ᠰᠢᠳᠦ ᠭᠤᠶᠤᠯᠠᠬᠤ ᠪᠠᠭᠠᠵᠢ ᠶᠢ ᠰᠦᠯᠵᠢᠶᠡᠨ ᠠᠴᠠ ᠬᠤᠳᠠᠯᠳᠤᠨ ᠠᠪᠬᠤ ᠨᠢ ᠨᠠᠶᠢᠳᠠᠪᠦᠷᠢᠳᠠᠢ ᠤᠤ︖
ᠨᠡᠶᠢᠲᠡᠯᠡᠭᠰᠡᠨ ᠴᠠᠭ᠄
2023/3/24
       ᠰᠢᠳᠦᠨ ᠤ ᠪᠠᠨ ᠡᠷᠡᠭᠦᠯ ᠰᠠᠶᠢᠬᠠᠨ ᠪᠠ ᠲᠡᠭᠰᠢ ᠭᠤᠶᠤ ᠪᠠᠶᠢᠬᠤ ᠶᠢ ᠬᠦᠮᠦᠰ ᠤᠯᠠᠮ ᠠᠩᠬᠠᠷᠬᠤ ᠪᠤᠯᠤᠬᠰᠠᠨ ᠢᠶᠠᠷ᠂ ᠰᠢᠳᠤ ᠵᠠᠰᠠᠵᠦ ᠭᠤᠶᠤᠯᠠᠬᠤ ᠪᠠᠭᠠᠵᠢ ᠭᠡᠷᠡᠭᠰᠡᠯ ᠨᠢ ᠤᠳᠤ ᠶᠢᠨ ᠰᠢᠨ᠎ᠡ ᠤᠷᠤᠰᠬᠠᠯ ᠪᠤᠯᠵᠦ᠂ ᠵᠠᠷᠢᠮ ᠰᠦᠯᠵᠢᠶᠡᠨ ᠲᠡᠭᠡᠷ᠎ᠡ ᠴᠤ ᠰᠢᠳᠤ ᠭᠤᠶᠤᠯᠠᠬᠤ ᠪᠠᠭᠠᠵᠢ ᠪᠠ ᠬᠠᠮᠢᠶᠠᠳᠠᠢ ᠦᠢᠯᠡᠴᠢᠯᠡᠭᠡ ᠬᠠᠩᠭᠠᠵᠦ ᠡᠬᠢᠯᠡᠭᠰᠡᠨ ᠪᠠᠶᠢᠨ᠎ᠠ᠃  ᠲᠡᠭᠡᠪᠡᠯ ᠰᠦᠯᠵᠢᠶᠡᠨ ᠲᠡᠭᠡᠷ᠎ᠡ ᠠᠴᠠ ᠰᠢᠳᠦ ᠵᠠᠰᠠᠵᠦ ᠭᠤᠶᠤᠯᠠᠬᠤ ᠪᠠᠭᠠᠵᠢ ᠬᠡᠷᠡᠭᠰᠡᠯ ᠬᠤᠳᠠᠯᠳᠤᠨ ᠠᠪᠬᠤ ᠨᠢ ᠨᠡᠭᠡᠷᠡᠨ ᠨᠠᠶᠢᠳᠠᠪᠦᠷᠢᠳᠡᠢ ᠤᠤ︖ ᠡᠨᠡ ᠨᠢ ᠴᠤᠬᠤᠮ ᠠᠶᠤᠯ ᠡᠷᠡᠰᠳᠡᠯ ᠪᠠᠶᠢᠨ᠎ᠠ ᠤᠤ᠂ ᠦᠭᠡᠢ ᠤᠤ︖                                      ᠰᠦᠯᠵᠢᠶᠡᠨ ᠲᠡᠭᠡᠷ᠎ᠡ ᠬᠤᠳᠠᠯᠳᠤᠵᠦ ᠪᠠᠶᠢᠭ᠎ᠠ ᠰᠢᠳᠦ ᠭᠤᠶᠤᠯᠠᠵᠦ ᠵᠠᠰᠠᠬᠤ ᠪᠠᠭᠠᠵᠢ ᠨᠢ ᠬᠢᠮᠳᠡ᠂ ᠪᠠᠶᠢᠨ ᠲᠠᠬᠢᠨ‌ᠡᠮᠨᠡᠯᠬᠡ ᠳᠤ ᠬᠦᠶᠦᠭᠦ ᠴᠢᠬᠤᠯᠠ ᠦᠭᠡᠢ᠂ ᠦᠪᠡᠷ ᠢᠶᠠᠨ ᠰᠢᠭᠤᠳ ᠲᠠᠭᠠᠷᠠᠭᠤᠯᠵᠦ ᠪᠤᠯᠬᠤ ᠵᠡᠷᠭᠡ ᠲᠦᠭᠦᠮ ᠲᠦᠳᠡ ᠨᠦᠭᠦᠴᠡᠯ‌‍ᠪᠤᠯᠤᠮᠵᠢ ᠲᠠᠢ ᠪᠠᠶᠢᠳᠠᠭ ᠪᠤᠯᠬᠤᠷ᠂ ᠬᠦᠮᠦᠰ ᠲᠤ ᠶᠡᠬᠡᠬᠡᠨ ᠲᠠᠭᠠᠯᠠᠬᠳᠠᠵᠦ ᠪᠠᠶᠢᠳᠠᠭ᠃                                    ᠭᠡᠳᠡᠯ᠎ᠡ ᠡᠭᠦᠨ ᠢ ᠲᠠᠭᠠᠯᠳᠤᠨ ᠬᠡᠷᠡᠭᠯᠡᠭᠴᠢᠳ ᠲᠤ ᠴᠢᠨᠠᠷ ᠴᠢᠨᠰᠠᠭ᠎ᠠ ᠨᠢ ᠠᠨᠠᠢ᠂ ᠬᠠᠭᠤᠷᠮᠠᠭ ᠮᠠᠭᠤ ᠪᠦᠳᠦᠭᠡᠭᠳᠡᠭᠦᠨ ᠬᠤᠳᠠᠯᠳᠤᠨ ᠦᠭᠭᠦᠭᠰᠡᠨ᠂ ᠵᠠᠰᠠᠵᠦ ᠲᠡᠭᠰᠢᠯᠡᠬᠦ ᠦᠷ᠎ᠡ ᠳ᠋ᠦᠩ ᠨᠢ ᠪᠠᠳᠤᠯᠠᠭ᠎ᠠ ᠦᠭᠡᠢ ᠪᠠᠶᠢᠬᠤ᠂ ᠬᠡᠷᠡᠭᠯᠡᠭᠴᠢᠳ ᠤᠨ ᠰᠢᠳᠤ ᠶᠢ ᠮᠠᠭᠤᠳᠠᠭᠤᠯᠤᠭᠰᠠᠨ ᠵᠡᠷᠭᠡ ᠬᠡᠷᠡᠭ ᠵᠠᠷᠭᠤ ᠴᠤ ᠤᠯᠠᠰᠢᠷᠠᠵᠦ ᠪᠠᠶᠢᠭ᠎ᠠ ᠶᠤᠮ᠃                                    ᠰᠢᠳᠦ ᠭᠤᠶᠤᠯᠠᠬᠤ ᠨᠢ ᠲᠤᠰᠬᠠᠢ ᠮᠡᠷᠭᠡᠵᠢᠯ ᠤᠨ ᠡᠮᠴᠢᠯᠡᠭᠡ ᠪᠤᠯᠬᠤᠷ᠂  ᠲᠡᠭᠰᠢ ᠦᠭᠡᠢ ᠤᠷᠭᠤᠬᠰᠠᠨ ᠰᠢᠳᠦ ᠪᠠᠨ ᠵᠠᠰᠠᠵᠦ ᠲᠡᠭᠰᠢᠯᠡᠬᠦ ᠬᠡᠪᠡᠯ ᠲᠤᠰᠬᠠᠢ ᠮᠡᠷᠭᠡᠵᠢᠯ ᠤᠨ ᠰᠢᠳᠦ ᠭᠤᠶᠤᠯᠠᠬᠤ ᠡᠮᠴᠢ ᠪᠠᠷ ᠵᠠᠰᠠᠭᠤᠯᠪᠠᠯ ᠰᠠᠶᠢᠨ᠂  ᠰᠢᠳᠦ ᠭᠤᠶᠤᠯᠠᠬᠤ ᠪᠠᠭᠠᠵᠢ ᠶᠢ ᠰᠦᠯᠵᠢᠶᠡᠨ ᠠᠴᠠ ᠰᠢᠭᠤᠳ ᠬᠤᠳᠠᠯᠳᠤᠨ ᠠᠪᠴᠦ ᠦᠪᠡᠷ ᠢᠶᠠᠨ ᠲᠠᠭᠠᠷᠠᠭᠤᠯᠬᠤ  ᠨᠢ ᠮᠠᠰᠢ ᠤᠯᠠᠨ ᠠᠶᠤᠯ ᠡᠷᠡᠰᠳᠡᠯ ᠲᠠᠢ ᠪᠠᠶᠢᠳᠠᠭ᠃ ᠡᠨᠡ ᠨᠢ ᠰᠢᠳᠦᠨ ᠤ ᠤᠯᠠᠨ ᠵᠦᠢᠯ ᠤᠨ ᠡᠪᠡᠳᠴᠢᠨ ᠡᠮᠬᠡᠭ ᠢ ᠡᠭᠦᠰᠭᠡᠵᠦ ᠮᠡᠳᠡᠬᠦ  ᠪᠦᠭᠡᠳ ᠴᠢᠨᠠᠬᠰᠢᠯᠠᠨ‌‍ᠰᠢᠳᠦ ᠶᠢ ᠬᠤᠬᠢᠷᠠᠭᠤᠯᠵᠦ ᠮᠡᠳᠡᠨ᠎ᠡ᠃ ᠤᠴᠢᠷ ᠨᠢ ᠰᠢᠳᠦ ᠪᠠᠨ ᠵᠠᠰᠠᠵᠦ ᠭᠤᠶᠤᠯᠠᠬᠤ ᠠᠴᠠ ᠪᠤᠯᠤᠬᠰᠠᠨ ᠠᠮᠠᠨ ᠬᠦᠨᠳᠡᠢ ᠵᠢᠨ‌ᠡᠪᠡᠳᠴᠢᠨ ᠡᠮᠬᠡᠭ ᠨᠢ ᠬᠦᠮᠦᠰ ᠲᠤ ᠨᠠᠰᠤᠨ ᠲᠤᠷᠰᠢ ᠶᠢᠨ ᠡᠳᠡᠭᠡᠷᠡᠰᠢ ᠦᠭᠡᠢ ᠡᠪᠡᠳᠴᠢᠨ ᠡᠮᠬᠡᠭ ᠪᠤᠯᠵᠦ ᠦᠯᠡᠳᠡᠵᠦ ᠮᠡᠳᠡᠨ᠎ᠡ ᠭᠡᠵᠦ ᠲᠤᠰᠬᠠᠢ ᠮᠡᠷᠭᠡᠵᠢᠯᠳᠡᠳ ᠰᠠᠨᠠᠭᠤᠯᠵᠦ ᠪᠠᠶᠢᠨ᠎ᠠ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号