ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ
ᠨᠡᠶᠢᠲᠡᠯᠡᠭᠰᠡᠨ ᠴᠠᠭ᠄
2023/3/7
     ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ  ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠢᠮᠠᠭᠲᠠ ᠰᠢᠨ᠎ᠡ ᠶᠢ ᠡᠭᠦᠳᠭᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠤ᠂ ᠬᠠᠮᠲᠤ ᠪᠠᠷ ᠡᠳ᠋ᠯᠡᠭᠦ ᠳᠣᠲᠣᠭᠠᠳᠤ ᠨᠢᠭᠡᠳᠦᠯ ᠢᠶᠠᠷ ᠬᠥᠭᠵᠢᠯᠲᠡ ᠶᠢ ᠡᠵᠡᠮᠳᠡᠵᠦ᠂ ᠬᠥᠭᠵᠢᠯᠲᠡ ᠶᠢ ᠬᠡᠮᠵᠢᠵᠦ᠂ ᠬᠥᠭᠵᠢᠯᠲᠡ ᠶᠢ ᠠᠬᠢᠭᠤᠯᠬᠤ ᠭᠡᠷᠡᠭᠲᠡᠢ︔ ᠡᠷᠬᠡᠪᠰᠢ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠢᠮᠠᠭᠲᠠ ᠪᠠᠷᠢᠮᠲᠠᠯᠠᠵᠤ᠂ ᠶᠠᠰᠤ ᠴᠢᠨᠠᠷ ᠤᠨ ᠤᠬᠠᠮᠰᠠᠷ ᠢᠶᠠᠨ ᠶᠡᠭᠡ ᠪᠠᠷ ᠴᠢᠩᠭᠠᠳᠬᠠᠵᠤ᠂ ᠶᠠᠰᠤ ᠴᠢᠨᠠᠷ ᠢ ᠠᠮᠢ ᠨᠠᠰᠤ ᠪᠣᠯᠭᠠᠨ ᠦᠵᠡᠵᠦ᠂ ᠴᠢᠨᠠᠷ ᠰᠠᠶᠢᠲᠠᠢ ᠪᠠᠶᠢᠬᠤ ᠪᠠᠷ ᠬᠥᠭᠡᠭᠡᠴᠡᠯᠳᠦᠯ ᠪᠤᠯᠭᠠᠬᠤ ᠭᠡᠷᠡᠭᠲᠡᠶ︔ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠷᠭ᠎ᠠ ᠭᠡᠯᠪᠡᠷᠢ ᠶᠢ ᠭᠦᠨᠵᠡᠭᠡᠢ ᠬᠤᠪᠢᠷᠠᠭᠤᠯᠵᠤ᠂ ᠦᠷ᠎ᠡ ᠠᠰᠢᠭ  ᠤᠨ ᠬᠤᠪᠢᠰᠤᠯᠲᠠ᠂ ᠬᠥᠳᠡᠯᠭᠡᠭᠦ ᠬᠦᠴᠦᠨ ᠤ ᠬᠤᠪᠢᠰᠤᠯᠲᠠ ᠪᠠᠷ ᠶᠠᠰᠤ ᠴᠢᠨᠠᠷ ᠤᠨ ᠬᠤᠪᠢᠰᠤᠯᠲᠠ ᠶᠢ ᠠᠬᠢᠭᠤᠯᠵᠤ᠂ ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠪᠦᠷᠢᠯᠳᠦᠭᠦᠯᠬᠦ ᠭᠡᠷᠡᠭᠲᠡᠶ︔ ᠡᠷᠬᠡᠪᠰᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠵᠣᠷᠢᠯᠲᠠ ᠪᠠ ᠲᠤᠰᠤᠯᠲᠠ ᠪᠤᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠠᠮᠢᠳᠤᠷᠠᠯ ᠤᠨ ᠴᠢᠨᠠᠷ ᠴᠢᠨᠰᠠᠭ᠎ᠠ ᠪᠣᠯᠭᠠᠨ ᠬᠤᠪᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
     ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠳᠤ ᠬᠦᠷᠴᠦ ᠢᠷᠡᠬᠦ ᠳᠤ ᠲᠤᠬᠠᠢ ᠶᠢᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃      ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ᠂ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠰᠢᠦᠢ ᠺᠦᠨ ᠯᠢᠨ᠂ ᠯᠢᠦ ᠴᠢᠩ᠂ ᠱᠠᠨ ᠽᠧᠩ ᠬᠠᠢ᠂ ᠸᠧᠢ ᠴᠢᠶᠣᠤ᠂ ᠵᠠᠩ ᠳ᠋ᠠ ᠳ᠋ᠦᠩ᠂ ᠦ᠋ ᠴᠢᠩ ᠸᠧᠨ ᠵᠡᠷᠭᠡ 6 ᠲᠥᠯᠥᠭᠡᠯᠡᠭᠴᠢ ᠲᠤᠰ ᠲᠤᠰ ᠪᠦᠭᠦ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ᠂ ᠣᠷᠣᠨ ᠪᠦᠰᠡ ᠶᠢᠨ ᠬᠠᠮᠵᠢᠯᠴᠠᠨ ᠰᠢᠨ᠎ᠡ ᠶᠢ ᠡᠭᠦᠳᠭᠦ ᠶᠢ ᠶᠡᠭᠡ ᠪᠠᠷ ᠠᠬᠢᠭᠤᠯᠬᠤ᠂ ᠡᠷᠡᠰ ᠭᠤᠶᠢᠪᠢᠰᠢ ᠦᠭᠡᠢ ᠪᠠᠷ ᠦᠢᠯᠡᠳᠭᠦ ᠦᠢᠯᠡᠰ ᠤᠨ ᠨᠣᠶᠠᠨ ᠤᠷᠭᠢᠯ ᠳᠤ ᠠᠪᠠᠷᠢᠬᠤ᠂ ᠰᠢᠨ᠎ᠡ ᠴᠠᠭ ᠦᠶ᠎ᠡ ᠶᠢᠨ ︽ᠰᠢᠨ᠎ᠡ ᠲᠠᠷᠢᠶᠠᠴᠢᠨ︾ ᠪᠤᠯᠬᠤ᠂ ᠨᠠᠮ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠤᠯᠤᠭᠴᠢ ᠪᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠦᠭᠡ ᠬᠡᠯᠡᠪᠡ᠃ ᠰᠢ  ᠶᠢᠨ ᠫᠢᠩ ᠪᠠᠶᠢᠨ ᠲᠠᠭᠢᠨ ᠳᠤᠮᠳᠠ ᠨᠢ ᠦᠭᠡ ᠬᠡᠯᠡᠵᠦ᠂ ᠤᠯᠠᠨ ᠲᠠᠢ ᠪᠤᠳᠤᠯ ᠰᠠᠨᠠᠯ ᠢᠶᠠᠨ ᠰᠣᠯᠢᠯᠴᠠᠪᠠ᠃      ᠣᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠵᠢᠶᠠᠩᠰᠤ ᠶᠢᠨ ᠲᠠᠪᠤᠨ ᠵᠢᠯ ᠤᠨ ᠲᠤᠷᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠵᠢᠶᠠᠩᠰᠤ ᠶᠢᠨ ᠬᠢᠨ ᠦᠷᠭᠦᠯᠵᠢᠯᠡᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠬᠤᠰᠢᠭᠤᠷᠠᠵᠤ᠂ ︽ᠠᠵᠤ ᠠᠬᠤᠢ ᠬᠦᠴᠦᠷᠬᠡᠭ ᠠᠷᠠᠳ ᠲᠦᠮᠡᠨ ᠪᠠᠶᠠᠨ ᠴᠢᠨᠡᠭᠡᠯᠢᠭ ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠥᠨᠳᠥᠷ︾ ᠰᠢᠨ᠎ᠡ ᠵᠢᠶᠠᠩᠰᠤ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠵᠦ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠪᠡ᠃
     ᠰᠢ ᠶᠢᠨ ᠫᠢᠩ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠶᠢᠯᠠᠰᠢ ᠦᠭᠡᠢ ᠵᠠᠮ ᠮᠥᠨ᠃ ᠤᠯᠠᠨ ᠤᠯᠤᠰ ᠤᠨ ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ᠂ ᠪᠢᠳᠡ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠭᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠳᠤ ᠦᠨᠳᠦᠰᠦᠨ ᠠᠴᠠ ᠨᠢ ᠠᠪᠴᠤ ᠬᠡᠯᠡᠪᠡᠯ ᠮᠥᠨ ᠯᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠳᠤ ᠲᠦᠰᠢᠭᠯᠡᠬᠦ ᠬᠡᠷᠡᠭᠲᠡᠢ᠃ ᠪᠢᠳᠡ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠪᠠᠶᠢᠨ᠎ᠠ᠃ ︽ᠳᠥᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ᠂ ᠰᠢᠨ᠎ᠡ ᠶᠢ ᠡᠭᠦᠳᠭᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠦᠢᠯᠡᠳᠪᠦᠷᠢᠯᠡᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠠᠪᠴᠠᠩ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠣᠷᠣᠶᠢᠯᠠᠭᠰᠠᠨ ᠰᠢᠨᠵᠢᠯᠡᠬᠦ ᠤᠬᠠᠭᠠᠨᠲᠠᠨ ᠲᠦᠷᠦᠭᠦᠯᠡᠨ ᠠᠩᠬᠠᠨ ᠤ ᠡᠭᠦᠳᠦᠯᠲᠡ ᠶᠢᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠳᠡᠮᠵᠢᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠳᠤ ᠪᠡᠶ᠎ᠡ ᠪᠠᠨ ᠳᠠᠭᠠᠭᠠᠵᠤ ᠡᠵᠡᠮᠳᠡᠵᠦ ᠲᠡᠶᠢᠯᠭᠦ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠭᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ    ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠪᠣᠶᠢᠵᠢᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠬᠦᠴᠦᠯᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠭᠦ ᠰᠣᠶᠣᠯ ᠢ ᠶᠡᠭᠡ ᠪᠠᠷ ᠪᠣᠶᠢᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ ᠪᠠ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠶᠢ ᠡᠭᠦᠳᠭᠦ ᠴᠢᠳᠠᠪᠤᠷᠢᠲᠠᠨ ᠤ ᠴᠣᠯᠭᠤᠷᠠᠨ ᠭᠠᠷᠬᠤ᠂ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠮᠥᠨ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠭᠦᠨᠵᠡᠭᠡᠢ ᠠᠬᠢᠭᠤᠯᠵᠤ᠂ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠦᠢᠯᠡᠳᠭᠦ ᠦᠢᠯᠡᠰ ᠤᠨ ᠳᠡᠭᠡᠳᠦ ᠲᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ ᠮᠤᠵᠢ ᠶᠢ ᠲᠦᠷᠭᠡᠳᠬᠡᠨ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠪᠣᠯᠣᠨ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠦᠷᠢᠮ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
     ᠰᠢ ᠶᠢᠨ ᠫᠢᠩ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠤᠨ ᠦᠨᠳᠦᠰᠦ ᠰᠠᠭᠤᠷᠢ ᠮᠥᠨ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠪᠠᠷ ᠤᠷᠲᠤᠳᠬᠠᠨ ᠥᠷᠭᠡᠳᠬᠡᠵᠦ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠪᠣᠶᠢᠵᠢᠭᠤᠯᠤᠨ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ᠃ ᠪᠠᠯᠭᠠᠰᠤ ᠲᠣᠰᠬᠤᠨ ᠤ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ    ᠬᠡᠷᠡᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠲᠣᠰᠬᠤᠨ ᠤ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠳᠤ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠠᠮᠢᠳᠤᠷᠠᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠡᠴᠦᠰ ᠤᠨ ᠬᠠᠷᠠᠯᠲᠠ ᠮᠥᠨ᠃ ᠦᠨᠳᠦᠰᠦᠨ ᠱᠠᠲᠤᠨ ᠤ ᠵᠠᠰᠠᠯᠲᠠ ᠪᠣᠯᠣᠨ ᠠᠷᠠᠳ ᠤᠨ ᠠᠮᠢᠳᠤᠷᠠᠯ ᠤᠨ ᠪᠠᠲᠤᠯᠠᠭ᠎ᠠ ᠨᠢ ᠠᠷᠠᠳ ᠤᠯᠠᠨ ᠤ ᠦᠨᠳᠦᠰᠦᠨ ᠠᠰᠢᠭ ᠲᠤᠰᠠ ᠲᠠᠢ ᠬᠤᠯᠪᠣᠭᠳᠠᠵᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠰᠠᠭᠤᠷᠢᠯᠠᠬᠤ ᠴᠢᠨᠠᠷᠲᠠᠢ ᠢᠨᠵᠧᠨᠧᠷᠢᠩ ᠪᠣᠯᠣᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ ᠰᠡᠳᠬᠢᠯ ᠳᠡᠭᠡᠨ ᠪᠠᠲᠤ ᠴᠡᠭᠡᠵᠢᠯᠡᠵᠦ᠂ ᠴᠠᠭ ᠢᠮᠠᠭᠲᠠ ᠠᠳᠬᠤᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠲᠣᠣᠷᠵᠢᠭᠤᠯᠤᠬᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ ᠬᠤᠳᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠠᠷᠠᠳ ᠤᠯᠠᠨ ᠳᠤ ᠭᠡᠷ ᠤᠨ ᠡᠭᠦᠳᠡᠨ ᠳᠡᠭᠡᠷᠡᠬᠢ ᠰᠢᠯᠢᠳᠡᠭ ᠦᠢᠯᠡᠴᠢᠯᠡᠭᠡ ᠪᠠ ᠨᠠᠷᠢᠯᠢᠭ ᠬᠠᠮᠢᠶᠠᠷᠤᠯᠲᠠ ᠶᠢ ᠬᠠᠩᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶᠢᠳᠠᠯ ᠳᠣᠣᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤᠨᠢ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠬᠡᠷᠡᠭᠲᠡᠢ᠃ ᠠᠷᠠᠳ ᠤᠯᠠᠨ ᠤ ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠢ ᠴᠢᠩᠭ᠎ᠠ ᠠᠳᠬᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠶᠢ ᠠᠪᠴᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠵᠤ ᠬᠠᠪᠰᠤᠷᠤᠨ ᠲᠡᠳᠭᠦᠭᠦ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ᠂ ︽ᠨᠠᠰᠤᠲᠠᠶᠢᠴᠤᠳ ᠪᠠᠭᠠᠴᠤᠳ︾ ᠤᠨ ᠦᠢᠯᠡᠴᠢᠯᠡᠭᠡ ᠶᠢ ᠴᠢᠩᠭᠠᠳᠬᠠᠬᠤ ᠵᠡᠷᠭᠡ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠢ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ ᠬᠠᠮᠤᠭ ᠤᠨ ᠰᠡᠭᠦᠯ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠦᠨᠡᠨ ᠬᠦ ᠴᠢᠩᠭᠠᠳᠬᠠᠵᠤ᠂ ᠬᠤᠭᠤᠴᠠᠭ᠎ᠠ ᠰᠣᠯᠢᠭᠰᠠᠨ ᠤ ᠳᠠᠷᠠᠭᠠᠬᠢ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠵᠢᠯᠣᠭᠤᠳᠤᠯᠭ᠎ᠠ ᠪᠣᠯᠣᠨ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠼᠠᠢ ᠴᠢ᠂ ᠳ᠋ᠢᠩ ᠰᠢᠤᠸᠠᠢ ᠰᠢᠶᠠᠩ᠂ ᠾᠧ ᠯᠢ ᠹᠧᠩ ᠨᠠᠷ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号