3 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠳᠠᠷᠤᠭ᠎ᠠ ᠲᠢᠶᠠᠨ ᠬᠤᠩ ᠮᠠᠨ ᠤ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠣᠪᠴᠢᠶ᠎ᠠ ᠶᠢᠨ ᠦᠨᠳᠦᠰᠦᠨ ᠪᠠᠶᠢᠳᠠᠯ ᠵᠢᠴᠢ 2023 ᠣᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ | ᠰᠤᠳᠤᠯᠪᠠ᠃ | | | ᠪᠠᠶᠢᠴᠠᠭᠠᠨ ᠰᠤᠳᠤᠯᠬᠤ ᠳᠤᠮᠳᠠ᠂ ᠲᠢᠶᠠᠨ ᠬᠤᠩ ᠴᠧᠩ ᠮᠠᠨ ᠤ ᠲᠤᠭᠤᠷᠢᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠠᠮᠢ ᠠᠬᠤᠶ ᠶᠢᠨ ᠠᠵᠤ ᠦᠶᠯᠡᠰ ᠤᠨ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ | ᠲᠣᠬᠢᠷᠠᠭᠤᠯᠤᠯᠲᠠ ᠶᠢ ᠨᠠᠷᠢᠨ ᠣᠶᠢᠯᠠᠭᠠᠪᠠ᠃ | ᠲᠢᠶᠠᠨ ᠬᠤᠩ ᠴᠧᠩ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ | ᠭᠦᠨᠵᠡᠭᠡᠶ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠣᠳᠣᠯ ᠢᠶᠠᠨ ᠦᠨᠡᠨ ᠬᠦ ᠴᠢᠩᠭᠠᠳᠬᠠᠵᠤ᠂ | ᠣᠲᠣ ᠶᠢᠨ ᠪᠠᠶᠢᠭ᠎ᠠ ᠰᠠᠭᠤᠷᠢᠨ ᠳᠡᠭᠡᠷ᠎ᠡ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠥᠬᠦ ᠬᠤᠲᠠ ᠶᠢᠨ | ᠲᠠᠷᠢᠶᠠᠯᠠᠩ ᠮᠠᠯ ᠠᠵᠤ ᠠᠬᠤᠶ ᠤᠨ ᠬᠥᠭᠵᠢᠯᠲᠡ ᠶᠢ ᠳᠡᠮᠵᠢᠬᠦ ᠠᠵᠠ ᠲᠣᠬᠢᠶᠠᠯ ᠢ ᠠᠮᠵᠢᠵᠤ᠂ ᠪᠠᠶᠢᠳᠠᠯ ᠢ ᠲᠠᠭᠠᠨ | ᠠᠵᠢᠯᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠪᠥᠬᠦ ᠲᠤᠭᠤᠷᠢᠭ ᠤᠨ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠨᠠᠩ ᠶᠡᠭᠡ ᠬᠥᠭᠵᠢᠯᠲᠡ ᠶᠢ ᠲᠠᠰᠤᠷᠠᠯᠲᠠ ᠥᠬᠡᠶ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ | ᠠᠵᠢᠯ ᠤᠨ ᠰᠤᠷᠲᠠᠯ ᠢᠶᠠᠨ ᠲᠠᠰᠤᠷᠠᠯᠲᠠ ᠥᠬᠡᠶ ᠬᠤᠪᠢᠷᠠᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠳᠬᠠᠵᠤ᠂ ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠬᠠᠷᠢᠯᠴᠠᠵᠤ | ᠵᠣᠬᠢᠴᠠᠭᠤᠯᠤᠨ᠂ ᠪᠠᠯᠠ ᠮᠥᠩᠭᠦ ᠪᠠ ᠲᠥᠷᠥᠯ ᠵᠦᠶᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠶᠯ ᠤᠨ | ᠬᠥᠮᠥᠷᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠶ᠃ ︽ᠨᠠᠮ ᠤᠨ ᠪᠠᠶᠢᠭᠤᠯᠤᠯᠲᠠ ᠪᠠᠷ | ᠬᠥᠭᠵᠢᠯᠲᠡ ᠶᠢ ᠬᠥᠲᠥᠯᠥᠨ ᠳᠠᠭᠠᠭᠤᠯᠬᠤ︾ ᠶᠢ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠪᠥᠬᠦ | ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠬᠢ ᠪᠠᠶᠠᠯᠢᠭ ᠢ | ᠵᠦᠶ ᠵᠣᠬᠢᠰᠲᠠᠶ ᠲᠣᠬᠢᠷᠠᠭᠤᠯᠵᠤ᠂ ᠲᠠᠷᠢᠶᠠᠯᠠᠩ ᠤᠨ ᠠᠵᠤ ᠦᠶᠯᠡᠰ ᠤᠨ ᠡᠷᠴᠢᠮᠵᠢᠭᠰᠡᠨ᠂ ᠬᠡᠪᠴᠢᠶᠡᠵᠢᠭᠰᠡᠨ | ᠬᠥᠭᠵᠢᠯᠲᠡ ᠶᠢ ᠠᠬᠢᠭᠤᠯᠵᠤ᠂ ᠭᠤᠤᠯᠯᠠᠬᠤ ᠠᠵᠤ ᠦᠶᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠣᠲᠣ | ᠦᠶ᠎ᠡ ᠶᠢᠨ ᠡᠵᠡᠩᠨᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ᠠᠮᠢ ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠬᠡᠷᠡᠭᠲᠡᠶ | ᠃ ︽ᠬᠤᠷᠢᠭ᠎ᠠ ᠱᠤᠭᠤᠮ ᠢ ᠰᠠᠬᠢᠬᠤ᠂ ᠬᠥᠭᠵᠢᠯᠲᠡ ᠶᠢ ᠠᠳᠬᠤᠬᠤ᠂ ᠬᠥᠭᠵᠢᠯ ᠮᠠᠨᠳᠤᠯ ᠢ ᠠᠬᠢᠭᠤᠯᠬᠤ︾ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠣᠰᠬᠤᠨ ᠤ ᠪᠠᠶᠢᠳᠠᠯ ᠢ | ᠦᠨᠳᠦᠰᠦᠯᠡᠨ ᠠᠷᠭ᠎ᠠ ᠪᠤᠳᠤᠯᠭ᠎ᠠ ᠬᠡᠷᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠲᠣᠰᠬᠤᠨ ᠢ ᠪᠦᠬᠦ ᠣᠷᠣᠨ ᠪᠦᠰᠡ ᠪᠠᠷ ᠡᠭᠦᠳᠦᠨ ᠪᠠᠶᠢᠭᠤᠯᠬᠤ ᠶᠢ ᠠᠬᠢᠭᠤᠯᠵᠤ᠂ ︽ᠨᠤᠲᠤᠭ ᠤᠨ | ᠦᠨᠦᠷ ᠠᠮᠲᠠ ᠶᠢᠨ ᠲᠦᠷᠦᠯ ᠲᠡᠮᠳᠡᠭ︾ ᠢ ᠡᠭᠦᠳᠬᠦ ᠪᠠᠷ ᠳᠠᠮᠵᠢᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠤᠨ ᠨᠢᠭᠡ ᠪᠦᠯᠦᠭ ᠤᠨᠴᠠᠯᠢᠬᠳᠤ ᠲᠠᠷᠢᠶᠠᠴᠢᠨ ᠠᠶᠢᠯ ᠤᠨ ᠵᠢᠭᠤᠯᠴᠢᠯᠠᠯ᠂ ᠤᠨᠴᠠᠯᠢᠬᠳᠤ ᠲᠤᠰᠬᠤᠨ ᠢ | ᠬᠥᠭᠵᠢᠭᠦᠯᠵᠦ᠂ ᠵᠢᠭᠤᠯᠴᠢᠯᠠᠯ ᠤᠨ ᠠᠵᠤ ᠦᠢᠯᠡᠰ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠰᠢᠨ᠎ᠡ ᠬᠥᠳᠡᠯᠭᠡᠭᠦᠷ ᠪᠣᠯᠭᠠᠬᠤ ᠬᠡᠷᠡᠭᠲᠡᠢ᠃ ᠤᠬᠠᠮᠰᠠᠷ ᠠᠴᠠ ᠪᠠᠨ ᠵᠠᠬ᠎ᠠ ᠳᠡᠯᠭᠡᠭᠦᠷ ᠤᠨ ᠠᠵᠤ | ᠠᠬᠤᠶ ᠶᠢᠨ ᠵᠢᠮ᠎ᠡ ᠶᠣᠰᠣ ᠪᠠᠷ ᠠᠵᠢᠯ ᠢᠶᠠᠨ ᠥᠷᠨᠢᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ | ᠴᠤᠤᠷᠢᠶ᠎ᠡ ᠵᠡᠷᠭᠡ ᠰᠢᠨ᠎ᠡ ᠬᠡᠯᠪᠡᠷᠢ ᠶᠢᠨ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢᠶᠠᠷ ᠳᠠᠮᠵᠢᠭᠤᠯᠤᠨ᠂ ᠮᠠᠨ ᠤ | ᠲᠤᠭᠤᠷᠢᠭ ᠤᠨ ︽ᠨᠤᠲᠤᠭ ᠤᠨ ᠦᠨᠦᠷ ᠠᠮᠲᠠ ᠶᠢᠨ ᠲᠦᠷᠦᠯ ᠲᠡᠮᠳᠡᠭ︾ ᠢ ᠦᠷᠭᠦᠯᠵᠢᠯᠡᠨ ᠠᠯᠳᠠᠷᠰᠢᠭᠤᠯᠬᠤ | ᠬᠡᠷᠡᠭᠲᠡᠶ᠃ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠶᠢ ᠶᠡᠭᠡ ᠪᠠᠷ ᠠᠬᠢᠭᠤᠯᠵᠤ᠂ | ᠪᠦᠲᠦᠮᠵᠢᠲᠡᠢ ᠰᠢᠯᠢᠳᠡᠭᠵᠢᠭᠦᠯᠦᠨ ᠲᠤᠬᠢᠷᠠᠭᠤᠯᠵᠤ᠂ ᠠᠵᠤ ᠠᠬᠤᠢ᠂ ᠨᠡᠶᠢᠭᠡᠮ᠂ ᠡᠬᠢ ᠪᠠᠶᠠᠯᠢᠭ᠂ ᠣᠷᠴᠢᠨ | ᠲᠣᠭᠤᠷᠢᠨ ᠤ ᠵᠣᠬᠢᠴᠠᠩᠭᠤᠢ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠠᠪᠤᠷ ᠤᠨ ᠤᠯᠠᠷᠢᠯ ᠤᠨ | ᠲᠦᠢᠮᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠣᠭᠤᠷᠢᠨ ᠴᠠᠭᠳᠠᠵᠤ ᠰᠡᠷᠭᠡᠶᠢᠯᠡᠨ | ᠡᠵᠡᠮᠳᠡᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠠᠷᠠᠳ ᠲᠦᠮᠡᠨ ᠤ ᠠᠮᠢ | ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠤᠭᠤᠷᠢᠭ ᠤᠨ ᠳᠡᠳ᠋ ᠳᠠᠷᠤᠭ᠎ᠠ ᠸᠠᠩ ᠰᠢᠤ ᠵᠢᠤᠸᠠᠨ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ᠄ ᠵᠣᠣ ᠶᠢᠨ ᠹᠧᠩ ᠬᠢᠨᠠᠨ | ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶ |