ᠪᠤᠭᠤᠲᠤ ᠪᠣᠯᠣᠳ ᠠᠵᠤ ᠦᠢᠯᠡᠳᠪᠦᠷᠢ ᠶᠢᠨ ᠵᠢᠭᠤᠯᠴᠢᠯᠠᠯ
ᠨᠡᠶᠢᠲᠡᠯᠡᠭᠰᠡᠨ ᠴᠠᠭ᠄
2023/3/2
       ᠪᠤᠭᠤᠲᠤ ᠪᠣᠯᠣᠳ ᠺᠣᠮᠫᠠᠨᠢ ᠪᠣᠯ ᠮᠠᠨ ᠤ ᠤᠯᠤᠰ ᠤᠨ ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠭᠰᠠᠨ ᠪᠣᠯᠣᠳ ᠲᠡᠮᠦᠷ ᠤᠨ ᠦᠢᠯᠡᠳᠪᠦᠷᠢᠯᠡᠯ ᠤᠨ ᠰᠠᠭᠤᠷᠢᠨ ᠪᠣᠯᠤᠨ᠎ᠠ᠃  ᠪᠤᠭᠤᠲᠤ ᠪᠣᠯᠣᠳ ᠪᠦᠯᠦᠭᠯᠡᠯ ᠢ ᠲᠤᠭᠤᠷᠢᠨ ᠦᠵᠡᠵᠦ ᠣᠶᠢᠯᠠᠭᠠᠬᠤ ᠨᠢ ᠰᠤᠷᠤᠭᠴᠢᠳ ᠤᠨ ᠨᠡᠶᠢᠭᠡᠮ ᠤᠨ ᠬᠠᠷᠢᠭᠤᠴᠠᠯᠭ᠎ᠠ ᠶᠢᠨ ᠤᠬᠠᠮᠰᠠᠷ᠂ ᠳᠦᠷᠢᠮ ᠤᠨ ᠤᠬᠠᠮᠰᠠᠷ᠂ ᠬᠤᠪᠢ ᠨᠡᠮᠡᠷᠢ ᠦᠵᠡᠭᠦᠯᠬᠦ ᠤᠬᠠᠮᠰᠠᠷ ᠢ ᠴᠢᠩᠭᠠᠳᠬᠠᠬᠤ ᠳᠤ ᠴᠢᠬᠤᠯᠠ ᠦᠢᠯᠡᠳᠦᠯ ᠲᠠᠢ ᠶᠤᠮ᠃  ᠪᠤᠭᠤᠲᠤ ᠪᠣᠯᠣᠳ‌ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠᠶᠢᠭᠤᠯᠤᠭᠳᠠᠭᠰᠠᠨ ᠠᠴᠠ ᠨᠠᠭᠠᠰᠢ ᠠᠵᠤ ᠦᠢᠯᠡᠳᠪᠦᠷᠢ ᠶᠢᠨ ᠬᠤᠪᠢᠰᠬᠠᠯ ᠤᠨ ᠤᠯᠠᠮᠵᠢᠯᠠᠯᠲᠤ ᠬᠥᠮᠦᠵᠢᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠪᠠᠶᠢᠳᠠᠯ ᠤᠨ ᠬᠥᠮᠦᠵᠢᠯ ᠢᠶᠠᠷ ᠦᠨᠳᠦᠰᠦᠨ ᠭᠠᠷᠤᠭ᠎ᠠ ᠪᠣᠯᠭᠠᠵᠤ᠂ 2006 ᠣᠨ ᠳᠤ ᠪᠦᠬᠦ ᠤᠯᠤᠰ ᠤᠨ ᠠᠩᠬᠠᠳᠠᠭᠴᠢ ᠪᠦᠯᠦᠭ ︽ᠪᠦᠬᠦ ᠤᠯᠤᠰ ᠤᠨ ᠠᠵᠤ ᠦᠢᠯᠡᠳᠪᠦᠷᠢ ᠶᠢᠨ  ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ︾ ᠢᠶᠠᠷ ᠰᠣᠩᠭᠤᠭᠳᠠᠭᠰᠠᠨ ᠤ ᠲᠠᠷᠠᠭ᠎ᠠ᠂ 2017 ᠣᠨ ᠤ 3 ᠰᠠᠷ᠎ᠠ ᠳᠤ᠂ᠪᠤᠭᠤᠲᠤ ᠬᠤᠳᠠ ᠶᠢᠨ ᠵᠢᠭᠤᠯᠴᠢᠯᠠᠯ ᠤᠨ ᠲᠤᠪᠴᠢᠶ᠎ᠡ ᠠᠴᠠ  ᠪᠤᠭᠤᠲᠤ ᠪᠣᠯᠣᠳ ᠠᠵᠤ ᠦᠢᠯᠡᠳᠪᠦᠷᠢ ᠶᠢᠨ ᠵᠢᠭᠤᠯᠴᠢᠯᠠᠯ ᠤᠨ       ᠰᠠᠭᠤᠷᠢᠨ   ᠳᠤ  ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ︾ ᠤ ᠴᠣᠯᠠ ᠣᠯᠭᠤᠪᠠ︔ 2017 ᠣᠨ ᠤ 7 ᠰᠠᠷ᠎ᠠ ᠳᠤ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶ᠎ᠠ ᠠᠴᠠ  ᠪᠤᠭᠤᠲᠤ ᠪᠣᠯᠣᠳ‌ᠠᠵᠤ ᠦᠶᠯᠡᠳᠪᠦᠷᠢ ᠶᠢᠨ ᠵᠢᠭᠤᠯᠴᠢᠯᠠᠯ ᠤᠨ ᠰᠠᠭᠤᠷᠢᠨ ᠳᠤ ︽ᠲᠠᠯ᠎ᠠ ᠨᠤᠲᠤᠭ ᠤᠨ ᠪᠣᠯᠣᠳ ᠤᠨ ᠬᠤᠲᠠ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ︾ ᠭᠡᠬᠦ ᠴᠣᠯᠠ ᠣᠯᠭᠤᠪᠠ︔ 2018 ᠣᠨ ᠳᠤ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ᠲᠤᠰ ᠵᠢᠯ ᠳᠤ ︽ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠤᠯᠪᠣᠭᠠᠲᠤ ᠴᠣᠭᠴᠠ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠱᠠᠩᠨᠠᠯ︾ ᠢ ᠬᠦᠷᠳᠡᠵᠤ᠂  ᠪᠤᠭᠤᠲᠤ ᠪᠣᠯᠣᠳ ᠨᠢ ᠲᠤᠰ ᠭᠠᠵᠠᠷ ᠣᠷᠣᠨ ᠤ ᠠᠵᠤ ᠦᠢᠯᠡᠳᠪᠦᠷᠢ ᠶᠢ ᠰᠤᠳᠤᠯᠤᠨ ᠰᠤᠷᠤᠯᠴᠠᠬᠤ ᠳᠤ ᠣᠷᠣᠯᠠᠭᠤᠯᠵᠤ ᠪᠣᠯᠤᠰᠢ ᠦᠭᠡᠢ ᠲᠡᠦᠬᠡᠲᠦ ᠠᠴᠢ ᠬᠤᠯᠪᠣᠭᠳᠠᠯ ᠪᠠ ᠥᠪᠡᠷᠮᠢᠴᠡ ᠤᠨᠴᠠᠭᠠᠢ ᠰᠤᠳᠤᠯᠤᠨ ᠰᠤᠷᠤᠯᠴᠠᠬᠤ ᠦᠨ᠎ᠡ ᠦᠷᠳᠡᠭ ᠲᠠᠢ ᠶᠤᠮ᠃  ᠪᠤᠭᠤᠲᠤ ᠪᠣᠯᠣᠳ ᠠᠵᠤ ᠦᠢᠯᠡᠳᠪᠦᠷᠢ ᠶᠢᠨ ᠵᠢᠭᠤᠯᠴᠢᠯᠠᠯ ᠤᠨ ᠤᠷᠤᠨ ᠨᠢ ᠪᠤᠰᠤᠳ ᠵᠢᠭᠤᠯᠴᠢᠯᠠᠯ ᠤᠨ ᠦᠵᠡᠮᠵᠢ ᠶᠢᠨ ᠤᠷᠤᠨ ᠠᠴᠠ ᠢᠯᠭᠠᠬᠳᠠᠨ᠎ᠠ᠂ ᠲᠡᠷᠡ ᠨᠢ ᠤᠳᠤ ᠶᠠᠭ ᠦᠢᠯᠡᠳᠪᠦᠷᠢᠯᠡᠵᠦ ᠪᠠᠶᠢᠭ᠎ᠠ ᠦᠢᠯᠡᠳᠪᠦᠷᠢ ᠶᠢᠨ ᠲᠠᠰᠤᠭ ᠲᠤ ᠲᠦᠰᠢᠭᠯᠡᠵᠤ᠂ ᠭᠤᠷᠪᠠᠨ ᠵᠤᠷᠪᠤᠰ ᠲᠣᠭᠤᠷᠢᠨ ᠦᠵᠡᠬᠦ ᠵᠠᠮ ᠱᠤᠭᠤᠮ ᠢ ᠨᠡᠪᠲᠡᠷᠡᠭᠦᠯᠵᠡᠢ᠂ ᠨᠢᠭᠡ ᠨᠢ᠂ ᠪᠠᠶ᠋ᠬᠠᠠᠤᠪᠤᠭ᠎ᠠ ᠲᠡᠮᠤᠷ ᠤᠨ ᠠᠭᠤᠷᠬᠠᠢ ᠶᠢᠨ ᠨᠢᠭᠡ ᠡᠳᠦᠷ ᠤᠨ ᠵᠢᠭᠤᠯᠴᠢᠯᠠᠯ ᠤᠨ ᠱᠤᠭᠤᠮ᠃ ᠠᠭᠤᠷᠬᠠᠢ ᠶᠢᠨ ᠨᠡᠭᠡᠭᠡᠨ ᠠᠰᠢᠭᠯᠠᠯᠲᠠ ᠶᠢ ᠤᠶᠢᠯᠠᠭᠠᠵᠤ ᠪᠤᠯᠤᠨ᠎ᠠ᠂ ᠯᠥᠩ ᠮᠧᠢ᠂ ᠢᠦᠢ ᠷᠦᠩ ᠤᠨ ᠨᠤᠲᠤᠭ ᠪᠤᠯᠤᠨ᠎ᠠ︔ ᠬᠤᠶᠠᠷ ᠲᠤ᠂ ᠲᠡᠮᠦᠷ ᠪᠣᠯᠪᠠᠰᠤᠷᠠᠭᠤᠯᠬᠤ ᠦᠶᠯᠡᠳᠪᠦᠷᠢ ᠶᠢᠨ 4 ᠳ᠋ᠤᠭᠡᠷ ᠥᠨᠳᠥᠷ ᠵᠤᠤᠬ᠎ᠠ ᠪᠠᠷ ᠡᠬᠢᠯᠡᠯᠲᠡ ᠶᠢᠨ ᠴᠡᠭ ᠪᠣᠯᠭᠠᠵᠤ᠂ ᠪᠣᠯᠣᠳ ᠪᠣᠯᠪᠠᠰᠤᠷᠠᠭᠤᠯᠬᠤ ᠦᠶᠯᠡᠳᠪᠦᠷᠢ ᠶᠢᠨ ᠬᠤᠯᠪᠣᠨ ᠴᠢᠳᠬᠤᠬᠤ ᠦᠢᠯᠡᠳᠪᠦᠷᠢᠯᠡᠯ ᠤᠨ ᠱᠤᠭᠤᠮ᠂ ᠲᠢᠶᠠᠨ ᠴᠧᠩ ᠤᠳᠠᠰᠤᠯᠢᠭ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠲᠦᠷᠬᠡᠨ ᠬᠤᠷᠳᠤᠴᠠᠳᠤ ᠤᠳᠠᠰᠤᠯᠢᠭ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠪᠤᠶᠤ ᠨᠢᠮᠭᠡᠨ ᠬᠠᠪᠲᠠᠰᠤ ᠶᠢᠨ ᠦᠢᠯᠡᠳᠪᠦᠷᠢ᠂ ᠲᠡᠮᠦᠷ ᠵᠠᠮ ᠤᠨ ᠨᠢᠷᠤᠭᠤ ᠲᠡᠮᠦᠷ ᠤᠨ ᠦᠢᠯᠡᠳᠪᠦᠷᠢ ᠶᠢ ᠲᠣᠭᠤᠷᠢᠨ ᠦᠵᠡᠨ᠎ᠡ︔ ᠭᠤᠷᠪᠠ ᠳᠤ᠂ ᠪᠤᠭᠤᠲᠤ ᠪᠣᠯᠣᠳ ᠤᠨ ᠪᠣᠬᠢᠷ ᠤᠰᠤ ᠶᠢ ᠰᠢᠶᠳᠪᠦᠷᠢᠯᠡᠬᠦ᠂ ᠲᠡᠮᠦᠷᠯᠢᠭ ᠤᠨ ᠰᠢᠭᠠᠷᠤ ᠶᠢ    ᠠᠰᠢᠭᠯᠠᠬᠤ ᠪᠠ ᠲᠡᠭᠡᠭᠡᠪᠦᠷᠢ ᠶᠢᠨ ᠭᠠᠵᠠᠷ ᠤᠨ ᠪᠤᠬ᠎ᠠ ᠲᠡᠷᠭᠡ ᠶᠢ ᠲᠣᠭᠤᠷᠢᠨ ᠦᠵᠡᠬᠦ ᠪᠤᠶᠤ ᠵᠢᠭᠤᠯᠴᠢᠯᠠᠭᠴᠢᠳ ᠤᠨ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠭᠤᠯᠤᠨ᠎ᠠ᠃ ᠡᠭᠦᠨ ᠤ ᠬᠠᠮᠲᠤ ᠪᠤᠭᠤᠲᠤ ᠪᠣᠯᠣᠳ ᠠᠴᠠ ᠵᠢᠭᠤᠯᠴᠢᠯᠠᠯ ᠤᠨ ᠱᠤᠭᠤᠮ ᠳᠠᠭᠠᠨ ᠲᠦᠯᠦᠪᠵᠢᠬᠦᠯᠬᠡ ᠬᠢᠪᠠ᠂ ᠲᠠᠷᠤᠢ ᠪᠤᠯᠤᠳ ᠲᠡᠮᠤᠷ ᠵᠡᠬᠡᠯᠢ ᠠᠴᠠ ᠪᠠᠷᠠᠭᠤᠨᠰᠢᠯᠡᠵᠤ ᠮᠡᠳᠡᠭᠡ ᠵᠠᠩᠭᠢ ᠶᠢᠨ ᠲᠤᠮᠤ ᠠᠰᠠᠷ ᠤᠨ ᠬᠤᠷᠠᠯ ᠦᠵᠡᠰᠬᠦᠯᠡᠩ ᠤᠨ ᠲᠥᠪ ᠲᠤ ᠬᠦᠷᠴᠦ᠂ ᠪᠤᠭᠤᠲᠤ ᠪᠣᠯᠣᠳ ᠤᠨ ᠲᠤᠬᠠᠢ ᠲᠡᠦᠬᠡ ᠶᠢ ᠣᠶᠢᠯᠠᠭᠠᠵᠤ ᠪᠤᠯᠤᠨ᠎ᠠ︔ ᠡᠮᠦᠨᠡᠰᠢ ᠪᠠᠨ ᠶᠠᠪᠤᠵᠤ ᠮᠠᠰᠢᠨ ᠤ ᠶᠡᠷᠦᠩᠬᠡᠶ ᠦᠢᠯᠡᠳᠪᠦᠷᠢ ᠶᠢᠨ ᠡᠭᠦᠳᠡᠨ ᠬᠠᠷᠠᠭᠤᠯ ᠤᠨ ᠭᠠᠵᠠᠷ ᠬᠦᠷᠴᠦ ᠦᠶᠯᠡᠳᠪᠦᠷᠢ ᠶᠢᠨ ᠲᠤᠳᠤᠷᠠᠬᠢ ᠨᠢᠬᠡᠳᠦᠬᠡᠷ ᠨᠤᠮᠧᠷᠳᠤ ᠵᠠᠮ ᠲᠠᠭᠠᠤ ᠶᠠᠪᠤᠵᠤ ᠲᠡᠮᠦᠷ ᠪᠣᠯᠪᠠᠰᠤᠷᠠᠭᠤᠯᠬᠤ ᠦᠶᠯᠡᠳᠪᠦᠷᠢ ᠶᠢᠨ 4 ᠳ᠋ᠤᠬᠡᠷ ᠨᠣᠮᠧᠷᠲᠤ ᠥᠨᠳᠥᠷ ᠵᠤᠤᠬ᠎ᠠ ᠶᠢᠨ ᠲᠡᠷᠭᠡᠳᠡ ᠬᠦᠷᠴᠦ᠂ ᠲᠠᠬᠢᠨ ᠲᠤᠳᠤᠬᠰᠢᠯᠠᠵᠤ ᠡᠮᠦᠨᠡᠰᠢ ᠪᠠᠨ᠂ ᠤᠮᠠᠷᠠᠰᠢ ᠪᠠᠨ ᠬᠦᠨᠵᠡᠬᠡᠶᠢᠷᠡᠵᠤ ᠲᠤᠭᠤᠷᠢᠵᠤ ᠦᠵᠡᠵᠤ ᠪᠤᠯᠤᠨ᠎ᠠ᠃ ᠵᠠᠮ ᠳᠠᠭᠠᠤ ᠪᠦᠬᠦᠨ ᠢ ᠪᠣᠯᠣᠳ ᠰᠢᠭᠠᠷᠤ ᠶᠢᠨ ᠲᠣᠭᠤᠰᠬ᠎ᠠ ᠪᠠᠷ ᠬᠠᠲᠠᠭᠤᠷᠠᠭᠤᠯᠵᠤ᠂ ᠦᠨᠳᠦᠰᠦᠲᠡᠨ ᠤ ᠣᠨᠴᠠᠯᠢᠭ ᠪᠦᠬᠦᠢ ᠮᠥᠩᠭᠦᠨ ᠠᠶᠠᠭ᠎ᠠ ᠬᠡᠯᠪᠡᠷᠢ ᠲᠠᠢ ᠴᠡᠴᠡᠭ ᠤᠨ ᠰᠠᠪᠠ ᠪᠠᠷ ᠵᠠᠮ ᠤᠨ ᠬᠤᠶᠠᠷ ᠲᠠᠯ᠎ᠠ ᠶᠢ ᠭᠤᠶᠣᠵᠢᠭᠤᠯᠬᠤ ᠶᠢᠨ ᠬᠠᠮᠲᠤ ᠤᠤᠯ ᠤᠨ ᠪᠠᠶᠢᠬᠰᠠᠨ ᠬᠤᠭᠤᠰᠣᠨ ᠭᠠᠵᠠᠷ ᠢ ᠠᠰᠢᠭᠯᠠᠨ ᠰᠦᠷᠴᠢᠮᠡᠯ ᠪᠤᠯᠠᠭ ᠪᠠ ᠱᠤᠭᠤᠮᠠᠯ᠂ ᠴᠡᠴᠡᠭ ᠤᠨ ᠲᠤᠭᠤᠷᠢᠭ ᠢ ᠪᠠᠶᠢᠭᠤᠯᠵᠤ᠂ ᠠᠵᠤ ᠠᠬᠤᠶᠢᠯᠠᠯ ᠤᠨ ᠰᠣᠶᠣᠯ ᠢ ᠬᠠᠷᠠᠭᠤᠯᠤᠭᠰᠠᠨ ᠲᠡᠮᠳᠡᠭ ᠢᠯᠡᠷᠬᠡᠶᠢᠯᠡᠯ ᠢ ᠲᠤᠬᠢᠷᠠᠭᠤᠯᠤᠬᠰᠠᠨ ᠪᠠᠶᠢᠨ᠎ᠠ᠃ ᠪᠤᠭᠤᠲᠤ ᠪᠣᠯᠣᠳ ᠠᠵᠤ ᠦᠢᠯᠡᠳᠪᠦᠷᠢ ᠶᠢᠨ ᠵᠢᠭᠤᠯᠴᠢᠯᠠᠯ ᠨᠢ ᠵᠢᠭᠤᠯᠴᠢᠯᠠᠬᠰᠠᠳ ᠲᠤ ᠪᠤᠭᠤᠲᠤ ᠪᠣᠯᠣᠳ ᠡᠨᠡᠬᠦ ᠲᠤᠮᠤ ᠠᠵᠤ ᠦᠢᠯᠡᠳᠪᠦᠷᠢ ᠶᠢᠨ ᠦᠨᠡᠨ ᠪᠣᠳᠠᠲᠠᠢ ᠦᠢᠯᠡᠳᠪᠦᠷᠢᠯᠡᠯ ᠤᠨ ᠶᠠᠪᠤᠴᠠ ᠶᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠵᠢᠭᠤᠯᠴᠢᠯᠠᠬᠰᠠᠳ ᠲᠤ ᠪᠤᠭᠤᠲᠤ ᠪᠣᠯᠣᠳ ᠤᠨ ᠬᠡᠷᠬᠢᠨ ᠬᠠᠮᠠᠷ ᠬᠠᠳᠬᠤᠬᠤ ᠡᠪᠡᠰᠦ ᠦᠭᠡᠢ ᠪᠠᠶᠢᠬᠰᠠᠨ ᠡᠬᠡᠷᠡᠮ᠎ᠡ ᠲᠠᠯ᠎ᠠ ᠳᠡᠭᠡᠷ᠎ᠡ ᠣᠳᠣᠬᠢᠴᠢᠯᠠᠭᠰᠠᠨ ᠪᠤᠯᠤᠳ ᠲᠡᠮᠤᠷ ᠤᠨ ᠬᠤᠳᠠ ᠶᠢ ᠪᠠᠶᠢᠭᠤᠯᠤᠭᠰᠠᠨ ᠶᠠᠪᠤᠴᠠ ᠶᠢ ᠤᠶᠢᠯᠠᠭᠠᠭᠤᠯᠪᠠ᠃ ᠴᠠᠭ ᠢᠶᠠᠷ ᠬᠤᠪᠢᠶᠠᠷᠢᠯᠠᠪᠠᠯ᠂ ᠬᠠᠭᠠᠰ ᠡᠳᠦᠷ ᠤᠨ ᠵᠢᠭᠤᠯᠴᠢᠯᠠᠯ ᠪᠠ ᠨᠢᠭᠡ ᠡᠳᠦᠷ ᠤᠨ ᠵᠢᠭᠤᠯᠴᠢᠯᠠᠯ ᠭᠡᠵᠦ ᠬᠤᠪᠢᠶᠠᠨ ᠲᠣᠭᠤᠷᠢᠨ ᠦᠵᠡᠬᠦ ᠪᠠ ᠠᠵᠤ ᠦᠶᠯᠡᠳᠪᠦᠷᠢ ᠶᠢᠨ ᠲᠤᠬᠠᠢ ᠰᠤᠷᠤᠯᠴᠠᠵᠦ ᠪᠤᠯᠤᠨ᠎ᠠ᠂ ᠵᠢᠯ ᠤᠨ ᠬᠦᠯᠢᠶᠡᠨ ᠠᠪᠬᠤ ᠵᠢᠭᠤᠯᠴᠢᠯᠠᠬᠰᠠᠳ ᠨᠢᠭᠡᠨᠲᠡ 5 ᠲᠦᠮᠡ ᠭᠠᠷᠤᠶ ᠬᠦᠮᠦᠨ ᠳᠤ ᠬᠦᠷᠴᠦ ᠪᠤᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号