ᠶᠡᠷᠦᠩᠬᠡᠢ ᠰᠠᠶᠢᠳ ᠯᠢ ᠴᠢᠶᠠᠩ ᠰᠣᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠪᠥᠭᠡᠳ ᠳᠤᠮᠳᠠᠳᠤ ᠭᠠᠳᠠᠭᠠᠳᠤ ᠶᠢᠨ ᠰᠣᠷᠪᠤᠯᠵᠢᠯᠠᠬᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2023/3/16
     ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 13 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠤᠷᠪᠤᠯᠵᠢᠯᠠᠬᠴᠢᠳ ᠤᠨ ᠬᠤᠷᠠᠯ ᠬᠢᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠤᠨ ᠥᠭᠦᠯᠡᠭᠴᠢ ᠸᠠᠩ ᠴᠤᠤ ᠶᠢᠨ ᠤᠷᠢᠯᠭ᠎ᠠ ᠪᠠᠷ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ ᠭᠠᠳᠠᠭᠠᠳᠤ ᠶᠢᠨ ᠰᠤᠷᠪᠤᠯᠵᠢᠯᠠᠬᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ᠂ ᠾᠧ ᠯᠢ ᠹᠧᠩ᠂ ᠵᠠᠩ ᠭᠦᠸᠧ ᠴᠢᠩ᠂ ᠯᠢᠦ ᠭᠦᠸᠧ ᠵᠦᠩ ᠣᠷᠣᠯᠴᠠᠵᠠᠢ᠃
     ᠰᠤᠷᠪᠤᠯᠵᠢᠯᠠᠬᠴᠢᠳ ᠤᠨ ᠬᠤᠷᠠᠯ ᠡᠭᠢᠯᠡᠭᠦ ᠦᠶ᠎ᠡ ᠳᠤ ᠯᠢ ᠴᠢᠶᠠᠩ᠂ ᠥᠨᠥᠳᠥᠷ ᠵᠠᠭᠤᠴᠢᠯᠠᠭᠤᠷ ᠤᠨ ᠨᠠᠶᠢᠵᠠ ᠨᠠᠷ ᠲᠠᠢ ᠠᠳᠡ ᠠᠭᠤᠯᠵᠠᠵᠤ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠡᠩ ᠲᠡᠷᠢᠭᠦᠨ ᠳᠤ ᠤᠯᠠᠨ ᠤ ᠡᠨᠡ ᠤᠳᠠᠭ᠎ᠠ ᠶᠢᠨ ᠳᠤᠮᠳᠠᠳᠤ ᠤᠯᠤᠰ ᠤᠨ ᠬᠤᠶᠠᠷ ᠬᠤᠷᠠᠯ ᠢ ᠮᠡᠳᠡᠭᠡᠯᠡᠬᠦ ᠶᠢᠨ ᠲᠥᠯᠥᠭᠡ ᠭᠠᠷᠭᠠᠭᠰᠠᠨ ᠶᠠᠳᠠᠷᠠᠯ ᠵᠦᠳᠡᠷᠡᠯ ᠳᠤ ᠲᠠᠯᠠᠷᠬᠠᠵᠤ ᠪᠠᠶᠢᠨ᠎ᠠ ᠭᠡᠵᠦ ᠬᠡᠯᠡᠪᠡ᠃ ᠯᠢ ᠴᠢᠶᠠᠩ᠂ ᠪᠢᠳᠡ ᠨᠠᠮ ᠪᠣᠯᠣᠨ ᠠᠷᠠᠳ ᠲᠦᠮᠡᠨ ᠤ ᠢᠲᠡᠭᠡᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠭᠡᠷᠡᠯᠲᠡᠢ ᠭᠡᠳᠡᠭ ᠢ ᠴᠦ ᠭᠦᠨᠵᠡᠭᠡᠢ ᠣᠶᠢᠯᠠᠭᠠᠵᠤ ᠪᠠᠶᠢᠨ᠎ᠠ᠃ ᠪᠢᠳᠡ ᠯᠠᠪᠲᠠᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠭᠡᠨ ᠤᠯᠠᠨ ᠠᠷᠠᠳ ᠲᠦᠮᠡᠨ  ᠳᠤ ᠴᠢᠩᠭ᠎ᠠ ᠲᠦᠰᠢᠭᠯᠡᠨ᠂ ᠬᠦᠴᠦᠯᠡᠨ ᠴᠢᠷᠮᠠᠶᠢᠵᠤ ᠵᠢᠳᠬᠦᠯ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠠ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠤᠬᠠᠮᠰᠠᠷ ᠢᠶᠠᠷ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ᠂ ᠨᠡᠶᠢᠲᠡ ᠶᠢᠨ ᠲᠥᠯᠥᠭᠡ ᠠᠷᠢᠭᠤᠨ ᠴᠢᠬᠡᠴᠢ ᠪᠠᠷ ᠵᠢᠳᠬᠦᠵᠦ᠂ ᠦᠨᠡᠨ ᠰᠡᠳᠬᠢᠯ ᠠᠴᠠ ᠪᠠᠨ ᠮᠡᠷᠡᠶᠢᠨ ᠵᠢᠳᠬᠦᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠶᠤᠮ ᠭᠡᠵᠦ ᠢᠯᠡᠳᠬᠡᠪᠡ᠃      ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠰᠤᠷᠪᠤᠯᠵᠢᠯᠠᠬᠴᠢ᠄ ᠡᠩ ᠲᠡᠷᠢᠭᠦᠨ ᠳᠤ ᠲᠠ ᠪᠣᠯᠣᠨ ᠳᠥᠷᠪᠡᠨ ᠳᠡᠳ᠋ ᠶᠡᠷᠦᠩᠬᠡᠢ ᠰᠠᠶᠢᠳ ᠤᠨ ᠰᠢᠨ᠎ᠡ ᠪᠠᠷ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠵᠦ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠪᠤᠯᠬᠤ ᠢᠷᠡᠭᠡᠳᠦᠢ ᠶᠢᠨ ᠲᠠᠪᠤᠨ ᠵᠢᠯ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠤᠯᠤᠰ ᠲᠤ ᠠᠪᠴᠤ ᠬᠡᠯᠡᠪᠡᠯ ᠡᠭᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠲᠤᠶᠢᠯ ᠢᠶᠠᠷ ᠠᠩᠬᠠᠷᠴᠤ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠤᠶ︖ ᠶᠠᠮᠠᠷ ᠶᠠᠮᠠᠷ ᠠᠵᠢᠯ ᠤᠨ ᠭᠤᠣᠯᠳᠠᠯᠭ᠎ᠠ ᠪᠠᠶᠢᠬᠤ ᠪᠤᠶ︖ ᠠᠵᠢᠯ ᠢᠶᠠᠨ ᠬᠡᠷᠬᠢᠨ ᠥᠷᠨᠢᠭᠦᠯᠬᠦ ᠪᠤᠢ︖      ᠯᠢ ᠴᠢᠶᠠᠩ᠄ ᠲᠠᠨ ᠤ ᠪᠠᠶᠠᠷ ᠬᠦᠷᠭᠡᠭᠰᠡᠨ ᠳᠤ ᠲᠠᠯᠠᠷᠬᠠᠵᠤ ᠪᠠᠶᠢᠨ᠎ᠠ᠂ ᠲᠠ ᠤᠯᠠᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃      ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠨ ᠤ ᠤᠯᠤᠰ ᠤᠨ ᠬᠤᠶᠢᠰᠢᠳᠠ ᠶᠢᠨ ᠲᠠᠪᠤᠨ ᠵᠢᠯ ᠪᠠ ᠨᠡᠩ ᠤᠷᠳᠤ ᠬᠤᠭᠤᠴᠠᠭᠠᠨ ᠤ ᠬᠥᠭᠵᠢᠯᠲᠡ ᠳᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠂ ᠤᠯᠠᠨ ᠢᠶᠠᠷ ᠢᠶᠠᠨ ᠨᠡᠯᠢᠶᠡᠳ ᠰᠡᠳᠬᠢᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠬᠠᠢ ᠴᠥᠮ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ ᠲᠣᠳᠣᠷᠬᠠᠢ ᠬᠠᠷᠢᠭᠤᠯᠲᠠ ᠣᠯᠵᠤ ᠴᠢᠳᠠᠬᠤ ᠶᠤᠮ᠃      ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ᠂ ᠯᠠᠪᠳᠠᠭᠤᠨ ᠪᠠᠲᠤᠲᠠᠢ ᠪᠠᠷ ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃      ᠬᠤᠶᠢᠰᠢᠳᠠ ᠶᠢᠨ ᠠᠵᠢᠯ ᠤᠨ ᠳᠤᠮᠳᠠ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ ᠪᠣᠯᠣᠨ᠎ᠠ᠄      ᠨᠢᠭᠡᠳᠦᠭᠡᠷ ᠲᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠨ᠎ᠠ᠃ ᠦᠨᠡᠨ ᠢ ᠬᠡᠯᠡᠪᠡᠯ᠂ ᠨᠠᠮ ᠪᠠ ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ ᠲᠦᠮᠡᠨ ᠳᠤ ᠪᠤᠶᠠᠨ ᠦᠢᠯᠡᠳᠭᠦ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ ᠮᠥᠨ︾ ᠭᠡᠵᠦ ᠬᠡᠯᠡᠵᠦ ᠥᠩᠭᠡᠷᠡᠪᠡ᠃ ᠪᠢᠳᠡ ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ︽ᠠᠷᠠᠳ ᠲᠦᠮᠡᠨ︾ ᠭᠡᠳᠡᠭ ᠦᠭᠡ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ  ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠤᠰᠤᠳᠴᠢ ᠪᠠᠷ ᠶᠠᠷᠢᠪᠠᠯ᠂ ᠵᠣᠩᠬᠢᠯᠠᠬᠤ ᠤᠯᠠᠨ ᠲᠣᠭᠠᠨ ᠤ ᠠᠷᠠᠳ ᠲᠦᠮᠡᠨ GDP ᠶᠢᠨ ᠨᠡᠮᠡᠭᠳᠡᠯ ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ᠂ ᠤᠯᠠᠨ ᠢᠶᠠᠷ ᠢᠶᠠᠨ ᠣᠷᠣᠨ ᠰᠠᠭᠤᠴᠠ᠂ ᠠᠵᠢᠯ ᠣᠯᠭᠤᠯᠲᠠ᠂ ᠣᠷᠣᠯᠭ᠎ᠠ᠂ ᠰᠤᠷᠭᠠᠨ ᠬᠥᠮᠦᠵᠢᠯ᠂ ᠡᠪᠡᠳᠴᠢᠨ ᠦᠵᠡᠭᠦᠯᠭᠦ᠂ ᠠᠮᠢ ᠠᠬᠤᠢ ᠣᠷᠴᠢᠨ ᠲᠣᠭᠤᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠢᠶᠠᠨ ᠨᠡᠩ ᠠᠩᠬᠠᠷᠴᠤ ᠪᠠᠶᠢᠳᠠᠭ᠃ ᠵᠠᠰᠠᠭ ᠤᠨ ᠣᠷᠳᠣᠨ ᠤ ᠠᠵᠢᠯ ᠪᠣᠯ ᠠᠷᠠᠳ ᠣᠯᠠᠨ ᠤ ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ ᠪᠠᠶᠢᠭᠠᠳ ᠲᠥᠯᠥᠪᠯᠡᠭᠡ ᠬᠢᠵᠦ ᠠᠬᠢᠭᠤᠯᠵᠤ᠂ ᠠᠷᠠᠳ ᠲᠦᠮᠡᠨ ᠬᠦᠰᠡᠯ ᠡᠷᠡᠮᠡᠯᠵᠡᠯ ᠲᠠᠢ ᠪᠠᠶᠢᠪᠠᠯ ᠵᠠᠰᠠᠭ ᠤᠨ ᠣᠷᠳᠣᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠣᠨ᠎ᠠ᠃      ᠬᠤᠶᠠᠳᠤᠭᠠᠷ ᠲᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠨᠡ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠭᠰᠠᠨ ᠪᠤᠯᠪᠠᠴᠤ ᠬᠥᠭᠵᠢᠯᠲᠡ ᠮᠥᠨ ᠲᠡᠩᠴᠡᠭᠦᠷᠢ ᠦᠭᠡᠢ᠂ ᠭᠦᠢᠴᠡᠳ ᠪᠤᠰᠤ ᠪᠠᠶᠢᠨ᠎ᠠ᠃ ᠶᠠᠮᠠᠷᠪᠠ ᠨᠢᠭᠡ ᠶᠡᠷᠦᠩᠬᠡᠢ ᠬᠡᠮᠵᠢᠶᠡᠨ ᠤ ᠭᠦᠢᠴᠡᠳᠬᠡᠯ ᠲᠤᠭ᠎ᠠ ᠶᠢ 14 ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ᠂ ᠬᠥᠮᠥᠨ ᠳᠤᠮᠳᠠᠴᠢ ᠶᠢᠨ ᠬᠢᠷᠢ ᠬᠡᠮᠵᠢᠶ᠎ᠡ ᠨᠢ ᠴᠥᠮ ᠨᠡᠯᠢᠶᠡᠳ ᠬᠢᠵᠠᠭᠠᠷ ᠲᠠᠢ ᠪᠠᠶᠢᠳᠠᠭ᠃ ᠤᠳᠤ᠂ ᠮᠠᠨ ᠤ ᠬᠥᠭᠵᠢᠯᠲᠡ ᠶᠢᠨ ᠣᠯᠠᠩᠬᠢ ᠨᠢ ᠵᠥᠪᠭᠡᠨ ︽ᠪᠠᠶᠢᠬᠤ ᠡᠰᠡᠬᠦ︾ ᠠᠰᠠᠭᠤᠳᠠᠯ ᠢ ᠯᠠ ᠰᠢᠢᠳᠪᠦᠷᠢᠯᠡᠵᠦ ᠪᠠᠶᠢᠨ᠎ᠠ᠂ ᠲᠠᠷᠠᠭᠠᠴᠢ ᠶᠢᠨ ᠠᠯᠬᠤᠮ ᠳᠤ ︽ᠰᠠᠶᠢᠨ ᠡᠰᠡᠬᠦ︾ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ᠂ ᠢᠯᠠᠩᠭᠤᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ᠃ ᠶᠡᠷᠦᠩᠬᠡᠢ ᠳᠤᠨᠢ ᠠᠪᠴᠤ ᠬᠡᠯᠡᠪᠡᠯ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃      ᠭᠤᠷᠪᠠᠳᠤᠭᠠᠷ ᠲᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ᠃ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠪᠠᠰᠠ ᠴᠤ︽ᠥᠭᠡᠷᠡᠴᠢᠯᠡᠯᠲᠡ ᠶᠢᠨ ᠬᠤᠭᠤᠯᠠ ᠶᠢ ᠢᠳᠡᠵᠦ᠂ ᠨᠡᠭᠡᠭᠡᠯᠲᠡ ᠶᠢᠨ ᠵᠠᠮ ᠢᠶᠠᠷ ᠵᠠᠮᠨᠠᠬᠤ︾ ᠬᠡᠷᠡᠭᠲᠡᠢ᠃      ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃      ᠠᠮᠧᠷᠢᠺᠠ ᠶᠢᠨ ᠬᠡᠷᠡᠭᠯᠡᠭᠴᠢᠳ ᠤᠨ ᠰᠣᠨᠢᠨ ᠮᠡᠳᠡᠭᠡ ᠪᠣᠯᠣᠨ ᠬᠤᠳᠠᠯᠳᠤᠭᠠᠨ ᠤ ᠰᠤᠪᠠᠭ ᠤᠨ ᠰᠤᠷᠪᠤᠯᠵᠢᠯᠠᠬᠴᠢ᠄ ᠡᠨᠡ ᠵᠢᠯ ᠪᠣᠯ ᠳᠤᠮᠳᠠᠳᠤ ᠤᠯᠤᠰ ᠤᠨ ᠬᠢᠵᠢᠭ ᠤᠨ ᠪᠠᠶᠢᠳᠠᠯ ᠤᠨ ᠤᠷᠭᠢᠯ ᠤᠨ ᠬᠤᠭᠤᠴᠠᠭ᠎ᠠ ᠥᠩᠭᠡᠷᠡᠭᠰᠡᠨ ᠤ ᠳᠠᠷᠠᠭᠠᠬᠢ ᠲᠦᠷᠦᠭᠦᠦ ᠵᠢᠯ ᠪᠣᠯᠣᠨ᠎ᠠ᠂ ᠮᠠᠰᠢ ᠤᠯᠠᠨ ᠬᠥᠮᠥᠰ ᠤᠨ ᠵᠢᠱᠢᠭᠰᠡᠨ ᠢᠶᠠᠷ ᠪᠣᠯ ᠠᠵᠤ ᠠᠬᠤᠢ ᠣᠬᠤᠷᠬᠠᠨ ᠬᠤᠭᠤᠴᠠᠭᠠᠨ ᠳᠤ ᠲᠠᠭᠢᠨ ᠨᠡᠮᠡᠭᠳᠡᠬᠦ ᠪᠣᠯᠣᠨ᠎ᠠ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠡ ᠠᠪᠴᠤ ᠪᠦᠭᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠪᠠᠷ ᠪᠠᠶᠢᠭ᠎ᠠ ᠪᠤᠢ︖ ᠳᠤᠮᠳᠠᠳᠤ ᠤᠯᠤᠰ ᠤᠨ ᠠᠵᠤ ᠠᠬᠤᠢ ᠡᠨᠡ ᠵᠢᠯ ᠵᠢᠴᠢ ᠳᠠᠷᠠᠭᠠᠴᠢ ᠶᠢᠨ ᠲᠠᠪᠤᠨ ᠵᠢᠯ ᠳᠤ ᠶᠠᠮᠠᠷ ᠶᠠᠮᠠᠷ ᠠᠰᠢᠭᠲᠠᠢ ᠪᠠ ᠠᠰᠢᠭ ᠦᠭᠡᠢ ᠬᠦᠴᠦᠨ ᠵᠦᠢᠯ ᠳᠤ ᠲᠤᠯᠭᠠᠷᠠᠬᠤ ᠪᠤᠢ︖ ᠢᠷᠡᠭᠡᠳᠦᠢ ᠶᠢᠨ ᠲᠠᠪᠤᠨ ᠵᠢᠯ ᠳᠤ ᠳᠤᠮᠳᠠᠳᠤ ᠤᠯᠤᠰ ᠶᠠᠮᠠᠷ ᠲᠦᠷᠦ ᠶᠢᠨ ᠪᠣᠳᠣᠯᠭ᠎ᠠ ᠠᠪᠴᠤ ᠦᠷᠭᠦᠯᠵᠢᠯᠡᠬᠦ᠂ ᠴᠢᠨᠠᠷ ᠰᠠᠶᠢᠲᠠᠢ ᠨᠡᠮᠡᠭᠳᠡᠯ ᠢ ᠳᠡᠮᠵᠢᠭᠦ ᠪᠠᠷ ᠲᠥᠯᠥᠪᠯᠡᠵᠦ ᠪᠠᠶᠢᠬᠤ ᠪᠤᠢ︖ ᠣᠶᠢᠷ᠎ᠠ ᠶᠢᠨ ᠬᠡᠳᠦᠨ ᠵᠢᠯ ᠳᠤ ᠳᠤᠮᠳᠠᠳᠤ ᠤᠯᠤᠰ ᠤᠨ ᠥᠷᠢ ᠥᠭᠴᠡᠭᠡ᠂ ᠬᠥᠷᠥᠩᠭᠡ ᠶᠢᠨ ᠡᠮᠬᠢ ᠵᠠᠮᠪᠠᠷᠠᠭ᠎ᠠ ᠦᠭᠡᠢ ᠲᠡᠯᠡᠯᠲᠡ ᠵᠡᠷᠭᠡ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ ᠠᠷᠭᠠᠴᠠᠭᠠᠬᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠨᠢ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠶ︖      ᠯᠢ ᠴᠢᠶᠠᠩ᠄ ᠡᠨᠡ ᠰᠤᠷᠪᠤᠯᠵᠢᠯᠠᠬᠴᠢ ᠨᠠᠶᠢᠵᠠ ᠲᠣᠭᠢᠶᠠᠯ ᠢ ᠮᠠᠰᠢ ᠰᠠᠶᠢᠨ ᠠᠳᠬᠤᠵᠤ ᠪᠠᠶᠢᠨ᠎ᠠ᠂ ᠮᠢᠨᠤ ᠲᠡᠮᠳᠡᠭᠯᠡᠭᠰᠡᠨ ᠢᠶᠠᠷ ᠲᠠ ᠨᠢᠭᠡ ᠯᠡ ᠠᠮᠢᠰᠬᠤᠭ᠎ᠠ ᠪᠠᠷ 4 ᠠᠰᠠᠭᠤᠳᠠᠯ ᠳᠤᠷᠠᠳᠴᠤ᠂ 6 ᠲᠠᠯ᠎ᠠ ᠶᠢᠨ ᠠᠭᠤᠯᠭ᠎ᠠ ᠳᠤ ᠬᠤᠯᠪᠣᠭᠳᠠᠵᠠᠢ᠃ ᠴᠠᠭ ᠤᠨ ᠬᠠᠷᠠᠭ᠎ᠠ ᠠᠴᠠ ᠪᠣᠯᠵᠤ ᠪᠢ ᠵᠥᠪᠭᠡᠨ ᠭᠤᠣᠯᠳᠠᠯᠭ᠎ᠠ ᠶᠢ ᠨᠢ ᠰᠣᠩᠭᠤᠵᠤ ᠬᠠᠷᠢᠭᠤᠯᠲᠠ ᠦᠭᠭᠦᠶ᠎ᠠ᠃      ᠡᠨᠡ ᠵᠢᠯ ᠤᠨ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠶᠡᠷᠦᠩᠬᠡᠢ ᠳᠡᠭᠡᠨ ᠲᠡᠶᠢᠮᠦ ᠰᠠᠶᠢᠨ ᠪᠢᠰᠢ᠂ ᠲᠣᠭᠲᠠᠭᠤᠨ ᠪᠤᠰᠤ᠂ ᠲᠣᠬᠲᠠᠯᠭᠠᠳᠤ ᠪᠤᠰᠤ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠯᠢᠶᠡᠳ ᠤᠯᠠᠨ ᠪᠠᠶᠢᠨ᠎ᠠ᠂ ᠨᠡᠮᠡᠭᠳᠡᠯ ᠢ ᠬᠡᠷᠬᠢᠨ ᠲᠣᠭᠲᠠᠭᠤᠨ ᠪᠠᠶᠢᠯᠭᠠᠬᠤ ᠨᠢ ᠳᠡᠯᠡᠬᠡᠢ ᠶᠢᠨ ᠡᠯ᠎ᠡ ᠤᠯᠤᠰ ᠲᠤ ᠠᠪᠴᠤ ᠬᠡᠯᠡᠪᠡᠯ ᠴᠥᠮ ᠨᠢᠭᠡᠨ ᠰᠢᠯᠭᠠᠯᠲᠠ ᠪᠤᠯᠬᠤ ᠶᠤᠮ᠃ ᠡᠨᠡ ᠵᠢᠯ᠂ ᠳᠤᠮᠳᠠᠳᠤ ᠤᠯᠤᠰ ᠤᠨ ᠠᠵᠤ ᠠᠬᠤᠢ ᠶᠢᠨ ᠵᠢᠱᠢᠭᠰᠡᠨ ᠨᠡᠮᠡᠭᠳᠡᠯ ᠤᠨ ᠬᠠᠷᠠᠯᠲᠠ ᠶᠢ 5 % ᠣᠷᠴᠢᠮ ᠢᠶᠠᠷ ᠲᠣᠭᠲᠠᠭᠠᠪᠠ᠂ ᠡᠭᠦᠨ ᠢ ᠪᠢᠳᠡ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠤ ᠲᠠᠷᠠᠭ᠎ᠠ ᠲᠣᠭᠲᠠᠭᠠᠭᠰᠠᠨ ᠶᠤᠮ᠃ ᠬᠡᠯᠡᠯᠭᠡᠨ ᠦᠭᠡᠢ᠂ ᠳᠤᠮᠳᠠᠳᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢᠭᠡᠨᠲᠡ 120 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠠᠭᠤᠷᠢ ᠲᠤᠭ᠎ᠠ ᠨᠢ ᠮᠠᠰᠢ ᠥᠨᠳᠥᠷ ᠪᠣᠯᠵᠠᠢ᠂ ᠡᠭᠦᠨ ᠤ ᠳᠡᠭᠡᠷ᠎ᠡ ᠡᠨᠡ ᠵᠢᠯ ᠤᠨ ᠰᠢᠨ᠎ᠡ ᠥᠷᠢᠰᠦᠯᠳᠦᠭᠡᠨ ᠪᠠᠭ᠎ᠠ ᠪᠤᠰᠤ ᠪᠠᠶᠢᠨ᠎ᠠ᠂ 5 % ᠣᠷᠴᠢᠮ ᠤᠨ ᠨᠡᠮᠡᠭᠳᠡᠯ ᠢ ᠪᠡᠶᠡᠯᠡᠭᠦᠯᠬᠦ ᠳᠤ ᠲᠡᠶᠢᠮᠦ ᠠᠮᠠᠷᠬᠠᠨ ᠪᠢᠰᠢ᠂ ᠬᠤᠪᠢ ᠲᠠᠭᠢᠨ ᠴᠢᠷᠮᠠᠶᠢᠬᠤ ᠴᠢᠬᠤᠯᠠᠲᠠᠢ ᠶᠤᠮ᠃      ᠬᠤᠯᠪᠣᠭᠳᠠᠯ ᠪᠦᠬᠦᠢ ᠪᠣᠳᠠᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠳᠤᠨᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠨᠢᠭᠡᠨᠲᠡ ᠪᠦᠭᠦ ᠲᠠᠯ᠎ᠠ ᠪᠠᠷ ᠪᠠᠶᠢᠷᠢᠯᠠᠭᠤᠯᠵᠠᠢ᠂ ᠡᠭᠦᠨ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠪᠣᠯ ᠦᠨᠳᠦᠰᠦᠨ ᠬᠠᠨᠳᠤᠰᠢ ᠪᠣᠯᠣᠨ᠎ᠠ᠃ ᠲᠣᠭᠲᠠᠭᠤᠨ ᠪᠠᠶᠢᠯᠭᠠᠬᠤ ᠶᠢᠨ ᠭᠤᠣᠯᠳᠠᠯᠭ᠎ᠠ ᠨᠢ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠶᠠᠪᠤᠳᠠᠯ ᠪᠤᠯᠤᠨ᠎ᠠ︔ ᠤᠷᠤᠭᠰᠢᠯᠠᠨ ᠲᠠᠪᠰᠢᠬᠤ ᠳᠤ ᠵᠠᠩᠭᠢᠯᠠᠭ᠎ᠠ ᠨᠢ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ ᠲᠠᠪᠰᠢᠯᠳᠠ ᠲᠠᠢ ᠪᠤᠯᠬᠤ ᠳᠤ ᠪᠠᠶᠢᠨ᠎ᠠ᠃ ᠪᠣᠳᠠᠲᠠᠢ ᠪᠠᠷ ᠬᠡᠯᠡᠪᠡᠯ᠂ ᠪᠢ ᠣᠨᠴᠠᠭᠠᠶᠢᠯᠠᠨ ᠬᠡᠳᠦᠨ ᠶᠠᠪᠤᠳᠠᠯ ᠢ ᠰᠠᠶᠢᠲᠤᠷ ᠬᠢᠬᠦ ᠰᠠᠨᠠᠭ᠎ᠠ ᠲᠠᠢ᠂ ᠥᠭᠡᠷ᠎ᠡ ᠪᠠᠷ ᠬᠡᠯᠡᠪᠡᠯ ᠡᠶᠢᠮᠦ ᠬᠡᠳᠦᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠢᠨ᠎ᠡ᠄ ᠨᠢᠭᠡ ᠳᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ᠂ ᠬᠤᠶᠠᠷ ᠲᠤ᠂ ᠬᠡᠷᠡᠭᠴᠡᠭᠡ ᠶᠢ ᠥᠷᠭᠡᠳᠬᠡᠬᠦ ᠬᠠᠮ ᠠᠷᠭ᠎ᠠ ᠬᠡᠮᠵᠢᠶ᠎ᠡ᠂ ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠬᠠᠮ ᠠᠷᠭ᠎ᠠ ᠬᠡᠮᠵᠢᠶ᠎ᠡ᠂ ᠳᠥᠷᠪᠡ ᠳᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠮ ᠠᠷᠭ᠎ᠠ ᠬᠡᠮᠵᠢᠶ᠎ᠡ ᠪᠣᠯᠣᠨ᠎ᠠ᠃ ᠡᠳᠡᠭᠡᠷ ᠬᠠᠮ ᠠᠷᠭ᠎ᠠ ᠬᠡᠮᠵᠢᠶ᠎ᠡ ᠨᠢ ᠴᠥᠮ ᠪᠣᠳᠠᠲᠠᠢ ᠠᠭᠤᠯᠤᠭᠳᠠᠬᠤᠨ ᠲᠠᠢ ᠪᠠᠶᠢᠵᠤ᠂ ᠵᠠᠷᠢᠮ ᠢ ᠨᠢ ᠪᠠᠰᠠ ᠦᠢᠯᠡᠳᠦᠯᠭᠡ ᠶᠢᠨ ᠬᠡᠷᠡᠭᠴᠡᠭᠡ ᠶᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠬᠢᠷᠠᠭᠤᠯᠤᠨ ᠲᠡᠭᠦᠯᠳᠡᠷᠵᠢᠭᠦᠯᠦᠨ᠎ᠡ᠃      ᠰᠠᠶ᠋ᠢᠬᠠᠨ ᠡᠨᠡ ᠰᠤᠷᠪᠤᠯᠵᠢᠯᠠᠬᠴᠢ ᠨᠠᠶᠢᠵᠠ ᠠᠰᠢᠭᠲᠠᠢ ᠪᠠ ᠠᠰᠢᠭ ᠦᠭᠡᠢ ᠬᠦᠴᠦᠨ ᠵᠦᠢᠯ ᠤᠨ ᠠᠰᠠᠭᠤᠳᠠᠯ ᠢ ᠠᠰᠠᠭᠤᠵᠠᠢ᠃ ᠳᠤᠮᠳᠠᠳᠤ ᠤᠯᠤᠰ ᠤᠨ ᠬᠥᠭᠵᠢᠯᠲᠡ ᠳᠤ ᠦᠨᠡᠬᠡᠷ ᠮᠠᠰᠢ ᠤᠯᠠᠨ ᠳᠠᠪᠠᠭᠤᠯᠢᠭ ᠨᠥᠬᠦᠴᠡᠯ ᠪᠤᠢ᠂ ᠵᠢᠱᠢᠶᠡᠯᠡᠪᠡᠯ᠂ ᠵᠠᠬ᠎ᠠ ᠳᠡᠯᠭᠡᠭᠦᠷ ᠤᠨ ᠬᠡᠪᠴᠢᠶ᠎ᠡ ᠯᠤᠲᠤ ᠶᠡᠭᠡ᠂ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠰᠠᠭᠤᠷᠢ ᠵᠤᠵᠠᠭᠠᠨ ᠵᠡᠷᠭᠡ ᠪᠤᠢ᠂ ᠨᠡᠩ ᠴᠢᠬᠤᠯᠠ ᠨᠢ ᠪᠠᠶᠢᠭᠤᠯᠤᠯ ᠤᠨ ᠳᠠᠪᠠᠭᠤᠯᠢᠭ ᠢᠯᠡᠳᠲᠡ ᠪᠠᠶᠢᠬᠤ ᠶᠠᠪᠤᠳᠠᠯ ᠪᠣᠯᠣᠨ᠎ᠠ᠃ ᠬᠦᠴᠢᠷ ᠪᠡᠷᠬᠡᠰᠢᠶᠡᠯ ᠤᠨ ᠲᠤᠬᠠᠢ ᠭᠡᠪᠡᠯ ᠤᠯᠠᠨ ᠢᠶᠠᠷ ᠢᠶᠠᠨ ᠪᠦᠷ ᠬᠦᠴᠢᠷ ᠪᠡᠷᠬᠡᠰᠢᠶᠡᠯ ᠲᠠᠢ᠂ ᠡᠨᠡ ᠵᠢᠯ ᠴᠦ ᠪᠢᠳᠠᠨ ᠳᠤ ᠬᠦᠴᠢᠷ ᠪᠡᠷᠬᠡᠰᠢᠶᠡᠯ ᠪᠠᠭ᠎ᠠ ᠦᠭᠡᠢ ᠲᠤᠯᠭᠠᠷᠠᠬᠤ ᠶᠤᠮ᠂ ᠭᠡᠪᠡᠴᠦ ᠠᠯᠢ ᠴᠠᠭ ᠦᠶ᠎ᠡ᠂ ᠠᠯᠢ ᠵᠢᠯ ᠳᠤᠨᠢ ᠬᠦᠴᠢᠷ ᠪᠡᠷᠬᠡᠰᠢᠶᠡᠯ ᠦᠭᠡᠢ ᠪᠤᠢ︖ ᠪᠢᠳᠠ ᠶᠡᠷᠦ ᠠᠴᠠ ᠬᠦᠴᠢᠷ ᠪᠡᠷᠬᠡᠰᠢᠶᠡᠯ ᠢ ᠢᠯᠡᠠ ᠳᠠᠪᠠᠭ᠋ᠤ ᠶᠢᠨ ᠳᠤᠮᠳᠠ ᠰᠢᠨ᠎ᠡ ᠬᠥᠭᠵᠢᠯᠲᠡ ᠶᠢ ᠲᠡᠰᠦᠷᠡᠯᠳᠠ ᠦᠭᠡᠢ ᠪᠡᠶᠡᠯᠡᠭᠦᠯᠵᠦ ᠢᠷᠡᠭᠰᠡᠨ ᠶᠤᠮ᠃ ᠮᠠᠨ ᠤ ᠡᠨᠡ ᠦᠶ᠎ᠡ ᠶᠢᠨ ᠳᠤᠮᠳᠠᠳᠤᠴᠤᠳ ᠬᠠᠷᠠᠬᠠᠨ ᠪᠠᠭ᠎ᠠ ᠠᠴᠠ ᠪᠠᠨ ᠬᠠᠮᠤᠭ ᠤᠯᠠᠨ ᠰᠣᠨᠣᠰᠤᠭᠰᠠᠨ ᠦᠯᠢᠭᠡᠷ ᠪᠣᠯ ᠳᠠᠷᠤᠢ ᠳ᠋ᠠ ᠢᠦᠢ ᠤᠰᠤ ᠵᠠᠰᠠᠭᠰᠠᠨ᠂ ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ᠂ ᠵᠢᠩ ᠸᠧᠢ ᠳᠠᠯᠠᠢ ᠶᠢ ᠪᠥᠭᠯᠡᠭᠰᠡᠨ᠂ ᠲᠡᠨᠡᠭ ᠡᠪᠦᠭᠡᠨ ᠨᠠᠷᠠ ᠶᠢ ᠬᠥᠭᠡᠭᠡᠭᠰᠡᠨ ᠵᠡᠷᠭᠡ ᠪᠣᠯᠣᠨ᠎ᠠ᠂ ᠪᠦᠷ ᠯᠡ ᠮᠠᠰᠢ ᠶᠡᠭᠡ ᠤᠷᠮᠠᠰᠢᠭᠤᠯᠤᠨ ᠵᠣᠷᠢᠭᠵᠢᠭᠤᠯᠵᠤ᠂ ᠴᠥᠮ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠲᠡᠮᠡᠴᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠶᠠᠷᠢᠭᠰᠠᠨ ᠶᠤᠮ᠂ ᠮᠠᠨ ᠤ ᠳᠤᠮᠳᠠᠳᠤᠴᠤᠳ ᠶᠠᠮᠠᠷ ᠴᠤ ᠬᠦᠴᠢᠷ ᠪᠡᠷᠬᠡᠰᠢᠶᠡᠯ ᠳᠤ ᠳᠠᠷᠤᠭᠳᠠᠬᠤ ᠦᠭᠡᠢ ᠶᠤᠮ᠃      ᠣᠶᠢᠷ᠎ᠠ ᠶᠢᠨ ᠬᠤᠶᠠᠷ ᠰᠠᠷ᠎ᠠ ᠭᠠᠷᠤᠢ ᠶᠢᠨ ᠪᠠᠶᠢᠳᠠᠯ ᠠᠴᠠ ᠦᠵᠡᠪᠡᠯ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠳᠤ ᠲᠣᠭᠲᠠᠪᠤᠷᠢᠵᠢᠨ ᠳᠡᠭᠡᠭᠰᠢᠯᠡᠬᠦ ᠪᠠᠶᠢᠳᠠᠯ ᠭᠠᠷᠴᠤ᠂ ᠵᠠᠷᠢᠮ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠴᠤ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠲᠤᠬᠠᠢ ᠵᠢᠱᠢᠯᠲᠡ ᠪᠠᠨ ᠳᠡᠭᠡᠭᠰᠢᠯᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠢ ᠶᠢᠨ ᠢᠷᠡᠭᠡᠳᠦᠢ ᠶᠢᠨ ᠲᠤᠬᠠᠢ ᠪᠢ ︽ᠰᠠᠯᠬᠢᠨ ᠬᠦᠯᠦᠭᠯᠡᠨ ᠳᠠᠪᠠᠯᠭᠠᠨ ᠢ ᠵᠦᠰᠦᠵᠦ᠂ ᠰᠠᠷᠠᠭᠤᠯ ᠢᠷᠡᠭᠡᠳᠦᠢ ᠲᠠᠢ︾ ᠭᠡᠵᠦ ᠬᠡᠳᠦᠬᠡᠨ ᠦᠭᠡ ᠪᠠᠷ ᠬᠤᠷᠢᠶᠠᠩᠭᠤᠶᠢᠯᠠᠶ᠎ᠠ᠃ ᠡᠭᠦᠨ ᠳᠤ ᠪᠢ ᠢᠲᠡᠭᠡᠯ ᠳᠦᠭᠦᠷᠡᠩ ᠪᠠᠶᠢᠨ᠎ᠠ᠃      ᠰᠢᠶᠠᠩᠭᠠᠩ ᠤᠨ ᠹᠧᠩ ᠬᠤᠸᠠᠩ ᠣᠳᠣᠨ ᠲᠧᠯᠸᠢᠰ᠂ ᠹᠧᠩ ᠬᠤᠸᠠᠩ ᠰᠦᠯᠵᠢᠶ᠎ᠡ ᠶᠢᠨ ᠰᠤᠷᠪᠤᠯᠵᠢᠯᠠᠬᠴᠢ᠄ ᠡᠨᠡ ᠬᠡᠳᠦᠨ ᠵᠢᠯ᠂ ᠰᠢᠶᠠᠩᠭᠠᠩ ᠰᠠᠮᠠᠭᠤᠷᠠᠯ ᠠᠴᠠ ᠵᠠᠰᠠᠯᠲᠠ ᠳᠤ ᠰᠢᠯᠵᠢᠭᠦ ᠦᠨᠳᠦᠰᠦᠨ ᠴᠢᠨᠠᠷᠲᠠᠢ ᠡᠷᠭᠢᠯᠲᠡ ᠶᠢ ᠪᠡᠶᠡᠯᠡᠭᠦᠯᠪᠡ᠃ ᠰᠢᠶᠠᠩᠭᠠᠩ ᠲᠣᠭᠲᠠᠭᠤᠨ ᠪᠣᠯᠣᠯ᠎ᠠ᠂ ᠬᠥᠭᠵᠢᠯᠲᠡ ᠶᠢᠨ ᠠᠰᠠᠭᠤᠳᠠᠯ ᠪᠠᠰᠠ ᠨᠢᠳᠦᠨ ᠡᠮᠦᠨ᠎ᠡ ᠳᠡᠯᠭᠡᠭᠳᠡᠯ᠎ᠡ᠃ ᠳᠡᠯᠡᠬᠡᠢ ᠶᠢᠨ ᠤᠯᠤᠰ ᠲᠦᠷᠤ ᠠᠵᠤ ᠠᠬᠤᠢ ᠶᠢᠨ ᠪᠠᠶᠢᠳᠠᠯ ᠪᠣᠯᠣᠨ ᠣᠷᠴᠢᠨ ᠨᠥᠬᠦᠴᠡᠯ ᠤᠨ ᠬᠤᠪᠢᠷᠠᠯᠲᠠ ᠶᠢ ᠳᠠᠭᠠᠯᠳᠤᠨ ᠤᠳᠦ ᠶᠢᠨ ᠰᠢᠶᠠᠩᠭᠠᠩ ᠣᠣᠮᠧᠨ ᠤ ᠥᠷᠢᠰᠦᠯᠳᠦᠬᠦ ᠬᠦᠴᠦᠨ ᠰᠤᠯᠠᠷᠠᠵᠠᠢ ᠭᠡᠵᠦ ᠵᠠᠷᠢᠮ ᠰᠢᠭᠦᠮᠵᠢ ᠳᠤ ᠭᠠᠷᠴᠤ ᠪᠠᠶᠢᠨ᠎ᠠ᠃ ᠲᠡᠭᠡᠪᠡᠯ᠂ ᠲᠠ ᠰᠢᠶᠠᠩᠭᠠᠩ ᠣᠣᠮᠧᠨ ᠤ ᠢᠷᠡᠭᠡᠳᠦᠢ ᠶᠢᠨ ᠬᠥᠭᠵᠢᠯᠲᠡ ᠶᠢᠨ ᠢᠷᠡᠭᠡᠳᠦᠢ ᠶᠢ ᠬᠡᠷᠬᠢᠨ ᠦᠵᠡᠵᠦ ᠪᠠᠶᠢᠬᠤ ᠪᠤᠶ︖ ᠲᠥᠪ ᠤᠨ ᠵᠠᠰᠠᠭ ᠤᠨ ᠣᠷᠳᠣᠨ ᠲᠠᠷᠠᠭᠠᠴᠢ ᠶᠢᠨ ᠠᠯᠬᠤᠮ ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠪᠠᠷ ᠰᠢᠶᠠᠩᠭᠠᠩ ᠣᠣᠮᠧᠨ ᠤ ᠥᠪᠡᠷ ᠤᠨ ᠳᠠᠪᠠᠭᠤᠯᠢᠭ ᠪᠣᠯᠣᠨ ᠣᠨᠴᠠᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠨᠠᠩ ᠰᠠᠶᠢᠨ ᠬᠥᠭᠵᠢᠯᠲᠡ ᠶᠢ ᠪᠡᠶᠡᠯᠡᠭᠦᠯᠬᠦ ᠪᠤᠶ︖      ᠯᠢ ᠴᠢᠶᠠᠩ᠄ ᠲᠥᠪ ᠤᠨ ᠵᠠᠰᠠᠭ ᠤᠨ ᠣᠷᠳᠣᠨ ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠬᠤ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠃ ᠡᠬᠡ ᠤᠯᠤᠰ ᠲᠠᠭᠠᠨ ᠪᠤᠴᠠᠵᠤ ᠢᠷᠡᠭᠰᠡᠨ ᠠᠴᠠ ᠨᠠᠭᠠᠰᠢ᠂ ᠤᠯᠤᠰ ᠤᠨ ᠳᠡᠮᠵᠢᠯᠭᠡ ᠳᠣᠣᠷ᠎ᠠ᠂ ᠰᠢᠶᠠᠩᠭᠠᠩ ᠤᠨ ᠤᠯᠠᠨ ᠤᠯᠤᠰ ᠤᠨ ᠮᠥᠩᠭᠦᠨ ᠭᠦᠢᠯᠭᠡᠭᠡ᠂ ᠤᠰᠤᠨ ᠵᠠᠮ ᠤᠨ ᠲᠡᠭᠡᠭᠡᠪᠦᠷᠢ᠂ ᠠᠷᠠᠯᠵᠢᠶ᠎ᠠ ᠶᠢᠨ ᠭᠤᠷᠪᠠᠨ ᠶᠡᠭᠡ ᠲᠥᠪ ᠪᠤᠯᠬᠤ ᠪᠠᠶᠢᠷᠢ ᠰᠠᠭᠤᠷᠢ ᠨᠢ ᠪᠠᠬᠢᠵᠢᠨ ᠳᠡᠭᠡᠭᠰᠢᠯᠡᠵᠦ᠂ ᠣᠣᠮᠧᠨ ᠨᠢ ᠵᠢᠭᠤᠯᠴᠢᠯᠠᠯ ᠰᠡᠯᠡᠭᠦᠴᠡᠯ ᠤᠨ ᠲᠥᠪ ᠪᠣᠯᠤᠭᠰᠠᠨ ᠤ ᠬᠤᠪᠢ ᠳᠤ ᠳᠡᠯᠡᠬᠡᠢ ᠳᠤ ᠨᠡᠷ᠎ᠡ ᠠᠯᠳᠠᠷᠰᠢᠭᠰᠠᠨ ᠶᠤᠮ᠃      ᠣᠶᠢᠷ᠎ᠠ ᠶᠢᠨ ᠵᠢᠯ ᠤᠳ ᠲᠤ ᠡᠯ᠎ᠡ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ ᠰᠢᠶᠠᠩᠭᠠᠩ᠂ ᠣᠣᠮᠧᠨ ᠤ ᠠᠵᠤ ᠠᠬᠤᠢ ᠶᠢᠨ ᠬᠥᠭᠵᠢᠯᠲᠡ ᠡᠳᠦᠢ ᠲᠡᠳᠦᠢ ᠬᠦᠴᠢᠷᠳᠡᠯ ᠳᠤ ᠲᠤᠯᠭᠠᠷᠠᠭᠰᠠᠨ ᠪᠤᠯᠪᠠᠴᠤ ᠡᠨᠡ ᠪᠣᠯ ᠲᠦᠷ ᠴᠠᠭ ᠤᠨ ᠬᠦᠴᠢᠷᠳᠡᠯ᠂ ᠬᠥᠭᠵᠢᠯᠲᠡ ᠶᠢᠨ ᠳᠤᠮᠳᠠᠬᠢ ᠬᠦᠴᠢᠷᠳᠡᠯ ᠮᠥᠨ᠃ ᠲᠥᠪ ᠤᠨ ᠵᠠᠰᠠᠭ ᠤᠨ ᠣᠷᠳᠣᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠬᠤ ᠶᠢ ᠪᠦᠭᠦ ᠬᠦᠴᠦ ᠪᠠᠷ ᠢᠶᠠᠨ ᠳᠡᠮᠵᠢᠵᠦ᠂ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠪᠦᠭᠦ ᠬᠦᠴᠦ ᠪᠠᠷ ᠢᠶᠠᠨ ᠳᠡᠮᠵᠢᠵᠦ᠂ ᠰᠢᠶᠠᠩᠭᠠᠩ᠂ ᠣᠣᠮᠧᠨ ᠤ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠭᠦ ᠶᠢ ᠪᠦᠭᠦ ᠬᠦᠴᠦ ᠪᠠᠷ ᠢᠶᠠᠨ ᠳᠡᠮᠵᠢᠨ᠎ᠡ᠃ ᠡᠬᠡ ᠤᠯᠤᠰ ᠤᠨ ᠪᠠᠲᠤ ᠴᠢᠩᠭ᠎ᠠ ᠥᠮᠥᠭ ᠲᠦᠰᠢᠭ ᠲᠠᠢ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠪᠠᠲᠤᠯᠠᠭ᠎ᠠ ᠲᠠᠢ ᠠᠴᠠ ᠰᠢᠶᠠᠩᠭᠠᠩ᠂ ᠣᠣᠮᠧᠨ ᠤ ᠪᠠᠶᠢᠷᠢ ᠰᠠᠭᠤᠷᠢ ᠪᠠ ᠦᠢᠯᠡᠳᠦᠯ ᠴᠢᠩᠭᠠᠷᠠᠬᠤ ᠠᠴᠠ ᠪᠢᠰᠢ ᠰᠤᠯᠠᠷᠠᠬᠤ ᠦᠭᠡᠢ ᠶᠤᠮ᠃ ᠰᠢᠶᠠᠩᠭᠠᠩ᠂ ᠣᠣᠮᠧᠨ ᠤ ᠮᠠᠷᠭᠠᠰᠢ ᠯᠠᠪᠲᠠᠢ ᠨᠡᠩ ᠰᠠᠶᠢᠨ ᠰᠠᠶᠢᠬᠠᠨ ᠪᠤᠯᠬᠤ ᠶᠤᠮ︕      ᠰᠢᠩᠭᠠᠫᠤᠷ ᠤᠨ ᠬᠤᠯᠪᠣᠭᠠᠲᠤ ᠥᠷᠯᠥᠭᠡ ᠶᠢᠨ ᠰᠣᠨᠢᠨ ᠤ ᠰᠤᠷᠪᠤᠯᠵᠢᠯᠠᠬᠴᠢ᠄ ᠲᠠ ᠥᠩᠭᠡᠷᠡᠭᠰᠡᠨ ᠳᠤ ᠸᠧᠨᠵᠸᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠪᠠ᠂ ᠸᠧᠨᠵᠸᠤ ᠬᠤᠳᠠ ᠵᠢᠴᠢ ᠲᠠᠨ ᠤ ᠲᠤᠰᠢᠶᠠᠯ ᠬᠠᠷᠢᠭᠤᠴᠠᠵᠤ ᠪᠠᠶᠢᠭᠰᠠᠨ ᠵᠧᠵᠢᠶᠠᠩ᠂ ᠵᠢᠶᠠᠩᠰᠤ ᠵᠢᠴᠢ ᠱᠠᠩᠬᠠᠢ ᠨᠢ ᠪᠦᠷ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠮᠠᠰᠢ ᠬᠥᠭᠵᠢᠭᠰᠡᠨ ᠭᠠᠵᠠᠷ ᠪᠣᠯᠣᠨ᠎ᠠ᠂ ᠲᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠤᠬᠠᠢ ᠮᠠᠰᠢ ᠭᠦᠨᠵᠡᠭᠡᠢ ᠣᠶᠢᠯᠠᠭᠠᠯᠲᠠ ᠲᠠᠢ ᠪᠠᠶᠢᠳᠠᠭ᠃ ᠲᠠᠨ ᠤ ᠦᠵᠡᠬᠦ ᠪᠠᠷ ᠳᠤᠮᠳᠠᠳᠤ ᠤᠯᠤᠰ ᠪᠠᠰᠠ ᠶᠠᠮᠠᠷ ᠠᠷᠭ᠎ᠠ ᠬᠡᠮᠵᠢᠶ᠎ᠡ ᠠᠪᠴᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠭᠦ ᠪᠤᠶ︖ ᠪᠠᠰᠠ ᠠᠯᠢ ᠠᠯᠢ ᠲᠠᠯ᠎ᠠ ᠪᠠᠷ ᠬᠢᠭᠰᠡᠨ ᠨᠢ ᠭᠦᠢᠴᠡᠳ ᠦᠭᠡᠢ ᠪᠤᠢ ᠂ ᠨᠥᠬᠦᠪᠦᠷᠢᠯᠡᠬᠦ ᠴᠢᠬᠤᠯᠠ ᠲᠠᠢ ᠪᠤᠢ︖      ᠯᠢ ᠴᠢᠶᠠᠩ᠄ ᠲᠤᠰ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠭᠢᠨ ᠦᠵᠡᠬᠦ ᠳᠡᠭᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠭᠦᠭᠵᠢᠭᠦ᠂ ᠴᠢᠨᠠᠷ ᠰᠠᠶᠢᠲᠠᠢ ᠭᠦᠭᠵᠢᠭᠦ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠬᠠᠯᠠᠭᠤᠨ ᠲᠤᠰᠬᠠᠯ ᠭᠠᠷᠪᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠲᠤᠶᠢᠯ ᠢᠶᠠᠷ ᠤᠷᠮᠠᠰᠢᠨ ᠵᠣᠷᠢᠭᠵᠢᠵᠤ᠂ ᠬᠥᠭᠰᠡᠨ ᠲᠤᠬᠳᠤᠯᠤᠬᠰᠠᠨ ᠢ ᠲᠠ ᠪᠦᠭᠦᠳᠡᠭᠡᠷ ᠯᠠᠪ ᠣᠯᠵᠤ ᠠᠩᠬᠠᠷᠤᠭᠰᠠᠨ ᠪᠠᠶᠢᠬᠤ ᠠ᠋᠃      ᠪᠢ ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠣᠷᠣᠨ ᠳᠤ ᠤᠷᠳᠤ ᠬᠤᠭᠤᠴᠠᠭ᠎ᠠ ᠪᠠᠷ ᠠᠵᠢᠯᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠲᠠᠢ ᠰᠠᠨᠠᠯ ᠢᠶᠠᠨ ᠰᠣᠯᠢᠯᠴᠠᠬᠤ ᠲᠣᠭᠢᠶᠠᠯ ᠦᠷᠭᠦᠯᠵᠢ ᠭᠠᠷᠳᠠᠭ᠂ ᠲᠡᠳᠡᠨ ᠤ ᠬᠥᠭᠵᠢᠯᠲᠡ ᠶᠢᠨ ᠶᠠᠪᠤᠴᠠ ᠳᠠᠬᠢ ᠬᠦᠰᠡᠯ ᠡᠷᠡᠮᠡᠯᠵᠡᠯ ᠪᠣᠯᠣᠨ ᠡᠷᠡᠭᠡᠯᠵᠡᠯ ᠢ ᠨᠡᠯᠢᠶᠡᠳ ᠣᠶᠢᠯᠠᠭᠠᠯ᠎ᠠ᠃ ᠠᠳᠡ ᠪᠢ ᠭᠤᠣᠯᠳᠠᠭᠤ ᠡᠶᠢᠮᠦ ᠬᠡᠳᠦᠨ ᠳᠠᠪᠬᠤᠷᠭ᠎ᠠ ᠶᠢᠨ ᠤᠳᠬ᠎ᠠ ᠰᠠᠨᠠᠭ᠎ᠠ ᠶᠢ ᠢᠯᠡᠳᠬᠡᠶ᠎ᠡ᠄      ᠨᠢᠭᠡᠳᠦᠭᠡᠷ ᠲᠤ᠂ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠪᠣᠯ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠤᠨ ᠴᠢᠬᠤᠯᠠ ᠠᠭᠤᠯᠭ᠎ᠠ᠂ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠮᠥᠨ᠂ ᠥᠩᠭᠡᠷᠡᠭᠰᠡᠨ ᠳᠤ ᠬᠤᠪᠢᠷᠠᠭᠰᠠᠨ ᠦᠭᠡᠢ᠂ ᠬᠤᠶᠢᠰᠢᠳᠠ ᠨᠡᠩ ᠴᠤ ᠬᠤᠪᠢᠷᠠᠬᠤ ᠦᠭᠡᠢ ᠶᠤᠮ᠃ ᠦᠨᠡᠬᠡᠷ᠂ ᠨᠢᠳᠤᠨᠤᠨ ᠨᠢᠭᠡ ᠬᠡᠰᠡᠭ ᠬᠤᠭᠤᠴᠠᠭᠠᠨ ᠳᠤ᠂ ᠨᠡᠶᠢᠭᠡᠮ ᠳᠡᠭᠡᠷ᠎ᠡ ᠵᠠᠷᠢᠮ ᠵᠥᠪ ᠪᠤᠰᠤ ᠶᠠᠷᠢᠶ᠎ᠠ ᠬᠡᠯᠡᠯᠴᠡᠭᠡ ᠭᠠᠷᠴᠤ᠂ ᠵᠠᠷᠢᠮ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠰᠠᠨᠠᠭᠠᠰᠢᠷᠠᠭᠤᠯᠵᠤ ᠪᠠᠶᠢᠪᠠ᠃ ᠦᠨᠡᠨ ᠳᠡᠭᠡᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠠᠰᠠᠭᠤᠳᠠᠯ ᠳᠡᠭᠡᠷ᠎ᠡ᠂ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠡᠷᠦ ᠨᠢ ᠮᠠᠰᠢ ᠲᠣᠳᠣᠷᠬᠠᠢ ᠶᠤᠮ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠪᠣᠯᠣᠨ ᠨᠢᠳᠤᠨᠤᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠴᠥᠮ ᠴᠢᠬᠤᠯᠠᠴᠢᠯᠠᠭᠰᠠᠨ ᠪᠠᠶᠢᠨ᠎ᠠ᠃ ᠡᠭᠦᠨ ᠳᠤ ᠪᠢᠳᠡ ᠲᠤᠭ ᠲᠡᠮᠳᠡᠭ ᠲᠣᠳᠣᠷᠬᠠᠢ᠂ ᠡᠷᠡᠰ ᠭᠤᠶᠢᠪᠢᠰᠢ ᠦᠭᠡᠢ ᠶᠤᠮ᠃      ᠬᠤᠶᠠᠳᠤᠭᠠᠷ ᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠤ᠂ ᠬᠥᠭᠵᠢᠯᠲᠡ ᠶᠢᠨ ᠣᠷᠣᠨ ᠵᠠᠢ ᠤᠯᠠᠮ ᠠᠴᠠ ᠤᠯᠠᠮ ᠶᠡᠭᠡᠳᠭᠦ ᠪᠣᠯᠣᠨ᠎ᠠ᠃ ᠪᠢᠳᠡ ᠰᠢᠨ᠎ᠡ ᠭᠠᠷᠤᠭ᠎ᠠ ᠠᠴᠠ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠶᠡᠭᠡ ᠪᠠᠷ ᠪᠤᠢ ᠪᠤᠯᠭᠠᠵᠤ᠂ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠵᠤ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠠ᠃ ᠬᠥᠭᠵᠢᠯᠲᠡ ᠶᠢᠨ ᠣᠷᠣᠨ ᠵᠠᠢ ᠠᠴᠠ ᠦᠵᠡᠪᠡᠯ᠂ ᠳᠤᠮᠳᠠᠳᠤ ᠤᠯᠤᠰ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠲᠠᠢ᠂ ᠪᠠᠰᠠ ᠮᠠᠰᠢ ᠤᠯᠠᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠴᠢᠬᠤᠯᠠ ᠲᠠᠢ ᠪᠠᠶᠢᠵᠤ᠂ ᠴᠥᠮ ᠯᠤᠲᠤ ᠶᠡᠭᠡ ᠬᠥᠭᠵᠢᠯᠲᠡ ᠶᠢᠨ ᠠᠵᠠ ᠲᠣᠭᠢᠶᠠᠯ ᠬᠠᠳᠠᠭᠠᠯᠠᠭᠳᠠᠵᠤ ᠪᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠯᠠᠪᠲᠠᠢ ᠶᠡᠭᠡ ᠵᠢᠳᠬᠦᠯ ᠴᠢᠷᠮᠠᠶᠢᠯᠭ᠎ᠠ ᠭᠠᠷᠭᠠᠵᠤ ᠪᠣᠯᠣᠨ᠎ᠠ᠃      ᠭᠤᠷᠪᠠᠳᠤᠭᠠᠷ ᠲᠤ᠂ ᠴᠠᠭ ᠦᠶ᠎ᠡ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠰᠢᠨ᠎ᠡ ᠦᠢᠯᠡᠰ ᠪᠣᠰᠬᠠᠭᠰᠠᠨ ᠲᠡᠦᠬᠡ ᠪᠠᠨ ᠪᠢᠴᠢᠭᠯᠡᠬᠦ ᠶᠢ ᠤᠷᠢᠶᠠᠯᠠᠵᠤ ᠪᠠᠶᠢᠨ᠎ᠠ᠃ ᠡᠨᠡ ᠨᠢ ᠪᠠᠰᠠ ᠮᠢᠨᠤ ᠭᠡᠯᠡᠭᠦ ᠭᠡᠰᠡᠨ ᠨᠢᠭᠡ ᠵᠦᠢᠯ ᠮᠥᠨ᠃ ᠠᠵᠤ ᠠᠬᠤᠢ ᠶᠢᠨ ᠬᠥᠭᠵᠢᠯᠲᠡ ᠨᠢ ᠪᠤᠰᠤᠳᠴᠢ ᠵᠢᠮ᠎ᠡ ᠶᠣᠰᠣ ᠲᠠᠢ ᠪᠠᠶᠢᠳᠠᠭ ᠪᠥᠭᠡᠳ ᠪᠠᠰᠠ ᠪᠤᠰᠤᠳᠴᠢ ᠨᠥᠬᠦᠴᠡᠯ ᠳᠤ ᠲᠦᠰᠢᠭᠯᠡᠳᠡᠭ᠂ ᠭᠡᠬᠦ ᠳᠤ ᠮᠠᠰᠢ ᠴᠢᠩᠭ᠎ᠠ ᠪᠡᠶᠡᠴᠢ ᠴᠢᠳᠠᠮᠠᠭᠠᠢ ᠴᠢᠨᠠᠷ ᠢ ᠨᠡᠩ ᠢᠯᠡᠭᠦᠦ ᠱᠠᠭᠠᠷᠳᠠᠳᠠᠭ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ ᠠᠶᠠᠨ ᠳᠠᠭᠠᠨ ᠲᠠᠭᠢᠨ ᠮᠣᠷᠳᠠᠬᠤ ᠶᠢ ᠬᠦᠰᠡᠵᠦ ᠪᠠᠶᠢᠨ᠎ᠠ᠃ ᠠᠳᠡ ᠭᠦᠷᠲᠡᠯ᠎ᠡ ᠶᠠᠷᠢᠬᠤ ᠳᠤ ᠪᠢ ᠲᠤᠬᠠᠢ ᠶᠢᠨ ᠵᠢᠯ ᠳᠤ ᠵᠢᠶᠠᠩᠰᠤ ᠵᠧᠵᠢᠶᠠᠩ ᠵᠡᠷᠭᠡ ᠭᠠᠵᠠᠷ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ᠂ ᠰᠢᠶᠠᠩ ᠪᠠᠯᠭᠠᠰᠤᠨ ᠤ ᠠᠵᠤ ᠠᠬᠤᠶᠢᠯᠠᠯ ᠢ ᠬᠥᠭᠵᠢᠭᠦᠯᠬᠦ ᠦᠶ᠎ᠡ ᠳᠤ ᠡᠭᠦᠳᠦᠭᠰᠡᠨ ︽ᠲᠦᠷᠪᠡᠨ ᠮᠢᠩᠭ᠎ᠠ︾ ᠶᠢᠨ ᠵᠣᠷᠢᠭ ᠰᠠᠨᠠᠭ᠎ᠠ ᠶᠢ ᠥᠪᠡᠷ ᠤᠨ ᠡᠷᠬᠡ ᠦᠭᠡᠢ ᠪᠤᠳᠤᠵᠤ ᠣᠯᠣᠯ᠎ᠠ᠂ ᠲᠡᠷᠡ ᠨᠢ ᠳᠠᠷᠤᠢ᠄ ᠮᠢᠩᠭᠠᠨ ᠪᠡᠷᠬᠡ ᠲᠦᠮᠡᠨ ᠪᠠᠷᠳᠠᠭ᠎ᠠ ᠶᠢ ᠲᠤᠭᠤᠯᠵᠤ᠂ ᠲᠦᠮᠡ ᠮᠢᠩᠭᠠᠨ ᠦᠭᠡ ᠶᠠᠷᠢᠵᠤ᠂ ᠡᠯᠳᠡᠪ ᠠᠷᠭ᠎ᠠ ᠪᠦᠭᠦᠨ ᠢ ᠰᠦᠪᠡᠭᠴᠢᠯᠡᠵᠦ᠂ ᠲᠣᠭᠠᠯᠠᠰᠢ ᠦᠭᠡᠢ ᠬᠦᠴᠢᠷ ᠪᠡᠷᠬᠡᠰᠢᠶᠡᠯ ᠢ ᠠᠮᠰᠠᠬᠤ ᠭᠡᠳᠡᠭ ᠢ ᠥᠪᠡᠷ ᠤᠨ ᠡᠷᠬᠡ ᠦᠭᠡᠢ ᠪᠤᠳᠤᠵᠤ ᠣᠯᠵᠠᠢ᠃ ᠬᠡᠳᠦᠶᠢᠪᠡᠷ ᠤᠳᠤ ᠶᠢᠨ ᠦᠢᠯᠡᠰ ᠪᠣᠰᠬᠠᠬᠤ ᠵᠠᠭᠪᠤᠷ᠂ ᠭᠡᠯᠪᠡᠷᠢ ᠪᠠᠶᠢᠳᠠᠯ ᠳᠤ ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠲᠤᠬᠠᠢ ᠶᠢᠨ ᠦᠶ᠎ᠡ ᠶᠢᠨ ᠲᠡᠷᠡ ᠬᠦ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠦᠢᠯᠡᠰ ᠪᠣᠰᠬᠠᠬᠤ ᠵᠣᠷᠢᠭ ᠰᠠᠨᠠᠭ᠎ᠠ ᠨᠢ ᠥᠨᠢ ᠡᠭᠦᠷᠢᠳᠡ ᠱᠠᠭᠠᠷᠳᠠᠭᠳᠠᠬᠤ ᠶᠤᠮ᠃ ᠮᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ ᠰᠡᠳᠬᠢᠯ ᠠᠴᠠ ᠪᠠᠨ ᠬᠠᠯᠠᠮᠵᠢᠯᠠᠨ ᠲᠡᠭᠦᠨ ᠳᠤ ᠦᠢᠯᠡᠴᠢᠯᠡᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ᠪᠦᠭᠦ ᠨᠡᠶᠢᠭᠡᠮ ᠢ ᠲᠠᠶᠢᠴᠢᠯᠠᠨ ᠦᠢᠯᠡᠰ ᠪᠣᠰᠬᠠᠭᠴᠢ ᠶᠢ ᠬᠦᠨᠳᠦᠳᠬᠡᠬᠦ᠂ ᠠᠵᠤ ᠠᠬᠤᠶᠢᠯᠠᠯᠲᠠᠨ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠯᠠᠪᠲᠠᠢ ᠨᠡᠩ ᠭᠡᠷᠡᠯ ᠰᠠᠴᠤᠷᠠᠩᠭᠤᠢ ᠦᠢᠯᠡᠰ ᠪᠣᠰᠬᠠᠬᠤ ᠲᠡᠦᠬᠡ ᠶᠢ ᠪᠢᠴᠢᠭᠯᠡᠨ᠎ᠡ ᠭᠡᠳᠡᠭ ᠲᠤ ᠪᠢ ᠢᠲᠡᠭᠡᠵᠦ ᠪᠠᠶᠢᠨ᠎ᠠ᠃      ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠬᠴᠢ᠄ ᠰᠦᠯᠵᠢᠶᠡᠨ ᠢᠷᠭᠡᠳ ᠠᠷᠠᠳ ᠤᠨ ᠠᠮᠢᠳᠤᠷᠠᠯ ᠤᠨ ᠵᠠᠷᠢᠮ ᠬᠠᠯᠠᠮᠰᠢᠯ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠤᠢ᠃ ᠡᠨᠡ ᠵᠢᠯ ᠮᠠᠨ ᠤ ᠤᠯᠤᠰ ᠤᠨ ᠠᠵᠢᠯ ᠣᠯᠭᠤᠯᠲᠠ ᠶᠢᠨ ᠪᠠᠶᠢᠳᠠᠯ ᠮᠥᠨ ᠯᠡ ᠬᠦᠨᠳᠦ ᠨᠣᠴᠢᠲᠠᠢ ᠪᠠᠶᠢᠨ᠎ᠠ᠂ ᠲᠡᠭᠡᠪᠡᠯ ᠵᠠᠰᠠᠭ ᠤᠨ ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠤᠶ︖ ᠨᠢᠳᠤᠨᠤᠨ ᠳᠤᠮᠳᠠᠳᠤ ᠤᠯᠤᠰ ᠲᠤ ᠤᠯᠠᠨ ᠵᠢᠯ ᠳᠤ ᠪᠠᠶᠢᠭ᠎ᠠ ᠦᠭᠡᠢ ᠬᠥᠮᠥᠨ ᠠᠮᠠ ᠶᠢᠨ ᠰᠥᠭᠡᠷᠭᠦ ᠨᠡᠮᠡᠭᠳᠡᠯ ᠭᠠᠷᠤᠭᠰᠠᠨ ᠨᠢ ᠬᠥᠮᠥᠨ ᠠᠮᠠ ᠶᠢᠨ ᠴᠡᠪᠡᠷ ᠠᠰᠢᠭ ᠤᠳᠠᠯ ᠦᠭᠡᠢ ᠠᠷᠢᠯᠬᠤ ᠶᠢ ᠬᠠᠷᠠᠭᠤᠯᠵᠤ ᠪᠠᠶᠢᠨ᠎ᠠ ᠦᠦ︖ ᠡᠨᠡ ᠵᠢᠯ ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠮᠡᠳᠡᠨ᠎ᠠ ᠦᠦ︖      ᠯᠢ ᠴᠢᠶᠠᠩ᠄ ᠪᠢ ᠰᠦᠯᠵᠢᠶᠡᠨ ᠢᠷᠭᠡᠳ ᠤᠨ ᠠᠩᠬᠠᠷᠤᠯ ᠳᠤ ᠬᠠᠷᠢᠭᠤᠯᠲᠠ ᠥᠭᠭᠦ ᠳᠤᠷᠠᠲᠠᠢ᠂ ᠵᠠᠪ ᠴᠢᠯᠦᠭᠡ ᠣᠯᠳᠠᠭᠰᠠᠭᠠᠷ ᠯᠡ ᠰᠦᠯᠵᠢᠶᠡᠨ ᠳᠤ ᠭᠠᠷᠴᠤ᠂ ᠰᠦᠯᠵᠢᠶᠡᠨ ᠢᠷᠭᠡᠳ ᠤᠨ ᠶᠠᠭᠤ ᠶᠢ ᠠᠩᠬᠠᠷᠴᠤ ᠪᠠᠶᠢᠬᠤ᠂ ᠶᠠᠮᠠᠷ ᠰᠠᠶᠢᠨ ᠰᠠᠨᠠᠯ ᠰᠠᠨᠠᠭᠤᠯᠭ᠎ᠠ ᠪᠠᠶᠢᠬᠤ ᠶᠢ ᠦᠵᠡᠳᠡᠭ᠃      ᠦᠨᠡᠨ ᠳᠡᠭᠡᠨ ᠴᠢ ᠰᠠᠶ᠋ᠢᠬᠠᠨ ᠭᠤᠷᠪᠠᠨ ᠠᠰᠠᠭᠤᠯᠲᠠ ᠳᠤᠷᠠᠳᠪᠠ᠃ ᠨᠢᠭᠡᠳᠦᠭᠡᠷ ᠠᠰᠠᠭᠤᠯᠳᠠ ᠭᠡᠪᠡᠯ᠂ ᠠᠵᠢᠯ ᠣᠯᠭᠤᠯᠲᠠ ᠶᠢᠨ ᠠᠰᠠᠭᠤᠳᠠᠯ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠤᠭ ᠤᠨ ᠦᠨᠳᠦᠰᠦᠨ ᠨᠢᠭᠡ ᠵᠦᠢᠯ ᠪᠣᠯ ᠬᠠᠰᠢᠯᠠ ᠠᠵᠤ ᠠᠬᠤᠢ ᠶᠢ ᠬᠥᠭᠵᠢᠭᠦᠯᠬᠦ ᠳᠤ ᠲᠦᠰᠢᠭᠯᠡᠬᠦ ᠬᠡᠷᠡᠭᠲᠡᠢ᠃ ᠪᠣᠳᠠᠲᠠᠢ ᠠᠵᠢᠯ ᠤᠨ ᠳᠤᠮᠳᠠ᠂ ᠪᠢᠳᠡ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠵᠦ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠶᠢ ᠳᠡᠮᠵᠢᠨ ᠵᠢᠷᠤᠮᠵᠢᠭᠤᠯᠤᠨ᠎ᠠ᠃ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢ ᠵᠢᠱᠢᠯᠲᠡ ᠪᠠᠷ 1158 ᠲᠦᠮᠡ ᠪᠤᠢ᠂ ᠠᠵᠢᠯ ᠣᠯᠭᠤᠯᠲᠠ ᠶᠢᠨ ᠲᠠᠯ᠎ᠠ ᠠᠴᠠ ᠦᠵᠡᠪᠡᠯ ᠵᠣᠬᠢᠬᠤ ᠳᠠᠷᠤᠯᠲᠠ ᠲᠠᠢ ᠪᠠᠶᠢᠨ᠎ᠠ︔ ᠭᠡᠪᠡᠴᠦ ᠬᠥᠭᠵᠢᠯᠲᠡ ᠶᠢᠨ ᠲᠠᠯ᠎ᠠ ᠠᠴᠠ ᠠᠪᠴᠤ ᠦᠵᠡᠪᠡᠯ᠂ ᠡᠨᠡ ᠨᠢ ᠠᠮᠢᠵᠢᠷᠠᠯ ᠤᠨ ᠬᠦᠴᠦᠨ ᠨᠡᠮᠡᠷᠢᠯᠡᠪᠡ᠃ ᠪᠢᠳᠡ ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠵᠠᠯᠠᠭᠤᠴᠤᠳ ᠢ ᠬᠠᠪᠰᠤᠷᠤᠨ ᠭᠦᠳᠡᠯᠮᠦᠷᠢ ᠪᠠ ᠲᠡᠮᠡᠴᠡᠯ ᠢᠶᠠᠷ ᠳᠠᠮᠵᠢᠭᠤᠯᠤᠨ᠂ ᠥᠪᠡᠷ ᠤᠨ ᠠᠮᠢᠳᠤᠷᠠᠬᠤᠢ ᠶᠢᠨ ᠦᠨ᠎ᠡ ᠦᠷᠲᠡᠭ ᠢᠶᠠᠨ ᠨᠡᠩ ᠰᠠᠶᠢᠲᠤᠷ ᠪᠡᠶᠡᠯᠡᠭᠦᠯᠬᠦ ᠪᠣᠯᠭᠠᠨ᠎ᠠ᠃      ᠬᠤᠶᠠᠳᠤᠭᠠᠷ ᠠᠰᠠᠭᠤᠯᠳᠠ ᠪᠣᠯ᠂ ᠬᠥᠮᠥᠨ ᠠᠮᠠ ᠶᠢᠨ ᠰᠥᠭᠡᠷᠭᠦ ᠨᠡᠮᠡᠭᠳᠡᠯ ᠤᠨ ᠠᠰᠠᠭᠤᠳᠠᠯ᠃ ᠮᠠᠨ ᠤ ᠤᠯᠤᠰ ᠤᠨ ᠬᠥᠮᠥᠨ ᠠᠮᠠ ᠶᠢᠨ ᠥᠰᠦᠯᠲᠡ ᠡᠶᠡᠷᠭᠦ ᠪᠠᠶᠢᠭᠰᠠᠨ ᠠᠴᠠ ᠪᠠᠨ ᠰᠥᠭᠡᠷᠭᠦ ᠪᠣᠯᠵᠤ ᠪᠠᠶᠢᠨ᠎ᠠ᠂ ᠬᠥᠮᠥᠨ ᠠᠮᠠ ᠶᠢᠨ ᠴᠡᠪᠡᠷ ᠠᠰᠢᠭ ᠡᠭᠦᠨ ᠠᠴᠠ ᠪᠣᠯᠵᠤ ᠠᠷᠢᠯᠤᠨ᠎ᠠ ᠦᠦ ᠦᠭᠡᠢ ᠦᠦ ᠭᠡᠵᠦ ᠵᠠᠷᠢᠮ ᠬᠥᠮᠥᠨ ᠰᠠᠨᠠᠭ᠎ᠠ ᠵᠣᠪᠠᠵᠤ ᠪᠠᠶᠢᠨ᠎ᠠ᠃ ᠮᠢᠨᠤ ᠪᠤᠳᠣᠬᠤ ᠪᠠᠷ ᠲᠡᠶᠢᠮᠦ ᠠᠮᠠᠷᠬᠠᠨ ᠪᠢᠰᠢ᠃ ᠬᠥᠮᠥᠨ ᠠᠮᠠ ᠶᠢᠨ ᠴᠡᠪᠡᠷ ᠠᠰᠢᠭ ᠢ ᠶᠡᠷᠦᠩᠬᠡᠢ ᠬᠡᠮᠵᠢᠶ᠎ᠡ ᠪᠠᠷ ᠨᠢ ᠦᠵᠡᠬᠦ ᠬᠡᠷᠡᠭᠲᠡᠢ ᠮᠥᠷᠲᠡᠭᠡᠨ ᠨᠡᠩ ᠴᠤ ᠶᠠᠰᠤ ᠴᠢᠨᠠᠷ ᠢᠶᠠᠷ ᠨᠢ ᠦᠵᠡᠬᠦ ᠬᠡᠷᠡᠭᠲᠡᠢ᠂ ᠬᠥᠮᠥᠨ ᠠᠮᠠ ᠪᠠᠷ ᠨᠢ ᠦᠵᠡᠬᠦ ᠬᠡᠷᠡᠭᠲᠡᠢ ᠮᠥᠷᠲᠡᠭᠡᠨ ᠨᠡᠩ ᠴᠤ ᠴᠢᠳᠠᠪᠤᠷᠢᠲᠠᠨ ᠢᠶᠠᠷ ᠨᠢ ᠦᠵᠡᠬᠦ ᠬᠡᠷᠡᠭᠲᠡᠢ᠃ ᠮᠠᠨ ᠤ ᠤᠯᠤᠰ ᠲᠤ 9 ᠳ᠋ᠦᠩᠰᠢᠭᠤᠷ ᠰᠢᠬᠠᠮ ᠭᠦᠳᠡᠯᠮᠦᠷᠢ ᠬᠦᠴᠦᠨ ᠲᠠᠢ ᠪᠠᠶᠢᠵᠤ᠂ ᠵᠢᠯ ᠪᠦᠷᠢ ᠶᠢᠨ ᠰᠢᠨ᠎ᠡ ᠪᠠᠷ ᠨᠡᠮᠡᠭᠳᠡᠬᠦ ᠭᠦᠳᠡᠯᠮᠦᠷᠢ ᠬᠦᠴᠦᠨ ᠴᠥᠮ 1500 ᠲᠦᠮᠡ ᠶᠢ ᠳᠠᠪᠠᠵᠤ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ ᠪᠠᠶᠢᠬᠤ ᠨᠢ ᠮᠥᠨ ᠯᠡ ᠳᠤᠮᠳᠠᠳᠤ ᠤᠯᠤᠰ ᠤᠨ ᠲᠣᠪᠣᠶᠢᠮ᠎ᠠ ᠳᠠᠪᠠᠭᠤᠯᠢᠭ ᠪᠣᠯᠣᠭᠰᠠᠭᠠᠷ ᠪᠠᠶᠢᠨ᠎ᠠ᠃ ᠨᠡᠩ ᠴᠢᠬᠤᠯᠠ ᠨᠢ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠭᠥᠷᠳᠡᠭᠰᠡᠨ ᠬᠥᠮᠥᠨ ᠠᠮᠠ ᠨᠢᠭᠡᠨᠲᠡ 2.4 ᠳ᠋ᠦᠩᠰᠢᠭᠤᠷ ᠢ ᠳᠠᠪᠠᠵᠤ᠂ ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠬᠦᠴᠦᠨ ᠤ ᠰᠤᠷᠭᠠᠨ ᠬᠥᠮᠦᠵᠢᠯ ᠭᠥᠷᠳᠡᠭᠰᠡᠨ ᠳᠤᠮᠳᠠᠴᠢ ᠵᠢᠯ ᠬᠤᠭᠤᠴᠠᠭ᠎ᠠ ᠨᠢ 14 ᠵᠢᠯ ᠳᠤ ᠬᠦᠷᠴᠡᠢ᠃ ᠮᠠᠨ ᠤ ︽ᠬᠥᠮᠥᠨ ᠠᠮᠠ ᠶᠢᠨ ᠴᠡᠪᠡᠷ ᠠᠰᠢᠭ︾ ᠠᠷᠢᠯᠤᠭᠠᠳᠤᠢ᠂ ︽ᠴᠢᠳᠠᠪᠤᠷᠢᠲᠠᠨ ᠤ ᠴᠡᠪᠡᠷ ᠠᠰᠢᠭ︾ ᠶᠠᠭ ᠪᠦᠷᠢᠯᠳᠦᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠮᠥᠨ ᠯᠡ ᠢᠳᠡ ᠬᠦᠴᠦᠲᠡᠢ ᠪᠠᠶᠢᠨ᠎ᠠ ᠭᠡᠵᠦ ᠬᠡᠯᠡᠵᠦ ᠪᠣᠯᠣᠨ᠎ᠠ᠃ ᠬᠡᠯᠡᠯᠭᠡᠨ ᠦᠭᠡᠢ᠂ ᠪᠢᠳᠡ ᠬᠥᠮᠥᠨ ᠠᠮᠠ ᠶᠢᠨ ᠨᠡᠮᠡᠭᠳᠡᠯ ᠬᠠᠰᠤᠭᠳᠠᠯ ᠤᠨ ᠠᠪᠴᠢᠷᠠᠵᠤ ᠮᠡᠳᠡᠭᠦ ᠠᠰᠠᠭᠤᠳᠠᠯ ᠢ ᠪᠠᠰᠠ ᠭᠦᠨᠵᠡᠭᠡᠢ ᠵᠠᠳᠠᠯᠤᠨ ᠰᠤᠳᠤᠯᠵᠤ᠂ ᠢᠳᠡᠪᠬᠢᠲᠡᠢ ᠠᠷᠭᠠᠴᠠᠭᠠᠬᠤ ᠬᠡᠷᠡᠭᠲᠡᠢ᠃      ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢᠨ ᠠᠰᠠᠭᠤᠳᠠᠯ ᠤᠨ ᠲᠤᠬᠠᠢ ᠪᠢᠳᠡ ᠨᠠᠷᠢᠨ ᠬᠢᠨᠠᠮᠠᠭᠠᠢ ᠰᠤᠳᠤᠯᠵᠤ᠂ ᠭᠦᠢᠴᠡᠳ ᠨᠤᠲᠠᠯᠠᠯᠲᠠ ᠬᠢᠵᠦ᠂ ᠵᠣᠬᠢᠰᠲᠠᠢ ᠦᠶ᠎ᠡ ᠳᠤ ᠯᠠᠪᠳᠠᠭᠤᠨ ᠢᠶᠠᠷ ᠬᠡᠷᠡᠭᠵᠢᠭᠦᠯᠦᠨ᠎ᠡ᠃      ᠦᠽᠪᠸᠺᠰᠲ᠋ᠠᠨ ᠤ ᠠᠷᠠᠳ ᠤᠨ ᠶᠠᠷᠢᠶ᠎ᠠ ᠬᠡᠯᠡᠯᠴᠡᠭᠡᠨ ᠤ ᠰᠣᠨᠢᠨ ᠤ ᠰᠤᠷᠪᠤᠯᠵᠢᠯᠠᠬᠴᠢ᠄ ᠳᠡᠯᠡᠬᠡᠢ ᠳᠡᠭᠡᠷᠡᠬᠢ ᠵᠠᠷᠢᠮ ᠬᠥᠮᠥᠰ ᠳᠤᠮᠳᠠᠳᠤ ᠤᠯᠤᠰ ᠪᠤᠰᠤᠳ ᠤᠯᠤᠰ ᠲᠠᠢ ᠬᠠᠷᠢᠴᠠᠭᠤᠯᠪᠠᠯ ᠬᠢᠵᠢᠭ ᠢ ᠰᠡᠷᠭᠡᠶᠢᠯᠡᠬᠦ ᠲᠠᠯ᠎ᠠ ᠪᠠᠷ ᠬᠤᠶᠠᠷ ᠵᠢᠯ ᠭᠠᠷᠤᠢ ᠴᠢᠩᠭ᠎ᠠ ᠡᠵᠡᠮᠳᠡᠭᠰᠡᠨ ᠨᠢ ᠦᠨᠡᠬᠡᠷ ᠴᠢᠬᠤᠯᠠᠲᠠᠢ ᠦᠦ ᠭᠡᠵᠦ ᠰᠡᠵᠢᠭᠯᠡᠵᠦ ᠪᠠᠶᠢᠨ᠎ᠠ᠂ ᠢᠷᠡᠭᠡᠳᠦᠢ ᠳᠤ ᠭᠠᠷᠴᠤ ᠮᠡᠳᠡᠭᠦ ᠰᠢᠨ᠎ᠡ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠳᠤᠮᠳᠠᠳᠤ ᠤᠯᠤᠰ ᠶᠠᠮᠠᠷ ᠶᠠᠮᠠᠷ ᠪᠡᠯᠡᠳᠬᠡᠯ ᠬᠢᠭᠰᠡᠨ ᠪᠤᠢ︖      ᠯᠢ ᠴᠢᠶᠠᠩ᠄ ᠬᠢᠵᠢᠭ ᠤᠨ ᠪᠠᠶᠢᠳᠠᠯ ᠭᠠᠷᠤᠭᠰᠠᠨ ᠭᠤᠷᠪᠠᠨ ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠨᠢᠭᠡᠳᠦᠨ ᠬᠢᠵᠢᠭ ᠲᠠᠢ ᠲᠡᠮᠡᠴᠡᠵᠦ᠂ ᠣᠲᠣ ᠨᠢᠭᠡᠨᠲᠡ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠪᠠ᠃ ᠭᠤᠷᠪᠠᠨ ᠵᠢᠯ ᠭᠠᠷᠤᠢ ᠶᠢᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠪᠡ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠨᠡᠯᠢᠶᠡᠳ ᠴᠢᠩᠭ᠎ᠠ ᠪᠠᠶᠢᠬᠤ ᠱᠠᠲᠤᠨ ᠳᠤ᠂ ᠪᠢᠳᠡ ᠡᠷᠡᠰ ᠰᠢᠭᠤᠷᠬᠠᠢ ᠪᠠᠷ ︽ᠬᠥᠬᠡᠭᠴᠢᠨ ᠲᠥᠷᠥᠯ ᠤᠨ ᠬᠥᠬᠡ ᠬᠠᠮᠢᠶᠠᠷᠤᠯᠲᠠ︾  ᠶᠢ ᠬᠡᠷᠡᠭᠵᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠭᠰᠠᠨ ᠪᠥᠭᠡᠳ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠦᠶᠯᠡᠳᠭᠦ᠂ ᠸᠠᠺᠼᠢᠨ ᠤ ᠲᠠᠷᠢᠯᠭ᠎ᠠ ᠶᠢ ᠲᠦᠭᠡᠮᠡᠯᠵᠢᠭᠦᠯᠬᠦ ᠵᠡᠷᠭᠡ ᠳᠤ ᠡᠷᠬᠢᠮ ᠨᠠᠨᠳᠢᠨ ᠴᠠᠭ ᠬᠤᠭᠤᠴᠠᠭ᠎ᠠ ᠣᠯᠭᠤᠭᠰᠠᠨ ᠪᠠᠶᠢᠨ᠎ᠠ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠰᠤᠯᠠᠷᠠᠬᠤ ᠪᠠ ᠮᠠᠨ ᠤ ᠤᠯᠤᠰ ᠤᠨ ᠰᠡᠷᠭᠡᠶᠢᠯᠡᠨ ᠵᠠᠰᠠᠬᠤ ᠴᠢᠳᠠᠪᠤᠷᠢ ᠳᠡᠭᠡᠭᠰᠢᠯᠡᠬᠦ ᠶᠢ ᠳᠠᠭᠠᠯᠳᠤᠨ᠂ ᠪᠢᠳᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠠᠯᠢ ᠣᠯᠠᠨ ᠰᠢᠯᠢᠳᠡᠭᠵᠢᠭᠦᠯᠬᠦ ᠲᠣᠬᠢᠷᠠᠭᠤᠯᠤᠯᠲᠠ ᠬᠢᠵᠦ᠂ ᠵᠣᠬᠢᠰᠲᠠᠢ ᠴᠠᠭ ᠲᠤ ᠲᠣᠬᠢᠷᠠᠭᠤᠯᠤᠯᠲᠠ ᠬᠢᠵᠦ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠪᠡ᠃ ᠳᠤᠮᠳᠠᠳᠤ ᠤᠯᠤᠰ ᠰᠢᠭ᠋ ᠡᠶᠢᠮᠦ ᠬᠥᠮᠥᠨ ᠠᠮᠠ ᠤᠯᠠᠨ᠂ ᠬᠥᠭᠵᠢᠯᠲᠡ ᠲᠡᠩᠴᠡᠭᠦᠷᠢ ᠦᠭᠡᠢ ᠲᠣᠮᠣ ᠤᠯᠤᠰ ᠬᠤᠶᠠᠷ ᠰᠠᠷ᠎ᠠ ᠬᠦᠷᠬᠦ ᠦᠭᠡᠢ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠤᠨ ᠡᠷᠭᠢᠯᠲᠡ ᠶᠢ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠬᠡᠪ ᠤᠨ ᠡᠮᠬᠢ ᠳᠢᠭᠯᠢᠮ ᠢ ᠨᠡᠯᠢᠶᠡᠳ ᠲᠦᠷᠭᠡᠨ ᠰᠡᠷᠭᠦᠭᠡᠭᠰᠡᠨ ᠨᠢ ᠠᠮᠠᠷ ᠦᠭᠡᠢ ᠶᠠᠪᠤᠳᠠᠯ ᠶᠤᠮ᠃ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠪᠣᠯ ᠪᠦᠷᠢᠮᠦᠰᠦᠨ ᠵᠥᠪ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ ᠯᠤᠲᠤ ᠶᠡᠭᠡ ᠭᠡᠳᠡᠭ ᠢ ᠦᠢᠯᠡᠳᠦᠯᠭᠡ ᠭᠡᠷᠡᠴᠢᠯᠡᠪᠡ᠃      ᠬᠥᠮᠥᠨ ᠲᠥᠷᠥᠯᠬᠢᠲᠡᠨ ᠬᠢᠭᠡᠳ ᠸᠢᠷᠦ᠋ᠰ ᠤᠨ ᠲᠡᠮᠡᠴᠡᠯ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ᠃ ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠮᠥᠨ ᠬᠦ ᠣᠷᠣᠰᠢᠵᠤ ᠪᠠᠶᠢᠨ᠎ᠠ᠂ ᠪᠢᠳᠡ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠬᠦ ᠶᠢᠨ ᠬᠠᠮᠲᠤ ᠠᠳᠠᠯᠢ ᠪᠤᠰᠤ ᠪᠠᠶᠢᠳᠠᠯ ᠳᠣᠣᠷᠠᠬᠢ ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠨᠡᠭᠡᠭᠡᠬᠦ ᠶᠢ ᠲᠦᠷᠭᠡᠳᠬᠡᠵᠦ᠂ ᠳᠡᠯᠡᠬᠡᠢ ᠨᠡᠶᠢᠭᠡᠮ ᠯᠦᠭᠡ ᠶᠢᠨ ᠬᠠᠮᠲᠤᠷᠠᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠥᠮᠥᠨ ᠲᠥᠷᠥᠯᠬᠢᠲᠡᠨ ᠤ ᠡᠷᠡᠭᠦᠯ ᠮᠡᠨᠳᠦ ᠪᠤᠶᠠᠨ ᠵᠢᠷᠭᠠᠯ ᠢ ᠬᠠᠮᠲᠤ ᠪᠠᠷ ᠬᠠᠮᠠᠭᠠᠯᠠᠨ᠎ᠠ᠃      ᠲᠠᠶᠢᠸᠠᠨ ᠤ ᠬᠤᠯᠪᠣᠭᠠᠲᠤ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ᠄ ᠡᠬᠡ ᠬᠠᠭᠤᠷᠠᠢ ᠶᠢᠨ ᠲᠠᠯ᠎ᠠ  ᠠᠴᠠ᠂ ᠲᠠᠶᠢᠸᠠᠨ ᠤ ᠠᠬ᠎ᠠ ᠳᠡᠭᠦᠦ ᠨᠠᠷ ᠢ ᠢᠮᠠᠭᠲᠠ ᠬᠠᠶᠢᠷᠠᠯᠠᠨ ᠬᠠᠯᠠᠮᠵᠢᠯᠠᠵᠤ᠂ ᠭᠦᠨᠳᠦᠳᠭᠡᠵᠦ᠂ ᠪᠤᠶᠠᠨ ᠦᠢᠯᠡᠳᠦᠨ᠎ᠡ ᠭᠡᠵᠦ ᠢᠯᠡᠷᠬᠡᠶᠢᠯᠡᠪᠡ᠃ ᠡᠬᠡ ᠬᠠᠭᠤᠷᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠳᠠᠭᠠᠯᠳᠤᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠷᠠᠳ ᠣᠯᠠᠨ ᠴᠥᠮ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠡᠪ ᠤᠨ ᠰᠣᠯᠢᠯᠴᠠᠭ᠎ᠠ ᠶᠠᠪᠤᠯᠴᠠᠭ᠎ᠠ ᠶᠢ ᠠᠯᠢ ᠲᠦᠷᠭᠡᠨ ᠢᠶᠠᠷ ᠪᠦᠭᠦ ᠲᠠᠯ᠎ᠠ ᠪᠠᠷ ᠰᠡᠷᠭᠦᠭᠡᠬᠦ ᠶᠢ ᠬᠦᠰᠡᠵᠦ ᠪᠠᠶᠢᠨ᠎ᠠ᠃ ᠲᠡᠭᠡᠪᠡᠯ᠂ ᠡᠬᠡ ᠬᠠᠭᠤᠷᠠᠢ ᠶᠢᠨ ᠲᠠᠯ᠎ᠠ ᠶᠢᠨ ᠬᠢᠨ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠬᠠᠮᠲᠤᠷᠠᠯᠴᠠᠭ᠎ᠠ ᠰᠣᠯᠢᠯᠴᠠᠭ᠎ᠠ ᠵᠢᠴᠢ ᠬᠥᠮᠥᠰ ᠤᠨ ᠶᠠᠪᠤᠯᠴᠠᠭ᠎ᠠ ᠶᠢ ᠠᠬᠢᠭᠤᠯᠬᠤ ᠲᠠᠯ᠎ᠠ ᠪᠠᠷ ᠶᠠᠮᠠᠷ ᠲᠥᠯᠦᠪᠵᠢᠭᠦᠯᠭᠡ ᠲᠠᠢ ᠪᠤᠢ︖      ᠯᠢ ᠴᠢᠶᠠᠩ᠄ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠪᠣᠯ ᠨᠢᠭᠡ ᠭᠡᠷ ᠤᠨ ᠬᠥᠮᠥᠨ ᠮᠥᠨ᠂ ᠴᠢᠰᠤ ᠮᠢᠬᠠᠨ ᠤ ᠪᠠᠷᠢᠯᠳᠤᠯᠭ᠎ᠠ ᠲᠠᠢ᠂ ᠶᠠᠰᠤ ᠰᠢᠷᠪᠦᠰᠦ ᠶᠢᠨ ᠬᠤᠯᠪᠤᠭ᠎ᠠ ᠲᠠᠢ ᠶᠤᠮ᠃ ᠪᠢᠳᠡ ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠣᠯᠣᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢᠨ ᠰᠠᠭᠤᠷᠢᠨ ᠳᠡᠭᠡᠷ᠎ᠡ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠨᠡᠩ ᠣᠯᠠᠨ ᠲᠠᠶᠢᠸᠠᠨ ᠤ ᠠᠬ᠎ᠠ ᠳᠡᠭᠦᠦ ᠨᠠᠷ ᠪᠣᠯᠣᠨ ᠲᠠᠶᠢᠸᠠᠨ ᠤ ᠠᠵᠤ ᠠᠬᠤᠶᠢᠯᠠᠯ ᠢ ᠡᠬᠡ ᠬᠠᠭᠤᠷᠠᠢ ᠳᠤ ᠢᠷᠡᠭᠦᠯᠵᠦ᠂ ᠳᠤᠷᠠᠲᠠᠶ᠎ᠠ ᠢᠷᠡᠭᠦᠯᠭᠦ ᠪᠠᠷ ᠪᠠᠷᠠᠬᠤ ᠦᠭᠡᠢ ᠠᠭᠤᠰᠤᠯᠴᠠᠭᠤᠯᠵᠤ᠂ ᠰᠠᠶᠢᠨ ᠬᠥᠭᠵᠢᠯᠲᠡ ᠲᠠᠢ ᠪᠣᠯᠭᠠᠨ᠎ᠠ᠃      ᠣᠳᠣᠬᠠᠨ ᠳᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠤᠨ ᠬᠡᠪ ᠤᠨ ᠶᠠᠪᠤᠯᠴᠠᠭ᠎ᠠ  ᠶᠢ ᠡᠷᠲᠡᠬᠡᠨ ᠪᠡᠶᠡᠯᠡᠭᠦᠯᠵᠦ᠂ ᠡᠯ᠎ᠡ ᠬᠦᠷᠢᠶᠡᠨ ᠳᠠᠬᠢ ᠬᠡᠪ ᠤᠨ ᠬᠠᠮᠲᠤᠷᠠᠯᠴᠠᠭ᠎ᠠ ᠶᠢ ᠰᠡᠷᠭᠦᠭᠡᠬᠦ ᠪᠣᠯ ᠣᠯᠠᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ ᠬᠠᠮᠲᠤ ᠪᠠᠷ ᠴᠢᠷᠮᠠᠶᠢᠬᠤ ᠴᠢᠬᠤᠯᠠᠲᠠᠢ ᠶᠤᠮ᠃      ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ᠄ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠬᠠᠲᠠᠭᠤ ᠪᠡᠷᠬᠡ ᠪᠥᠭᠡᠳ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠨ᠎ᠠ᠃ ᠠᠰᠠᠭᠤᠬᠤ ᠨᠢ᠂ ᠲᠤᠰ ᠬᠤᠭᠤᠴᠠᠭᠠᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠶᠠᠮᠠᠷ ᠪᠣᠳᠣᠯᠬᠢᠯᠠᠯ ᠲᠠᠢ ᠪᠤᠢ︖ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠶᠠᠮᠠᠷ ᠠᠷᠭ᠎ᠠ ᠬᠡᠮᠵᠢᠶ᠎ᠡ ᠠᠪᠬᠤ ᠪᠤᠢ︖      ᠯᠢ ᠴᠢᠶᠠᠩ᠄ ᠳᠤᠮᠳᠠᠳᠤ ᠤᠯᠤᠰ ᠪᠣᠯ ᠲᠠᠷᠢᠶᠠᠯᠠᠩ ᠤᠨ ᠶᠡᠭᠡ ᠤᠯᠤᠰ ᠮᠥᠨ᠂ ᠣᠳᠣᠬᠠᠨ ᠳᠤ ᠪᠠᠰᠠ 5 ᠳ᠋ᠦᠩᠰᠢᠭᠤᠷ ᠰᠢᠬᠠᠮ ᠬᠥᠮᠥᠨ ᠬᠥᠳᠡᠭᠡ ᠲᠣᠰᠬᠤᠨ ᠳᠤ ᠪᠠᠶᠢᠩᠭᠤ ᠰᠠᠭᠤᠷᠢᠰᠢᠵᠤ ᠪᠤᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠪᠠᠶᠢᠬᠤ ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠯᠲᠠ ᠪᠦᠭᠦ ᠲᠠᠯ᠎ᠠ ᠶᠢᠨ ᠪᠢᠰᠢ ᠶᠤᠮ᠃ ᠨᠢᠳᠤᠨᠤᠨ ᠤ ᠵᠢᠯ ᠤᠨ ᠰᠡᠭᠦᠯᠴᠢ ᠪᠠᠷ ᠬᠤᠷᠠᠯᠳᠤᠭᠰᠠᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠣᠳᠣᠬᠠᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠪᠠᠶᠢᠨ᠎ᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠠᠪᠴᠤ ᠬᠡᠯᠡᠪᠡᠯ᠂ ᠮᠢᠨᠤ ᠦᠵᠡᠬᠦ ᠪᠠᠷ ᠳᠠᠷᠠᠭᠠᠴᠢ  ᠶᠢᠨ ᠪᠣᠳᠠᠲᠠᠢ ᠠᠵᠢᠯ ᠤᠨ ᠳᠤᠮᠳᠠ ᠪᠠᠨ ᠭᠤᠷᠪᠠᠨ ᠵᠠᠩᠭᠢᠯᠠᠭ᠎ᠠ ᠶᠢᠨ ᠦᠭᠡᠰ ᠢ ᠳᠣᠪᠤᠶᠢᠯᠭᠠᠨ᠎ᠠ᠄ ᠨᠢᠭᠡ ᠳᠤ ᠪᠦᠭᠦ ᠲᠠᠯ᠎ᠠ  ᠪᠠᠷ᠃ ᠵᠥᠪᠭᠡᠨ ᠠᠵᠤ ᠠᠬᠤᠢ ᠶᠢ ᠬᠥᠭᠵᠢᠭᠦᠯᠬᠦ ᠲᠡᠳᠦᠢ ᠪᠢᠰᠢ᠂ ᠬᠠᠷᠢᠨ ᠬᠥᠳᠡᠭᠡ ᠲᠣᠰᠬᠤᠨ ᠤ ᠠᠵᠤ ᠠᠬᠤᠢ ᠶᠢᠨ ᠥᠷᠲᠡᠭ᠂ ᠠᠮᠢ ᠠᠬᠤᠢ ᠶᠢᠨ ᠥᠷᠲᠡᠭ᠂ ᠨᠡᠶᠢᠭᠡᠮ ᠤᠨ ᠥᠷᠲᠡᠭ᠂ ᠰᠣᠶᠣᠯ ᠤᠨ ᠥᠷᠲᠡᠭ ᠢ ᠪᠦᠭᠦ ᠲᠠᠯ᠎ᠠ ᠪᠠᠷ ᠢᠯᠡᠷᠡᠭᠦᠯᠦᠨ᠎ᠡ᠃ ᠬᠤᠶᠠᠷ ᠲᠤ ᠥᠪᠡᠷᠮᠢᠴᠡ ᠣᠨᠴᠠᠯᠢᠭ᠃ ᠳᠤᠮᠳᠠᠳᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ ᠂ ︽ᠠᠷᠪᠠᠨ ᠭᠠᠵᠠᠷ ᠲᠤ ᠠᠳᠠᠯᠢ ᠪᠤᠰᠤ ᠶᠢᠨ ᠰᠠᠯᠬᠢᠨ ᠲᠠᠢ᠂ ᠵᠠᠭᠤᠨ ᠭᠠᠵᠠᠷ ᠲᠤ ᠠᠳᠠᠯᠢ ᠪᠤᠰᠤ ᠶᠢᠨ ᠵᠠᠩᠰᠢᠯ ᠲᠠᠢ︾᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠥᠪᠡᠷ ᠤᠨ ᠣᠨᠴᠠᠯᠢᠭ ᠲᠠᠢ ᠬᠥᠳᠡᠭᠡ ᠲᠣᠰᠬᠤᠨ ᠤ ᠳᠦᠷᠰᠦ ᠪᠠᠶᠢᠳᠠᠯ ᠢ ᠴᠣᠭᠴᠠᠯᠠᠵᠤ᠂ ᠭᠠᠵᠠᠷ ᠣᠷᠣᠨ ᠤ ᠰᠣᠶᠣᠯ᠂ ᠨᠤᠲᠤᠭ ᠤᠨ ᠰᠣᠶᠣᠯ ᠢ ᠰᠠᠶᠢᠲᠤᠷ ᠬᠠᠮᠠᠭᠠᠯᠠᠨ ᠤᠯᠠᠮᠵᠢᠯᠠᠬᠤ ᠬᠡᠷᠡᠭᠲᠡᠢ᠂ ᠲᠣᠰᠬᠤᠨ ᠪᠣᠯᠭᠠᠨ ᠢ ᠨᠢᠭᠡ ᠯᠡ ᠬᠡᠪ ᠤᠨ ᠪᠠᠶᠢᠯᠭᠠᠵᠤ ᠪᠤᠯᠬᠤ ᠦᠭᠡᠢ᠃ ᠭᠤᠷᠪᠠ ᠳᠤ ᠥᠭᠡᠷᠡᠴᠢᠯᠡᠯᠲᠡ ᠬᠢᠬᠦ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ᠂ ᠥᠷᠭᠡᠨ ᠣᠯᠠᠨ ᠲᠠᠷᠢᠶᠠᠴᠢᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠴᠣᠭᠴᠠ ᠮᠥᠨ᠂ ᠡᠷᠬᠡᠪᠰᠢ ᠲᠡᠳᠡᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠡᠳᠡᠨ ᠢ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠭᠤᠯᠬᠤ ᠶᠢᠨ ᠬᠠᠮᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠲᠤᠷ ᠡᠳ᠋ᠯᠡᠭᠦᠯᠭᠦ ᠬᠡᠷᠡᠭᠲᠡᠢ᠃      ᠰᠠᠶ᠋ᠢ ᠲᠠ ᠪᠠᠰᠠ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠳᠤᠷᠠᠳᠤᠭᠰᠠᠨ ᠪᠠᠶᠢᠨ᠎ᠠ᠃ ᠮᠠᠨ ᠤ ᠤᠯᠤᠰ ᠤᠨ ᠠᠮᠤ ᠪᠤᠳᠠᠭᠠᠨ ᠤ ᠤᠨᠠᠯᠲᠠ 8 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠢ ᠳᠠᠪᠠᠵᠤ᠂ ᠶᠡᠷᠦᠩᠬᠡᠢ  ᠳᠡᠭᠡᠨ ᠠᠮᠤ ᠪᠤᠳᠠᠭᠠᠨ ᠤ ᠠᠮᠤᠷ ᠲᠦᠪᠰᠢᠨ ᠪᠠᠲᠤᠯᠠᠭ᠎ᠠ ᠲᠠᠢ ᠶᠤᠮ᠂ ᠪᠢᠳᠡ ᠲᠠᠷᠢᠶᠠᠨ ᠭᠠᠵᠠᠷ ᠪᠠ ᠦᠷ᠎ᠡ ᠡᠭᠦᠯᠳᠡᠷ ᠤᠨ ︽ᠬᠤᠶᠠᠷ ᠵᠠᠩᠭᠢᠯᠠᠭ᠎ᠠ︾ ᠶᠢ ᠴᠢᠩᠭ᠎ᠠ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠳᠡ ᠲᠠᠷᠢᠶᠠᠴᠢᠨ ᠨᠥᠬᠦᠳ ᠲᠤ ᠣᠨᠴᠠᠭᠠᠶᠢᠯᠠᠨ ᠭᠡᠯᠡᠭᠦ ᠨᠢ᠄ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠭᠦ ᠵᠠᠰᠠᠭ ᠤᠨ ᠣᠷᠳᠣᠨ ᠤ ᠪᠤᠢ ᠪᠦᠬᠦᠢ ᠲᠥᠷᠥ ᠶᠢᠨ ᠪᠣᠳᠣᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ᠂ ᠣᠯᠠᠨ ᠢ ᠵᠣᠷᠢᠭᠵᠢᠭᠤᠯᠤᠨ ᠠᠮᠤ ᠪᠤᠳᠠᠭ᠎ᠠ ᠶᠢ ᠣᠯᠠᠨ ᠲᠠᠷᠢᠭᠤᠯᠵᠤ᠂ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠤ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠶᠢ ᠦᠨᠡᠨ ᠬᠦ ᠪᠠᠲᠤᠯᠠᠨ᠎ᠠ᠃      ᠳᠤᠮᠳᠠᠳᠤ ᠤᠯᠤᠰ ᠲᠤ ᠰᠠᠭᠤᠭ᠎ᠠ ᠠᠷᠠᠪ ᠤᠨ ᠣᠳᠣᠨ ᠲᠧᠯᠸᠢᠰ ᠤᠨ ᠬᠤᠷᠢᠶ᠎ᠠ ᠶᠢᠨ ᠰᠤᠷᠪᠤᠯᠵᠢᠯᠠᠬᠴᠢ᠄ ᠣᠳᠣᠬᠠᠨ  ᠳᠤ ᠭᠠᠵᠠᠷ ᠣᠷᠣᠨ ᠤ ᠤᠯᠤᠰ ᠲᠥᠷᠥ ᠶᠢᠨ ᠮᠥᠷᠭᠦᠯᠳᠦᠭᠡᠨ ᠪᠠ ᠳᠡᠯᠡᠬᠡᠶᠢᠵᠢᠯᠲᠡ ᠶᠢ ᠦᠭᠡᠶᠢᠰᠭᠡᠭᠦ ᠶᠠᠪᠤᠳᠠᠯ ᠬᠤᠷᠴᠠᠳᠴᠤ᠂ ᠳᠤᠮᠳᠠᠳᠤ ᠠᠮᠧᠷᠢᠺᠠ ᠶᠢᠨ ᠬᠠᠷᠢᠴᠠᠭ᠎ᠠ ᠪᠠᠴᠢᠮ ᠰᠢᠷᠦᠭᠦᠨ ᠮᠥᠷᠲᠡᠭᠡᠨ ᠡᠰᠡᠷᠭᠦᠴᠡᠯᠳᠦᠵᠦ ᠪᠠᠶᠢᠨ᠎ᠠ᠂ ᠬᠡᠳᠦᠶᠢᠪᠡᠷ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠬᠤ ᠶᠢ ᠴᠢᠬᠤᠯᠠᠴᠢᠯᠠᠭᠰᠠᠭᠠᠷ ᠢᠷᠡᠭᠰᠡᠨ ᠪᠤᠯᠪᠠᠴᠤ ᠭᠠᠳᠠᠭᠠᠳᠤ ᠪᠡᠯᠡ ᠶᠢᠨ ᠠᠵᠤ ᠠᠬᠤᠶᠢᠯᠠᠯ ᠭᠠᠳᠠᠭᠠᠳᠤ ᠶᠢᠨ ᠠᠵᠤ ᠠᠬᠤᠶᠢᠯᠠᠯ ᠮᠥᠨ ᠯᠡ ᠰᠠᠨᠠᠭ᠎ᠠ ᠠᠮᠤᠷ ᠡᠵᠡᠩᠨᠡᠯᠲᠡ ᠬᠢᠵᠦ ᠳᠡᠶᠢᠯᠭᠦ ᠦᠭᠡᠢ ᠪᠠᠶᠢᠵᠤ᠂ ᠵᠠᠷᠢᠮ ᠨᠢ ᠤᠬᠤᠷᠢᠨ ᠭᠠᠷᠬᠤ ᠶᠢ ᠪᠣᠳᠣᠯᠬᠢᠯᠠᠵᠤ ᠪᠠᠶᠢᠨ᠎ᠠ᠃ ᠲᠡᠭᠡᠪᠡᠯ᠂ ᠳᠤᠮᠳᠠᠳᠤ ᠤᠯᠤᠰ ᠤᠨ ᠭᠠᠳᠠᠭᠠᠳᠤ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠳᠤ ᠬᠤᠪᠢᠷᠠᠯᠲᠠ ᠭᠠᠷᠤᠨ᠎ᠠ ᠤᠤ︖ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠴᠠᠭ᠎ᠠ ᠵᠢᠴᠢ ᠲᠡᠭᠦᠨ ᠤ ᠰᠠᠶᠢᠵᠢᠷᠠᠯᠲᠠ ᠶᠢᠨ ᠢᠷᠡᠭᠡᠳᠦᠢ  ᠶᠢᠨ ᠬᠠᠨᠳᠤᠰᠢ ᠶᠢ ᠬᠡᠷᠬᠢᠨ ᠦᠵᠡᠵᠦ ᠪᠠᠶᠢᠬᠤ ᠪᠤᠢ︖      ᠯᠢ ᠴᠢᠶᠠᠩ᠄ ᠡᠨᠡ ᠵᠢᠯ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠣᠢ ᠪᠣᠯᠣᠨ᠎ᠠ᠂ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠢ ᠬᠥᠭᠵᠢᠭᠦᠯᠦᠭᠰᠡᠨ ᠪᠥᠭᠡᠳ ᠳᠡᠯᠡᠬᠡᠢ ᠳ᠋ᠠᠬᠢᠨ ᠢ ᠨᠥᠯᠥᠭᠡᠯᠡᠪᠡ᠃ ᠮᠢᠨᠤ ᠡᠵᠡᠮᠰᠢᠭᠰᠡᠨ ᠪᠠᠶᠢᠳᠠᠯ ᠠᠴᠠ ᠦᠵᠡᠪᠡᠯ᠂ ᠵᠣᠩᠬᠢᠯᠠᠬᠤ ᠣᠯᠠᠨ ᠲᠣᠭᠠᠨ ᠤ ᠭᠠᠳᠠᠭᠠᠳᠤ ᠪᠡᠯᠡ ᠶᠢᠨ ᠠᠵᠤ ᠠᠬᠤᠶᠢᠯᠠᠯ ᠮᠥᠨ ᠯᠡ ᠳᠤᠮᠳᠠᠳᠤ ᠤᠯᠤᠰ ᠲᠠᠬᠢ ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠠᠢ ᠪᠠᠶᠢᠵᠤ᠂ ᠨᠢᠳᠤᠨᠤᠨ ᠳᠤᠮᠳᠠᠳᠤ ᠤᠯᠤᠰ 1890 ᠭᠠᠷᠤᠢ ᠳ᠋ᠦᠩᠰᠢᠭᠤᠷ ᠳ᠋ᠣᠯᠯᠠᠷ ᠤᠨ ᠭᠠᠳᠠᠭᠠᠳᠤ ᠪᠡᠯᠡ ᠶᠢ ᠬᠡᠷᠡᠭᠯᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠭᠤᠷᠪᠠᠨ ᠵᠢᠯ ᠤᠨ ᠡᠮᠦᠨᠡᠬᠢ ᠠᠴᠠ ᠪᠠᠷᠤᠭ 500 ᠳ᠋ᠦᠩᠰᠢᠭᠤᠷ ᠳ᠋ᠣᠯᠯᠠᠷ ᠨᠡᠮᠡᠭᠳᠡᠵᠡᠢ᠃ ᠡᠨᠡ ᠨᠢ ᠳᠤᠮᠳᠠᠳᠤ ᠤᠯᠤᠰ ᠮᠥᠨ ᠬᠦ ᠪᠦᠭᠦ ᠪᠥᠮᠪᠥᠷᠴᠡᠭ ᠤᠨ ᠪᠡᠯᠡ ᠣᠷᠣᠭᠤᠯᠤᠯᠲᠠ ᠶᠢᠨ ᠬᠠᠯᠠᠮᠰᠢᠯ ᠭᠠᠵᠠᠷ ᠪᠤᠯᠬᠤ ᠶᠢ ᠬᠠᠷᠠᠭᠤᠯᠵᠤ ᠪᠠᠶᠢᠨ᠎ᠠ᠃      ᠭᠠᠳᠠᠭᠠᠳᠤ ᠨᠡᠭᠡᠭᠡᠯᠲᠡ ᠪᠣᠯ ᠮᠠᠨ ᠤ ᠦᠨᠳᠦᠰᠦᠨ ᠤᠯᠤᠰ ᠤᠨ ᠪᠣᠳᠣᠯᠭ᠎ᠠ ᠮᠥᠨ᠂ ᠭᠠᠳᠠᠭᠠᠳᠤ ᠪᠠᠶᠢᠳᠠᠯ ᠶᠠᠭᠠᠬᠢᠵᠤ ᠬᠤᠪᠢᠷᠠᠭᠰᠠᠨ ᠴᠦ ᠪᠢᠳᠡ ᠴᠥᠮ ᠡᠷᠡᠰ ᠭᠤᠶᠢᠪᠢᠰᠢ ᠦᠭᠡᠢ ᠪᠠᠷ ᠤᠷᠤᠭᠰᠢ ᠠᠬᠢᠭᠤᠯᠬᠤ ᠪᠣᠯᠣᠨ᠎ᠠ᠃ ᠪᠢ ᠠᠳᠡ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠢ ᠣᠨᠴᠠᠭᠠᠶᠢᠯᠠᠨ ᠳᠤᠷᠠᠳᠤᠶ᠎ᠠ᠂ ᠡᠨᠡ ᠪᠣᠯ ᠳᠤᠮᠳᠠᠳᠤ ᠤᠯᠤᠰ ᠰᠠᠨᠠᠭᠠᠴᠢᠯᠠᠭ᠎ᠠ ᠠᠴᠠ ᠪᠠᠨ ᠳᠡᠯᠡᠬᠡᠢ ᠳ᠋ᠠᠬᠢᠨ ᠲᠡᠶᠢᠰᠢ ᠵᠠᠬ᠎ᠠ ᠳᠡᠯᠭᠡᠭᠦᠷ ᠢᠶᠠᠨ ᠨᠡᠭᠡᠭᠡᠵᠦ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠭᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠂ ᠨᠢᠭᠡᠨᠲᠡ 5 ᠬᠤᠭᠤᠴᠠᠭ᠎ᠠ ᠦᠷᠭᠦᠯᠵᠢᠯᠡᠨ ᠡᠷᠭᠢᠯᠡᠵᠦ᠂ ᠬᠢᠵᠢᠭ ᠤᠨ ᠪᠠᠶᠢᠳᠠᠯ ᠳᠤ ᠴᠦ ᠭᠡᠰᠡᠨ ᠲᠠᠰᠤᠯᠳᠠᠭᠰᠠᠨ ᠦᠭᠡᠢ ᠶᠤᠮ᠂ ᠨᠢᠳᠤᠨᠤᠨ 127 ᠤᠯᠤᠰ ᠪᠠ ᠭᠠᠵᠠᠷ ᠣᠷᠣᠨ ᠤ 2800 ᠭᠠᠷᠤᠢ ᠠᠵᠤ ᠠᠬᠤᠶᠢᠯᠠᠯ ᠦᠵᠡᠰᠭᠦᠯᠡᠩ ᠤᠨ ᠴᠤᠭᠯᠠᠭᠠᠨ ᠳᠤ ᠣᠷᠣᠯᠴᠠᠬᠰᠠᠨ ᠪᠠᠶᠢᠨ᠎ᠠ᠃ ᠳᠤᠮᠳᠠᠳᠤ ᠤᠯᠤᠰ ᠤᠨ ᠨᠡᠭᠡᠭᠡᠯᠲᠡᠲᠤ ᠲᠣᠮᠣ ᠵᠠᠬ᠎ᠠ ᠳᠡᠯᠭᠡᠭᠦᠷ ᠨᠢ ᠡᠯ᠎ᠡ ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠴᠢᠬᠤᠯᠠ ᠠᠵᠠ ᠲᠣᠭᠢᠶᠠᠯ ᠪᠤᠯᠬᠤ ᠶᠢ ᠡᠨᠡ ᠬᠦ ᠦᠵᠡᠰᠭᠦᠯᠡᠩ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠨᠢ ᠭᠦᠢᠴᠡᠳ ᠲᠣᠳᠣᠷᠬᠠᠶᠢᠯᠠᠵᠤ ᠪᠠᠶᠢᠨ᠎ᠠ᠃      ᠡᠨᠡ ᠵᠢᠯ ᠪᠢᠳᠡ ᠪᠠᠰᠠ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠵᠤ᠂ ᠨᠡᠭᠡᠭᠡᠯᠲᠡ ᠪᠠᠨ ᠤᠯᠠᠮ ᠴᠢᠨᠠᠭᠰᠢᠳᠠ ᠥᠷᠭᠡᠳᠬᠡᠨ᠎ᠡ᠃ ᠳᠤᠮᠳᠠᠳᠤ ᠤᠯᠤᠰ ᠤᠨ ᠨᠡᠭᠡᠭᠡᠯᠲᠡ ᠬᠢᠬᠦ ᠡᠭᠦᠳᠡ ᠶᠠᠪᠤᠬᠤ ᠳᠤᠳᠤᠮ ᠲᠣᠮᠣ ᠨᠡᠭᠡᠭᠡᠭᠳᠡᠵᠦ᠂ ᠣᠷᠴᠢᠨ ᠲᠣᠭᠤᠷᠢᠨ ᠶᠠᠪᠤᠬᠤ ᠳᠤᠳᠤᠮ ᠰᠠᠶᠢᠵᠢᠷᠠᠵᠤ᠂ ᠦᠢᠯᠡᠴᠢᠯᠡᠭᠡ ᠶᠠᠪᠤᠬᠤ ᠳᠤᠳᠤᠮ ᠰᠢᠯᠢᠳᠡᠭᠵᠢᠨ᠎ᠡ᠃ ᠨᠡᠭᠡᠭᠡᠯᠲᠡ ᠲᠠᠢ ᠳᠤᠮᠳᠠᠳᠤ ᠤᠯᠤᠰ ᠣᠯᠠᠨ ᠤ ᠪᠡᠯᠡ ᠣᠷᠣᠭᠤᠯᠵᠤ ᠦᠢᠯᠡᠰ ᠪᠣᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠳᠤᠮᠳᠠᠳᠤ ᠠᠮᠧᠷᠢᠺᠠ ᠶᠢᠨ ᠬᠠᠷᠢᠴᠠᠭᠠᠨ ᠤ ᠪᠣᠳᠠᠲᠠᠢ ᠠᠰᠠᠭᠤᠳᠠᠯ ᠤᠨ ᠲᠤᠬᠠᠢ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠴᠢᠨ ᠭᠠᠩ ᠲᠦᠷᠦᠭᠦᠦ ᠬᠡᠳᠦᠨ ᠡᠳᠦᠷ ᠤᠨ ᠰᠤᠷᠪᠤᠯᠵᠢᠯᠠᠬᠴᠢᠳ ᠤᠨ ᠬᠤᠷᠠᠯ ᠳᠡᠭᠡᠷ᠎ᠡ ᠨᠢᠭᠡᠨᠲᠡ ᠲᠣᠳᠣᠷᠬᠠᠶᠢᠯᠠᠨ ᠥᠭᠦᠯᠡᠵᠡᠢ᠂ ᠪᠢ ᠲᠠᠭᠢᠵᠤ ᠨᠣᠷᠱᠣᠬᠤ ᠦᠭᠡᠢ᠃ ᠣᠳᠣᠬᠠᠨ ᠤ ᠴᠢᠬᠤᠯᠠ ᠶᠠᠪᠤᠳᠠᠯ ᠪᠣᠯ ᠰᠢ ᠶᠢᠨ ᠫᠢᠩ ᠲᠡᠷᠢᠭᠦᠯᠡᠭᠴᠢ ᠪᠣᠯᠣᠨ ᠪᠠᠶᠢᠳᠧᠨ ᠶᠡᠷᠦᠩᠬᠡᠶᠢᠯᠡᠭᠴᠢ ᠶᠢᠨ ᠨᠢᠳᠤᠨᠤᠨ ᠤ 11 ᠰᠠᠷ᠎ᠠ ᠳᠤ ᠠᠭᠤᠯᠵᠠᠯᠲᠠ ᠬᠢᠬᠦ ᠦᠶ᠎ᠡ ᠳᠤ ᠲᠣᠬᠢᠷᠠᠯᠴᠠᠭᠰᠠᠨ ᠠᠯᠢ ᠣᠯᠠᠨ ᠴᠢᠬᠤᠯᠠ ᠬᠠᠮᠲᠤ ᠶᠢᠨ ᠲᠠᠨᠢᠯᠲᠠ ᠶᠢ ᠪᠣᠳᠠᠲᠠᠢ ᠲᠥᠷᠥ ᠶᠢᠨ ᠪᠣᠳᠣᠯᠭ᠎ᠠ ᠪᠣᠯᠣᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃      ᠮᠢᠨᠤ ᠮᠡᠳᠡᠭᠦ ᠪᠠᠷ᠂ ᠡᠨᠡ ᠬᠡᠳᠦᠨ ᠵᠢᠯ ᠳᠤ ᠠᠮᠧᠷᠢᠺᠠ ᠶᠢᠨ ᠤᠯᠤᠰ ᠤᠨ ᠳᠣᠲᠣᠭᠠᠳᠤ ᠶᠢᠨ ᠵᠠᠷᠢᠮ ᠬᠥᠮᠥᠰ ᠬᠤᠶᠠᠷ ᠤᠯᠤᠰ ᠤᠨ ︽ᠬᠠᠷᠢᠴᠠᠭ᠎ᠠ ᠪᠠᠨ ᠲᠠᠰᠤᠯᠬᠤ︾ ᠶᠠᠷᠢᠶ᠎ᠠ ᠬᠡᠯᠡᠯᠴᠡᠭᠡ ᠶᠢ ᠬᠥᠭᠡᠷᠭᠡᠳᠡᠵᠦ ᠪᠠᠶᠢᠨ᠎ᠠ᠂ ᠵᠠᠷᠢᠮ ᠳᠠᠭᠠᠨ ᠪᠠᠰᠠ ᠮᠠᠰᠢ ᠶᠡᠭᠡ ᠬᠠᠯᠠᠮᠰᠢᠯ ᠪᠤᠯᠳᠠᠭ ᠪᠠᠶᠢᠨ᠎ᠠ᠂ ᠭᠡᠪᠡᠴᠦ ᠴᠣᠬᠤᠮ ᠬᠡᠳᠦᠢ ᠬᠥᠮᠥᠨ ᠡᠶᠢᠮᠦᠷᠬᠦ ᠬᠥᠭᠡᠷᠭᠡᠳᠡᠯ ᠠᠴᠠ ᠦᠨᠡᠨ ᠬᠦ ᠠᠰᠢᠭ ᠭᠦᠷᠳᠡᠭᠦ ᠶᠢ ᠪᠢ ᠮᠡᠳᠡᠭᠦ ᠦᠭᠡᠢ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠪᠦᠷᠢᠳᠬᠡᠯ ᠢ ᠦᠨᠳᠦᠰᠦᠯᠡᠪᠡᠯ᠂ ᠨᠢᠳᠤᠨᠤᠨ ᠳᠤᠮᠳᠠᠳᠤ ᠠᠮᠧᠷᠢᠺᠠ ᠶᠢᠨ ᠠᠷᠠᠯᠵᠢᠶᠠᠨ ᠤ ᠬᠡᠮᠵᠢᠶ᠎ᠡ 7600 ᠳ᠋ᠦᠩᠰᠢᠭᠤᠷ ᠭᠠᠷᠤᠢ ᠳ᠋ᠣᠯᠯᠠᠷ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠬᠡᠨ ᠠᠯᠢᠨ  ᠠᠴᠠ ᠪᠠᠨ ᠰᠠᠯᠵᠤ ᠴᠢᠳᠠᠬᠤ ᠦᠭᠡᠢ᠂ ᠬᠠᠷᠢᠯᠴᠠᠨ ᠪᠦᠷ ᠨᠦᠭᠦᠭᠡ ᠡᠲᠡᠭᠡᠳ ᠤᠨ ᠢᠶᠠᠨ ᠬᠥᠭᠵᠢᠯᠲᠡ ᠠᠴᠠ ᠠᠰᠢᠭ ᠬᠦᠷᠲᠡᠵᠦ ᠪᠤᠢ᠃ ᠪᠢ ᠨᠢᠳᠤᠨᠤᠨ ᠶᠡᠬᠡᠩᠬᠢ ᠴᠠᠭ ᠲᠤ ᠱᠠᠩᠬᠠᠢ ᠳᠤ ᠠᠵᠢᠯᠯᠠᠵᠤ᠂ ᠠᠮᠧᠷᠢᠺᠠ ᠶᠢᠨ ᠪᠡᠯᠡ ᠶᠢ ᠪᠠᠭᠲᠠᠭᠠᠭᠰᠠᠨ ᠴᠥᠭᠡᠨ ᠪᠤᠰᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠭᠴᠢ ᠲᠠᠢ ᠠᠭᠤᠯᠵᠠᠵᠤ ᠤᠴᠠᠷᠠᠭᠰᠠᠨ ᠶᠤᠮ᠂ ᠲᠡᠳᠡ ᠪᠦᠷ ᠨᠠᠳᠠ ᠳᠤ ᠱᠠᠩᠬᠠᠢ ᠶᠢ ᠲᠣᠭᠤᠵᠤ᠂ ᠳᠤᠮᠳᠠᠳᠤ ᠤᠯᠤᠰ ᠢ ᠲᠣᠭᠤᠵᠤ᠂ ᠬᠠᠮᠲᠤᠷᠠᠯᠴᠠᠭ᠎ᠠ  ᠶᠢᠨ ᠳᠤᠮᠳᠠ ᠠᠴᠠ ᠬᠠᠮᠲᠤ ᠪᠠᠷ ᠠᠰᠢᠭ ᠭᠦᠷᠳᠡᠭᠦ ᠶᠢ ᠬᠦᠰᠡᠵᠦ ᠪᠠᠶᠢᠨ᠎ᠠ ᠭᠡᠵᠦ ᠬᠡᠯᠡᠪᠡ᠃ ᠡᠳᠡᠭᠡᠷ ᠨᠢ ᠴᠥᠮ ᠳᠤᠮᠳᠠᠳᠤ ᠠᠮᠧᠷᠢᠺᠠ ᠬᠠᠮᠲᠤᠷᠠᠨ ᠠᠵᠢᠯᠯᠠᠵᠤ ᠪᠤᠯᠬᠤ ᠪᠥᠭᠡᠳ ᠬᠠᠮᠲᠤᠷᠠᠨ ᠠᠵᠢᠯᠯᠠᠬᠤ ᠴᠤ ᠶᠣᠰᠣᠲᠠᠢ ᠭᠡᠳᠡᠭ ᠢ ᠬᠠᠷᠠᠭᠤᠯᠵᠤ ᠪᠠᠶᠢᠨ᠎ᠠ ᠃ ᠳᠤᠮᠳᠠᠳᠤ ᠠᠮᠧᠷᠢᠺᠠ ᠬᠠᠮᠲᠤᠷᠠᠯᠴᠠᠭ᠎ᠠ ᠬᠢᠬᠦ ᠰᠠᠷᠠᠭᠤᠯ ᠢᠷᠡᠭᠡᠳᠦᠢ ᠲᠠᠢ᠃ ᠪᠦᠰᠡᠯᠡᠯᠲᠡ᠂ ᠳᠠᠷᠤᠯᠲᠠ ᠨᠢ ᠬᠡᠨ ᠳᠤ ᠴᠦ ᠠᠰᠢᠭ ᠦᠭᠡᠢ ᠶᠤᠮ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠬᠠᠲᠠᠭᠤ ᠪᠡᠷᠬᠡ ᠬᠦᠨᠳᠦ ᠨᠦᠰᠡᠷ ᠡᠭᠦᠷᠭᠡ ᠳᠤ ᠲᠤᠯᠭᠠᠷᠠᠵᠤ᠂ ᠡᠯ᠎ᠡ ᠲᠠᠯ᠎ᠠ ᠶᠢᠨ ᠬᠢᠨ ᠴᠦ ᠮᠠᠰᠢ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠡᠨᠡ ᠨᠢ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ᠂ ᠠᠵᠢᠯ  ᠤᠨ ᠰᠤᠷᠲᠠᠯ ᠳᠤ ᠴᠥᠮ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠪᠣᠳᠣᠯᠬᠢᠯᠠᠯ ᠲᠠᠢ ᠪᠤᠶ︖      ᠯᠢ ᠴᠢᠶᠠᠩ᠄ ᠲᠠᠨ ᠤ ᠬᠡᠯᠡᠭᠰᠡᠨ ᠰᠢᠭ ᠢᠶᠠᠷ᠂ ᠰᠢᠨ᠎ᠡ ᠡᠭᠦᠷᠭᠡ ᠬᠠᠷᠢᠭᠤᠴᠠᠯᠭ᠎ᠠ ᠪᠢᠳᠡᠨ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ᠃ ᠪᠢᠳᠡ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠣᠭᠢᠶᠠᠯ ᠪᠣᠯᠭᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠬᠤᠪᠢᠷᠠᠭᠤᠯᠤᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠤᠷᠲᠠᠯ ᠢᠶᠠᠨ ᠰᠠᠶᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠳᠥᠷᠪᠡᠨ ᠵᠦᠢᠯ ᠤᠨ ᠠᠵᠢᠯ ᠢ ᠲᠣᠪᠣᠶᠢᠮ᠎ᠠ ᠠᠳᠬᠤᠨ᠎ᠠ᠄      ᠨᠢᠭᠡ ᠳᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ ᠣᠶᠢᠷ᠎ᠠ ᠳᠤ ᠨᠠᠮ ᠤᠨ ᠲᠥᠪ ᠬᠤᠷᠢᠶ᠎ᠠ ᠠᠴᠠ ᠨᠢᠭᠡᠨᠲᠡ ᠲᠣᠳᠣᠷᠬᠠᠢ ᠱᠠᠭᠠᠷᠳᠠᠯᠭ᠎ᠠ ᠳᠤᠷᠠᠳᠴᠤ᠂ ᠲᠦᠷᠦ ᠶᠢᠨ ᠶᠠᠪᠤᠳᠠᠯ ᠤᠨ ᠬᠤᠷᠢᠶ᠎ᠠ ᠲᠦᠷᠦᠭᠦᠯᠡᠨ ᠨᠠᠷᠢᠨ ᠬᠢᠨᠠᠮᠠᠭᠠᠢ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ ᠪᠢ ᠤᠷᠲᠤ ᠬᠤᠭᠤᠴᠠᠭ᠎ᠠ ᠪᠠᠷ ᠣᠷᠣᠨ ᠨᠤᠲᠤᠭ ᠲᠤ ᠠᠵᠢᠯᠯᠠᠵᠤ᠂ ᠡᠨᠡ ᠲᠠᠯ᠎ᠠ ᠪᠠᠷ ᠮᠠᠰᠢ ᠭᠦᠨ ᠲᠥᠷᠥᠭᠳᠡᠯ ᠲᠠᠢ᠄ ᠠᠯᠪᠠᠨ ᠭᠡᠷ ᠲᠤ ᠰᠠᠭᠤᠪᠠᠯ ᠲᠤᠯᠭᠠᠷᠠᠬᠤ ᠨᠢ ᠴᠥᠮ ᠠᠰᠠᠭᠤᠳᠠᠯ ᠪᠠᠶᠢᠳᠠᠭ᠂ ᠦᠨᠳᠦᠰᠦᠨ ᠱᠠᠲᠤᠨ ᠳᠤ ᠭᠦᠨᠵᠡᠭᠡᠶᠢᠷᠡᠪᠡᠯ ᠠᠯᠢ ᠤᠯᠠᠨ ᠠᠷᠭ᠎ᠠ ᠣᠯᠳᠠᠳᠠᠭ᠃ ᠮᠡᠷᠭᠡᠳ ᠠᠷᠠᠳ ᠤᠨ ᠳᠤᠮᠳᠠ ᠪᠠᠶᠢᠳᠠᠭ᠃ ᠪᠢᠳᠡ ᠡᠯ᠎ᠡ ᠱᠠᠲᠤᠨ ᠤ ᠺᠠᠳ᠋ᠷᠴᠤᠳ ᠤᠨ ᠡᠮᠦᠨ᠎ᠡ ᠹᠷᠣᠨᠲ ᠲᠤ ᠢᠯᠡᠭᠦᠬᠡᠨ ᠣᠴᠢᠬᠤ ᠶᠢ ᠠᠬᠢᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠠᠷᠠᠳ ᠤᠯᠠᠨ ᠠᠴᠠ ᠰᠤᠷᠤᠯᠴᠠᠵᠤ᠂ ᠦᠨᠳᠦᠰᠦᠨ ᠱᠠᠲᠤ ᠶᠢ ᠦᠨᠡᠨ ᠬᠦ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠭᠦ ᠬᠡᠷᠡᠭᠲᠡᠢ᠃ ᠢᠯᠠᠩᠭᠤᠶ᠎ᠠ ᠤᠷᠳᠤ ᠬᠤᠭᠤᠴᠠᠭ᠎ᠠ ᠪᠠᠷ ᠲᠣᠮᠣ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠵᠠᠯᠠᠭᠤ ᠨᠥᠬᠦᠳ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠳᠤ ᠰᠡᠳᠬᠢᠯ ᠬᠤᠯᠪᠣᠨ᠂ ᠤᠯᠠᠨ ᠲᠦᠮᠡᠨ ᠲᠠᠢ ᠨᠡᠩ ᠣᠶᠢᠷᠠᠲᠤᠭᠰᠠᠨ ᠪᠠᠶᠢᠬᠤ ᠬᠡᠷᠡᠭᠲᠡᠢ᠃      ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠰᠠᠭ ᠤᠨ ᠣᠷᠳᠣᠨ ᠤ ᠠᠵᠢᠯ ᠢ ᠡᠷᠬᠡᠪᠰᠢ ᠬᠠᠤᠯᠢ ᠴᠠᠭᠠᠵᠠ ᠶᠢᠨ ᠪᠣᠷᠣ ᠲᠥᠯᠥᠪ ᠤᠨ ᠳᠣᠲᠣᠷ᠎ᠠ ᠶᠠᠪᠤᠭᠳᠠᠭᠤᠯᠵᠤ᠂ ᠠᠯᠢᠪᠠ ᠵᠠᠰᠠᠭ ᠵᠠᠬᠢᠷᠭᠠᠨ ᠤ ᠠᠵᠢᠯᠯᠠᠭ᠎ᠠ ᠶᠢ ᠴᠥᠮ ᠬᠠᠤᠯᠢ ᠶᠢᠨ ᠦᠨᠳᠦᠰᠦᠯᠡᠯ ᠲᠠᠢ ᠪᠠᠶᠢᠯᠭᠠᠬᠤ ᠬᠡᠷᠡᠭᠲᠡᠢ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠤᠯᠢᠵᠢᠯ ᠤᠨ ᠰᠡᠳᠬᠢᠬᠦᠢ᠂ ᠬᠠᠤᠯᠢᠵᠢᠯ ᠤᠨ ᠠᠷᠭ᠎ᠠ ᠭᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃      ᠭᠤᠷᠪᠠ ᠳᠤ᠂ ᠪᠦᠲᠦᠭᠡᠯᠴᠢ ᠴᠢᠨᠠᠷᠲᠠᠢ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠨ ᠠᠵᠢᠯᠲᠠᠳ ᠴᠥᠮ ᠦᠢᠯᠡᠴᠢᠯᠡᠬᠦ ᠤᠬᠠᠮᠰᠠᠷ᠂ ᠬᠥᠭᠵᠢᠯᠲᠡ ᠶᠢᠨ ᠤᠬᠠᠮᠰᠠᠷ ᠲᠠᠢ ᠪᠠᠶᠢᠬᠤ ᠬᠡᠷᠡᠭᠲᠡᠢ᠂ ᠢᠯᠠᠩᠭᠤᠶ᠎ᠠ ᠬᠢᠨᠠᠨ ᠵᠥᠪᠰᠢᠶᠡᠷᠡᠬᠦ᠂ ᠬᠠᠮᠢᠶᠠᠷᠬᠤ ᠡᠭᠦᠷᠭᠡ ᠴᠢᠳᠠᠪᠤᠷᠢ ᠪᠠᠨ ᠭᠦᠢᠴᠡᠳᠬᠡᠬᠦ ᠦᠶ᠎ᠡ ᠳᠤ  ᠲᠣᠷᠣᠮᠰᠤᠯᠠᠭᠤᠷ  ᠢ ᠯᠠ ᠭᠢᠰᠬᠢᠭᠡᠳ᠂ ᠲᠣᠰᠣ ᠨᠡᠮᠡᠭᠦ ᠪᠠᠨ ᠮᠠᠷᠲᠠᠵᠤ ᠪᠤᠯᠬᠤ ᠦᠭᠡᠢ︔ ᠵᠦᠪᠭᠡᠨ ᠵᠠᠮ ᠤᠨ ᠬᠤᠷᠢᠭ᠎ᠠ ᠯᠡ ᠭᠠᠷᠭᠠᠵᠤ᠂ ᠵᠠᠮ ᠤᠨ ᠲᠡᠮᠳᠡᠭ ᠲᠠᠯᠪᠢᠬᠤ ᠦᠭᠡᠢ ᠪᠠᠶᠢᠵᠤ ᠪᠤᠯᠬᠤ ᠦᠭᠡᠢ︔ ᠠᠯᠢᠪᠠ ᠶᠠᠪᠤᠳᠠᠯ ᠳᠤ ︽ᠬᠢᠪᠡᠯ ᠵᠣᠬᠢᠬᠤ ᠡᠰᠡᠬᠦ︾ ᠶᠢᠨ ᠦᠷᠳᠡᠭ ᠤᠨ ᠮᠠᠭᠠᠳᠯᠠᠯᠲᠠ ᠶᠢ ᠢᠯᠡᠭᠦᠬᠡᠨ ᠬᠢᠬᠦ ᠬᠡᠷᠡᠭᠲᠡᠢ᠂ ᠵᠥᠪᠭᠡᠨ ᠳᠥᠭᠦᠮᠬᠡᠨ ᠢᠶᠠᠷ ︽ᠬᠢᠵᠦ ᠪᠤᠯᠬᠤ ᠡᠰᠡᠬᠦ︾ ᠶᠢᠨ ᠮᠡᠷᠭᠡᠵᠢᠯ ᠤᠨ ᠮᠠᠭᠠᠳᠯᠠᠯᠲᠠ ᠬᠢᠵᠦ ᠪᠤᠯᠬᠤ ᠦᠭᠡᠢ᠃ ᠠᠯᠢᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠵᠢᠩᠬᠢᠨᠢ ᠪᠦᠲᠦᠭᠡᠯᠴᠢ ᠴᠢᠳᠠᠪᠤᠷᠢ ᠲᠠᠢ ᠭᠦᠢᠴᠡᠳᠭᠡᠭᠴᠢ ᠪᠤᠯᠬᠤ ᠬᠡᠷᠡᠭᠲᠡᠢ᠃      ᠳᠥᠷᠪᠡ ᠳᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠪᠢᠳᠡ ᠢᠮᠠᠭᠲᠠ ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠪᠠᠷ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠯᠢᠪᠠ ᠢᠯᠵᠢᠷᠡᠯ ᠤᠨ ᠠᠵᠢᠯᠯᠠᠭ᠎ᠠ ᠶᠢ ᠥᠴᠥᠬᠡᠨ ᠴᠦ ᠠᠭᠤᠴᠢᠯᠠᠬᠤ ᠦᠭᠡᠢ᠃ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠴᠥᠮ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠦᠨᠡᠨᠴᠢ ᠰᠢᠳᠤᠷᠭᠤ᠂ ᠴᠡᠪᠡᠷ ᠴᠢᠬᠡᠴᠢ᠂ ᠬᠠᠷᠢᠭᠤᠴᠠᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃      ᠰᠤᠷᠪᠤᠯᠵᠢᠯᠠᠬᠴᠢᠳ ᠤᠨ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ ᠠᠯᠲᠠᠨ ᠥᠩᠭᠡᠲᠦ ᠣᠷᠳᠣᠨ ᠳᠤ 80 ᠮᠢᠨᠦ᠋ᠲ ᠶᠠᠪᠤᠭᠳᠠᠵᠤ᠂ ᠳᠣᠲᠣᠭᠠᠳᠤ ᠭᠠᠳᠠᠭᠠᠳᠤ ᠶᠢᠨ 500 ᠭᠠᠷᠤᠢ ᠰᠤᠷᠪᠤᠯᠵᠢᠯᠠᠬᠴᠢ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号