᠷ | ᠲᠦᠪᠰᠢᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠨᠢᠬᠡᠴᠢ | ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠤᠯᠭᠠᠯᠴᠠᠬᠤ ᠪᠠᠨ ᠴᠢᠩᠭᠠᠳᠬᠠᠵᠤ᠂ ︽12345︾ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠥᠨᠳᠥᠷ ᠪᠦᠲᠦᠮᠵᠢᠲᠡᠶ | ᠲᠤᠬᠠᠶᠢᠯᠠᠭᠰᠠᠨ ᠠᠵᠢᠯ ᠤᠨ ᠶᠠᠪᠤᠴᠠ ᠬᠢᠭᠡᠳ ᠠᠵᠢᠯᠯᠠᠭᠠᠨ ᠤ ᠲᠣᠭᠲᠠᠴᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠂ ᠱᠠᠯᠠᠪᠳᠠᠭᠤᠯᠤᠨ ᠬᠦᠢᠴᠡᠳᠬᠡᠯᠬᠡᠵᠤ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯᠲᠠᠨ ᠤ | ᠬᠦᠴᠦᠨ ᠢ ᠳᠣᠭᠢᠷᠠᠭᠤᠯᠤᠨ ᠴᠢᠩᠭᠠᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠭᠦᠶᠴᠡᠳᠬᠡᠪᠡᠰᠦ | ᠵᠣᠬᠢᠬᠤ ᠶᠢ ᠨᠢ ᠪᠦᠬᠦᠨ ᠢ ᠭᠦᠶᠴᠡᠳᠬᠡᠬᠦ︾᠂ ︽ᠬᠤᠭᠤᠴᠠᠭ᠎ᠠ ᠶᠣᠰᠣᠭᠠᠷ ᠪᠦᠬᠦᠨ ᠢ ᠭᠦᠶᠴᠡᠳᠬᠡᠬᠦ︾ ᠶᠢ ᠦᠨᠡᠨᠬᠦ | ᠪᠠᠲᠤᠯᠠᠬᠤ ᠬᠡᠷᠡᠭᠲᠡᠶ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ | ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠶᠯᠡᠴᠢᠯᠡᠭᠡ︾ ᠶᠢᠨ ᠲᠠᠯ᠎ᠠ ᠪᠠᠷ ᠵᠦᠢᠯ ᠵᠤᠷᠪᠤᠰ ᠢ ᠪᠠᠶᠢᠩᠭᠤᠵᠢᠭᠤᠯᠤᠨ ᠲᠣᠬᠢᠷᠠᠭᠤᠯᠬᠤ᠂ ᠬᠥᠳᠡᠯᠦᠩᠭᠦᠶ ᠪᠠᠷ | ᠬᠠᠮᠢᠶᠠᠷᠬᠤ ᠶᠢ ᠰᠠᠶᠢᠲᠤᠷ ᠬᠢᠵᠦ᠂ ᠵᠦᠢᠯ ᠵᠤᠷᠪᠤᠰ ᠤᠨ ᠮᠡᠳᠡᠭᠡ ᠵᠠᠩᠭᠢ ᠶᠢᠨ ᠣᠨᠣᠪᠴᠢᠲᠤ ᠴᠢᠨᠠᠷ ᠢ ᠪᠠᠲᠤᠯᠠᠵᠤ᠂ ︽ | ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠶᠳᠪᠦᠷᠢᠯᠡᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠲᠤᠭ᠎ᠠ | ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠬᠡᠷᠡᠭᠲᠡᠶ᠃ ᠬᠤᠳᠠᠯᠳᠤᠭ᠎ᠠ | ᠡᠷᠬᠢᠯᠡᠬᠦ ᠦᠨᠡᠯᠡᠯᠲᠡ ᠶᠢᠨ ᠠᠵᠢᠯ ᠢ ᠰᠠᠶᠢᠲᠤᠷ ᠬᠢᠵᠦ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠠᠮᠢᠶ᠎ᠠ ᠪᠦᠬᠦᠢ | ᠰᠠᠯᠠᠭ᠎ᠠ ᠮᠥᠴᠢᠷ ᠢ ᠱᠠᠯᠠᠪᠳᠠᠭᠤᠯᠤᠨ ᠡᠯ᠎ᠡ ᠵᠦᠢᠯ ᠤᠨ ᠡᠭᠦᠷᠭᠡ ᠪᠠᠨ ᠦᠳᠳᠡᠷ ᠲᠦᠷᠭᠡᠨ ᠪᠡᠶᠡᠯᠡᠭᠦᠯᠵᠦ᠂ | ᠳᠤᠲᠠᠭᠤᠳᠠᠯ ᠢᠶᠠᠨ ᠨᠥᠬᠦᠪᠥᠷᠢᠯᠡᠨ᠂ ᠮᠠᠨ ᠤ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ | ᠦᠨᠡᠨ ᠪᠣᠳᠠᠲᠠᠢ ᠬᠢᠷᠢ ᠲᠦᠪᠰᠢᠨ ᠢ ᠢᠯᠡᠷᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ᠬᠦᠮᠦᠰ ᠤᠨ ᠮᠠᠨ ᠤ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠣᠶᠢᠯᠠᠭᠠᠬᠤ ᠬᠡᠮᠵᠢᠶ᠎ᠡ ᠶᠢ | ᠲᠠᠰᠤᠷᠠᠯᠲᠠ ᠥᠬᠡᠶ ᠨᠡᠮᠡᠭᠳᠡᠬᠦᠯᠬᠦ ᠬᠡᠷᠡᠭᠲᠡᠶ ᠬᠡᠵᠤ ᠴᠢᠬᠤᠯᠠᠴᠢᠯᠠᠵᠠᠢ᠃ | ᠲᠤᠭᠤᠷᠢᠭ ᠤᠨ ᠤᠳᠤᠷᠢᠳᠤᠯᠭ᠎ᠠ ᠸᠠᠩ ᠰᠢᠤ ᠵᠢᠤᠸᠠᠨ᠂ ᠭᠤᠤ ᠮᠢᠩ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠵᠣᠣ ᠶᠢᠨ | ᠹᠧᠩ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶ |