ᠬᠦᠨᠳᠡᠯᠡᠨ ᠭᠤᠤᠯ ᠨᠤᠭᠤ ᠭᠠᠵᠠᠷ ᠤᠨ ᠴᠡᠴᠡᠷᠯᠢᠭ
ᠨᠡᠶᠢᠲᠡᠯᠡᠭᠰᠡᠨ ᠴᠠᠭ᠄
2023/3/23
      ᠬᠥᠨᠳᠡᠯᠡᠨ ᠭᠤᠣᠯ ᠪᠣᠯ ᠪᠤᠭᠤᠲᠤ ᠶᠢᠨ ᠡᠵᠢ ᠭᠤᠣᠯ ᠪᠣᠯᠤᠨ᠎ᠠ᠂ ᠡᠷᠲᠡᠨ ᠤ ᠦᠶ᠎ᠡ ᠳᠤ ︽ᠱᠢ ᠮᠧᠨ    ᠱᠦᠢ︾ ᠬᠡᠮᠡᠨ ᠨᠡᠷᠡᠯᠡᠭᠳᠡᠵᠤ᠂ ᠭᠦᠶᠡᠩ ᠰᠢᠶᠠᠨ ᠤ ᠴᠦᠨ ᠺᠦᠨ ᠱᠠᠨ ᠠᠭᠤᠯᠠᠨ ᠠᠴᠠ ᠡᠬᠢ ᠠᠪᠴᠤ᠂ ᠪᠦᠬᠦ ᠣᠷᠳᠣ ᠨᠢ 143 ᠺᠢᠯᠣᠮᠧᠲᠷ᠂ 23 ᠰᠠᠯᠪᠤᠷᠢ ᠤᠷᠤᠰᠬᠠᠯ ᠲᠠᠢ᠂ ᠰᠠᠪᠠ ᠭᠠᠵᠠᠷ ᠤᠨ ᠲᠠᠯᠠᠪᠠᠶ ᠨᠢ 2726 ᠲᠡᠭᠰᠢ ᠳᠥᠷᠪᠡᠯᠵᠢᠨ ᠺᠢᠯᠣᠮᠧᠲᠷ ᠪᠠᠶᠢᠳᠠᠭ᠃ ᠬᠥᠨᠳᠡᠯᠡᠨ ᠲᠣᠭᠤᠷᠢᠭ ᠢᠶᠠᠷ ᠤᠷᠤᠰᠤᠨ ᠥᠩᠭᠡᠷᠡᠬᠦ ᠬᠡᠰᠡᠭ ᠨᠢ 18.9 ᠺᠢᠯᠣᠮᠧᠲᠷ ᠪᠠᠶᠢᠵᠤ᠂ ᠣᠲᠣ ᠨᠢᠭᠡᠨᠲᠡ ᠵᠠᠰᠠᠬᠰᠠᠨ ᠤᠷᠳᠤ ᠶᠢᠨ ᠬᠡᠮᠵᠢᠶ᠎ᠡ ᠨᠢ 14.4 ᠺᠢᠯᠣᠮᠧᠲᠷ ᠪᠤᠢ᠂ ᠡᠭᠦᠨ ᠳᠤ ᠬᠦᠨᠳᠡᠯᠡᠨ ᠭᠤᠤᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠣᠷᠳᠣ ᠨᠢ 3.6 ᠺᠢᠯᠣᠮᠧᠲᠷ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠤᠷᠳᠤ ᠨᠢ 5 ᠺᠢᠯᠣᠮᠧᠲᠷ᠂ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠤᠨ ᠤᠷᠳᠤ ᠨᠢ 5.8 ᠺᠢᠯᠣᠮᠧᠲᠷ ᠪᠣᠶ᠃ ᠬᠦᠨᠳᠡᠯᠡᠨ ᠭᠤᠤᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ 2011 ᠣᠨ ᠠᠴᠠ ᠡᠬᠢᠯᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ 3.6 ᠺᠢᠯᠣᠮᠧᠲᠷ ᠤᠨ ᠰᠠᠭᠤᠷᠢᠨ ᠳᠡᠭᠡᠷ᠎ᠡ ᠤᠮᠠᠷᠠᠰᠢ ᠪᠠᠨ 5 ᠺᠢᠯᠣᠮᠧᠲᠷ ᠤᠷᠲᠤᠳᠬᠠᠪᠠ᠃ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠶᠡᠷᠦᠩᠬᠡᠶ ᠪᠡᠯᠡ ᠣᠷᠣᠭᠤᠯᠤᠯᠲᠠ ᠨᠢ 10.4 ᠳ᠋ᠦᠩᠰᠢᠭᠤᠷ ᠲᠥᠭᠦᠷᠢᠭ    ᠪᠠᠶᠢᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ᠄ 200 ᠮᠧᠲᠷ ᠥᠷᠭᠡᠨ ᠪᠦᠬᠦᠢ ᠦᠵᠡᠮᠵᠢᠳᠤ ᠤᠰᠤ ᠬᠠᠳᠠᠭᠠᠯᠠᠬᠤ ᠲᠤᠭᠤᠷᠢᠭ᠂ 150 ᠮᠧᠲᠷ ᠥᠷᠭᠡᠨ  ᠪᠦᠬᠦᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠤᠭᠤᠷᠢᠭ ᠪᠣᠯᠤᠨ 150 ᠮᠧᠲᠷ ᠥᠷᠭᠡᠨ ᠪᠦᠬᠦᠢ ᠨᠡᠬᠡᠬᠡᠨ ᠦᠬᠡᠷᠡᠴᠢᠯᠠᠨ ᠪᠠᠶᠢᠭᠤᠯᠬᠤ  ᠲᠤᠭᠤᠷᠢᠭ᠂ ᠭᠤᠣᠯ ᠤᠨ ᠵᠠᠮ ᠢ ᠥᠭᠡᠷᠡᠴᠢᠯᠡᠬᠦ᠂ ᠦᠵᠡᠮᠵᠢ ᠶᠢ ᠪᠠᠶᠢᠭᠤᠯᠬᠤ ᠪᠠ ᠠᠵᠤ ᠠᠬᠤᠶ ᠶᠢᠨ ᠨᠡᠬᠡᠬᠡᠯᠳᠡ ᠶᠢ ᠨᠢᠭᠡ ᠴᠣᠭᠴᠠ ᠪᠣᠯᠭᠠᠵᠤ᠂ ᠬᠤᠲᠠ ᠶᠢᠨ ᠲᠣᠭᠤᠷᠢᠭ ᠪᠣᠯᠤᠨ ᠪᠤᠭᠤᠲᠤ ᠪᠣᠯᠣᠳ ᠤᠨ ᠡᠷᠭᠢᠨ ᠲᠣᠭᠤᠷᠢᠨ ᠤ ᠠᠮᠢ ᠠᠬᠤᠶ ᠶᠢᠨ ᠲᠡᠩᠴᠡᠭᠦᠷᠢ ᠶᠢ ᠰᠡᠷᠬᠡᠶᠢᠯᠡᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃      ᠣᠶᠢᠷ᠎ᠠ ᠶᠢᠨ ᠵᠢᠯ ᠳᠤ᠂ ᠠᠭᠤᠷ ᠠᠮᠢᠰᠬᠤᠯ ᠣᠷᠴᠢᠨ ᠲᠣᠭᠤᠷᠢᠨ ᠤ ᠯᠤᠲᠤ ᠶᠡᠭᠡ ᠬᠤᠪᠢᠷᠠᠯᠲᠠ ᠪᠠ ᠣᠲᠣ ᠦᠶ᠎ᠡ ᠶᠢᠨ ᠠᠵᠤ ᠠᠬᠤᠶ ᠬᠢᠭᠡᠳ ᠪᠠᠶᠢᠭᠠᠯᠢ ᠠᠮᠢ ᠠᠬᠤᠶ ᠶᠢᠨ ᠮᠦᠷᠬᠦᠯᠳᠦᠬᠡᠨ ᠠᠴᠠ ᠪᠣᠯᠵᠣ᠂ ᠭᠤᠤᠯ ᠮᠥᠷᠡᠨ ᠲᠠᠳᠠᠭᠤᠷᠠᠵᠤ᠂ ᠬᠤᠶᠠᠷ ᠡᠷᠭᠢ ᠶᠢᠨ ᠤᠷᠭᠤᠮᠠᠯ ᠤᠨ ᠬᠤᠴᠢᠯᠭ᠎ᠠ ᠰᠡᠶᠢᠷᠡᠭᠰᠢᠵᠦ᠂ ᠭᠤᠤᠯ ᠤᠨ ᠵᠠᠮ ᠳᠣᠲᠣᠷ᠎ᠠ ᠨᠢᠭᠡ ᠦᠶ᠎ᠡ ᠪᠤᠵᠠᠷ ᠡᠪᠡᠰᠦ ᠪᠠᠭᠰᠢᠷᠠᠨ  ᠤᠷᠭᠤᠵᠤ᠂ ᠬᠤᠭ ᠨᠣᠪᠰᠢ ᠪᠠᠷ ᠲᠦᠬᠦᠷᠴᠦ᠂ ᠬᠠᠶᠢᠷ ᠴᠢᠯᠠᠭᠤ ᠭᠠᠷᠭᠠᠨ ᠠᠪᠬᠤ ᠲᠠᠯᠠᠪᠠᠶ ᠭᠤᠤᠯ ᠤᠨ ᠰᠠᠪᠠ ᠶᠢ ᠠᠳᠡ ᠲᠠᠨᠳᠠ ᠦᠬᠡᠢ ᠨᠦᠬᠡ ᠭᠠᠷᠳᠠᠯ᠎ᠠ ᠮᠠᠯᠲᠠᠪᠠ᠃ ᠦᠶᠡᠷ ᠤᠨ ᠤᠰᠤ ᠲᠣᠬᠢᠶᠠᠯᠳᠤᠬᠤ ᠪᠦᠷᠢ᠂ ᠬᠥᠨᠳᠡᠯᠡᠨ ᠭᠤᠤᠯ ᠤᠨ ᠤᠰᠤ ᠶᠡᠭᠡ ᠬᠡᠮᠵᠢᠶᠡᠨ ᠤ ᠡᠯᠡᠰᠦ ᠰᠢᠪᠠᠷ ᠢ ᠠᠪᠴᠤ ᠬᠠᠲᠤᠨ ᠭᠤᠤᠯ ᠳᠤ ᠴᠢᠳᠬᠤᠨ᠎ᠡ᠂ ᠡᠭᠦᠨ ᠤ ᠳᠡᠭᠡᠷ᠎ᠡ ᠰᠠᠯᠬᠢ ᠡᠯᠡᠰᠦᠨ ᠤ ᠪᠣᠬᠢᠷᠲᠤᠯ ᠬᠦᠨᠳᠦ ᠨᠣᠴᠢᠲᠠᠶ ᠪᠠᠶᠢᠵᠤ᠂ ᠶᠡᠭᠡ ᠰᠠᠯᠬᠢ᠂ ᠡᠯᠡᠰᠦᠨ ᠰᠢᠭᠤᠷᠭ᠎ᠠ ᠳᠡᠭᠳᠡᠬᠦ ᠪᠦᠷᠢ᠂ ᠪᠥᠬᠦ ᠬᠤᠲᠠ ᠶᠢ ᠡᠯᠡᠰᠦ ᠰᠢᠭᠤᠷᠭ᠎ᠠ ᠪᠠᠷ ᠪᠦᠷᠬᠦᠵᠦ᠂ ᠬᠤᠲᠠ ᠶᠢᠨ ᠲᠣᠭᠤᠷᠢᠭ ᠤᠨ ᠦᠵᠡᠮᠵᠢ ᠪᠠ ᠬᠤᠲᠠ ᠶᠢᠨ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠬᠦᠨᠳᠦ ᠨᠣᠴᠢᠲᠠᠶ ᠨᠥᠯᠥᠭᠡᠯᠡᠵᠦ᠂ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠬᠤᠲᠠ ᠶᠢᠨ ᠪᠥᠲᠥᠭᠡᠨ ᠪᠠᠶᠢᠭᠤᠯᠤᠯᠲᠠ ᠲᠠᠢ ᠴᠢᠩᠭ᠎ᠠ  ᠬᠠᠷᠢᠴᠠᠭᠤᠯᠤᠯ ᠪᠤᠯᠳᠠᠭ᠃ ᠤᠳᠤᠬᠠᠨ ᠤ ᠡᠨᠡ ᠬᠦ ᠪᠠᠶᠢᠳᠠᠯ ᠢ ᠲᠦᠢᠯᠪᠤᠷᠢᠲᠠᠶ ᠰᠠᠶᠢᠵᠢᠷᠠᠭᠤᠯᠵᠤ᠂ ᠭᠤᠣᠯ ᠤᠨ ᠵᠠᠮ ᠤᠨ ᠠᠮᠢ ᠠᠬᠤᠶ ᠶᠢᠨ ᠴᠢᠳᠠᠪᠬᠢ ᠶᠢ ᠰᠡᠷᠭᠦᠭᠡᠬᠦ ᠵᠢᠴᠢ ᠤᠰᠤ᠂ ᠤᠷᠭᠤᠮᠠᠯ᠂ ᠠᠮᠢᠲᠠᠨ᠂ ᠬᠥᠮᠦᠨ ᠲᠥᠷᠥᠯᠬᠢᠲᠡᠨ ᠤ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠢᠨ᠎ᠡ ᠪᠠᠶᠢᠳᠠᠯ ᠢ ᠪᠤᠶ ᠪᠣᠯᠭᠠᠵᠤ᠂ ᠤᠰᠤᠨ ᠤ ᠠᠮᠢ ᠠᠬᠤᠢ ᠣᠷᠴᠢᠨ ᠲᠣᠭᠤᠷᠢᠨ ᠮᠠᠭᠤᠳᠠᠬᠤ ᠬᠠᠨᠳᠤᠰᠢ ᠶᠢ ᠡᠬᠢ ᠡᠭᠦᠰᠦᠯ ᠠᠴᠠ ᠨᠢ ᠬᠤᠪᠢᠷᠠᠭᠤᠯᠬᠤ ᠶᠢᠨ ᠲᠥᠯᠥᠭᠡ᠂ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠤ    ᠱᠠᠭᠠᠷᠳᠠᠯᠭ᠎ᠠ ᠪᠠ ᠲᠣᠬᠢᠷᠠᠭᠤᠯᠤᠯᠲᠠ ᠶᠣᠰᠣᠭᠠᠷ᠂ 2014 ᠣᠨ ᠤ 3 ᠰᠠᠷ᠎ᠠ ᠶᠢᠨ ᠳᠤᠮᠳᠠᠴᠢ ᠪᠠᠷ᠂ ᠬᠦᠨᠳᠡᠯᠡᠨ ᠭᠤᠤᠯ ᠤᠨ ᠲᠡᠬᠡᠳᠤ ᠤᠷᠤᠰᠬᠠᠯ ᠤᠨ 110 ᠤᠯᠤᠰ ᠤᠨ ᠵᠠᠮ ᠠᠴᠠ ᠤᠰᠤᠨ ᠴᠥᠭᠦᠷᠥᠮ ᠬᠦᠷᠲᠡᠯᠡᠬᠢ ᠬᠡᠰᠡᠭ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠡᠬᠢᠯᠡᠬᠦᠯᠦᠨ ᠬᠡᠷᠡᠭᠵᠢᠭᠦᠯᠪᠠ᠃ ᠤᠮᠠᠷᠠᠰᠢ ᠪᠠᠨ ᠱᠢ ᠮᠧᠨ ᠦᠵᠡᠮᠵᠢ ᠶᠢᠨ ᠣᠷᠣᠨ ᠲᠠᠢ ᠵᠠᠯᠭᠠᠯᠳᠤᠵᠤ᠂ ᠡᠮᠦᠨ᠎ᠡ ᠲᠠᠯ᠎ᠠ ᠪᠠᠷ ᠢᠶᠠᠨ G110 ᠤᠯᠤᠰ ᠤᠨ ᠵᠠᠮ ᠲᠠᠢ ᠨᠢᠭᠤᠷᠯᠠᠵᠤ᠂ ᠵᠡᠭᠦᠨ ᠪᠠᠷᠠᠭᠤᠨ ᠬᠤᠶᠠᠷ ᠲᠠᠯ᠎ᠠ ᠪᠠᠷ ᠢᠶᠠᠨ ᠳᠠᠯᠠᠨ ᠬᠠᠷ᠎ᠠ ᠠᠭᠤᠯᠠ ᠶᠢᠨ ᠠᠭᠤᠯᠠᠨ ᠴᠤᠬᠴᠠ ᠪᠠᠶᠢᠵᠤ᠂ ᠠᠭᠤᠯᠠᠨ ᠴᠣᠭᠴᠠ ᠶᠢᠨ ᠠᠶᠠᠨᠳᠠᠭᠠᠨ ᠪᠤᠶᠢᠵᠢᠵᠤ ᠪᠦᠷᠢᠯᠳᠦᠭᠰᠡᠨ ᠭᠤᠣᠯ ᠤᠨ ᠬᠥᠨᠳᠡᠶ   ᠶᠢᠨ ᠭᠠᠵᠠᠷ ᠤᠨ ᠪᠠᠶᠢᠴᠠ ᠪᠣᠯᠤᠨ᠎ᠠ᠃ ᠬᠦᠨᠳᠡᠯᠡᠨ ᠭᠤᠣᠯ ᠤᠨ ᠵᠡᠭᠦᠨ ᠪᠠᠷᠠᠭᠤᠨ ᠬᠤᠶᠠᠷ ᠡᠷᠬᠢ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠨᠢ ᠨᠤᠭᠤ ᠭᠠᠵᠠᠷ ᠤᠨ ᠴᠡᠴᠡᠷᠯᠢᠭ᠂ ᠬᠥᠨᠳᠡᠯᠡᠨ ᠰᠦᠮ᠎ᠡ᠂ ᠪᠤᠭᠤᠲᠤ ᠪᠣᠯᠣᠳ ᠤᠨ ᠭᠤᠣᠯ ᠤᠨ ᠪᠠᠷᠠᠭᠤᠨ ᠴᠡᠴᠡᠷᠯᠢᠭ᠂ ᠵᠤᠤ ᠤᠯᠤᠰ ᠤᠨ ᠦᠶ᠎ᠡ ᠶᠢᠨ ᠤᠷᠳᠤ ᠴᠠᠭᠠᠨ ᠬᠡᠷᠡᠮ ᠵᠡᠷᠭᠡ ᠦᠵᠡᠮᠵᠢ ᠨᠢ ᠦᠷᠬᠦᠯᠵᠢᠯᠠᠨ ᠵᠠᠯᠭᠠᠯᠳᠤᠵᠤ ᠡᠮᠦᠨ᠎ᠡ ᠤᠮᠠᠷ᠎ᠠ ᠶᠢ ᠬᠤᠯᠪᠣᠭᠰᠠᠨ ᠨᠣᠮᠢᠨ ᠨᠣᠭᠤᠭᠠᠨ ᠬᠠᠯᠬᠠᠪᠴᠢ ᠪᠣᠯᠭᠠᠵᠤ᠂ ᠠᠵᠤ ᠠᠬᠤᠢ᠂ ᠠᠮᠢ ᠠᠬᠤᠢ᠂ ᠰᠣᠶᠣᠯ᠂ ᠵᠢᠭᠤᠯᠴᠢᠯᠠᠯ ᠢ ᠨᠢᠭᠡ ᠴᠤᠬᠴᠠᠵᠢᠭᠤᠯᠤᠬᠰᠠᠨ ᠪᠠᠶᠢᠭᠠᠯᠢ ᠶᠢᠨ ᠠᠶᠠᠨᠳᠠᠭᠠᠨ ᠪᠦᠷᠢᠯᠳᠦᠭᠰᠡᠨ ᠵᠢᠭᠤᠯᠴᠢᠯᠠᠯ ᠤᠨ ᠰᠣᠳᠣᠨ ᠱᠤᠭᠤᠮ ᠢ ᠪᠦᠷᠢᠯᠳᠦᠭᠦᠯᠵᠦ᠂ ᠬᠥᠨᠳᠡᠯᠡᠨ ᠭᠤᠣᠯ ᠤᠨ ᠰᠠᠪᠠ ᠭᠠᠵᠠᠷ ᠤᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢᠨ ᠬᠦᠴᠦᠲᠡᠢ ᠪᠠᠲᠤᠯᠠᠭ᠎ᠠ ᠪᠣᠯᠵᠤ᠂ ᠬᠥᠨᠳᠡᠯᠡᠨ ᠲᠣᠭᠤᠷᠢᠭ ᠢ ᠪᠣᠬᠢᠷᠲᠤᠯ ᠦᠭᠡᠢ᠂ ᠪᠣᠯᠪᠠᠰᠤᠨ᠂ ᠵᠣᠯ ᠵᠢᠷᠭᠠᠯᠲᠤ ᠰᠠᠶᠢᠨ ᠰᠠᠶᠢᠬᠠᠨ ᠭᠡᠷ ᠣᠷᠣᠨ ᠪᠣᠯᠭᠠᠵᠠᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号