ᠰᠢ ᠶᠢᠨ ᠫᠢᠩ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠬᠦ ᠳᠡᠭᠡᠨ ᠴᠢᠬᠤᠯᠠᠴᠢᠯᠠᠭᠰᠠᠨ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠵᠦ ᠴᠢᠨᠠᠷ ᠰᠠᠶᠢᠲᠠᠢ ᠭᠦᠭᠵᠢᠭᠦ ᠶᠢ ᠵᠥᠪ ᠢᠶᠠᠷ ᠬᠥᠲᠥᠯᠥᠨ ᠵᠢᠯᠤᠭᠤᠳᠬᠤ ᠬᠡᠷᠡᠭᠲᠡᠢ  ᠸᠠᠩ ᠬᠤ᠋ ᠨᠢᠩ  ᠼᠠᠢ ᠴᠢ  ᠳ᠋ᠢᠩ ᠰᠢᠤᠸᠠᠢ ᠰᠢᠶᠠᠩ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠪᠠ
ᠨᠡᠶᠢᠲᠡᠯᠡᠭᠰᠡᠨ ᠴᠠᠭ᠄
2023/3/7
     ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ ᠃    ᠲᠡᠷᠡ ᠂ ᠨᠠᠮ ᠤᠨ ᠲᠥᠪ ᠬᠤᠷᠢᠶ᠎ᠠ ︽ᠬᠤᠶᠠᠷ ᠡᠷᠡᠰ ᠭᠤᠶᠢᠪᠢᠰᠢ ᠦᠭᠡᠢ ᠪᠠᠶᠢᠬᠤ ︾ ᠂ ︽ᠭᠤᠷᠪᠠᠨ ᠬᠤᠪᠢᠷᠠᠭ᠎ᠠ ᠦᠭᠡᠢ ᠪᠠᠶᠢᠬᠤ ︾ ᠶᠢ ᠢᠮᠠᠭᠲᠠ ᠪᠠᠷᠢᠮᠲᠠᠯᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠢᠮᠠᠭᠲᠠ ᠥᠪᠡᠷ ᠤᠨ ᠬᠥᠮᠥᠨ ᠢᠶᠠᠨ ᠪᠣᠯᠭᠠᠨ ᠦᠵᠡᠪᠡ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠭᠤᠯᠵᠤ ᠂ ᠢᠲᠡᠭᠡᠯ ᠵᠣᠷᠢᠭ ᠢ ᠨᠢ ᠬᠥᠪᠴᠢᠯᠡᠵᠦ ᠂ ᠳᠠᠷᠤᠭᠠᠰᠤ ᠶᠢ ᠨᠢ ᠬᠥᠩᠭᠡᠷᠡᠭᠦᠯᠵᠦ ᠂ ᠵᠣᠷᠢᠭᠲᠠᠢ ᠪᠠᠷ ᠬᠥᠭᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠵᠦ ᠂ ᠴᠢᠨᠠᠷ ᠰᠠᠶᠢᠲᠠᠢ ᠭᠦᠭᠵᠢᠭᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
     ︽3·8 ︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ︽ᠬᠤᠶᠠᠷ ᠬᠤᠷᠠᠯ︾ ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ ᠂ ᠡᠮᠡᠭᠲᠡᠢ ᠭᠡᠰᠢᠭᠦᠨ ᠂ ᠡᠮᠡᠭᠲᠡᠢ ᠠᠵᠢᠯᠲᠠᠨ ᠂ ᠪᠦᠭᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠂ ᠣᠣᠮᠧᠨ ᠵᠠᠰᠠᠭ ᠵᠠᠬᠢᠷᠭᠠᠨ ᠤ ᠣᠨᠴᠠᠭᠠᠢ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ ᠂ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ︕      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢ ᠡᠷᠭᠢᠯᠡᠭᠴᠢ ᠸᠠᠩ ᠬᠤ᠋ ᠨᠢᠩ ᠂ ᠨᠠᠮ ᠤᠨ ᠲᠥᠪ ᠬᠤᠷᠢᠶ᠎ᠠ  ᠶᠢᠨ  ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠼᠠᠢ ᠴᠢ ᠂ ᠳ᠋ᠢᠩ ᠰᠢᠤᠸᠠᠢ ᠰᠢᠶᠠᠩ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠪᠠ᠃      ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠂ ᠽᠧᠩ ᠢᠦᠢ ᠴᠢᠶᠦ᠋ᠨ ᠂ ᠰᠢᠶᠧ ᠳ᠋ᠦᠩ ᠂ ᠯᠢᠦ ᠵᠧᠨ ᠳ᠋ᠦᠩ ᠂ ᠴᠧᠨ ᠰᠢᠶᠣᠣ ᠫᠢᠩ ᠂ ᠰᠢᠶᠧ ᠷᠦ ᠂ ᠰᠦᠨ ᠳ᠋ᠦᠩ ᠱᠧᠩ ᠵᠡᠷᠭᠡ 6 ᠭᠡᠰᠢᠭᠦᠨ ᠂ ᠪᠦᠭᠦ ᠪᠥᠮᠪᠥᠷᠴᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠠᠰᠢᠭᠲᠠᠢ ᠪᠠᠶᠢᠷᠢ ᠶᠢ ᠡᠵᠡᠯᠡᠭᠦ ᠂ ᠮᠥᠩᠭᠦᠨ ᠭᠦᠢᠯᠭᠡᠭᠡᠨ ᠢᠶᠠᠷ ᠰᠢᠨᠵᠢᠯᠡᠬᠦ ᠤᠬᠠᠭᠠᠨ ᠲᠸᠭ᠍ᠨ᠋ᠶᠢᠠ᠋ ᠮᠡᠷᠭᠡᠵᠢᠯ ᠤᠨ ᠰᠢᠨ᠎ᠡ ᠶᠢ ᠡᠭᠦᠳᠭᠦ ᠶᠢ ᠳᠡᠮᠵᠢᠭᠦ ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠨᠥᠬᠦᠴᠡᠯ ᠡᠭᠦᠳᠴᠦ ᠦᠭᠭᠦ ᠂ ᠲᠠᠪᠴᠠᠩ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠬᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠳᠠᠪᠠᠭᠤᠯᠢᠭ ᠪᠠ ᠠᠮᠢᠵᠢᠷᠠᠯ ᠤᠨ ᠬᠦᠴᠦᠨ ᠢ ᠴᠢᠨᠠᠭᠰᠢᠳᠠ ᠪᠠᠳᠠᠷᠠᠭᠤᠯᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ᠃      ᠰᠢ ᠶᠢᠨ ᠫᠢᠩ ᠤᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠤᠷᠤᠯᠴᠠᠵᠤ ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠵᠦ ᠂ ᠤᠯᠠᠨ ᠲᠠᠢ ᠬᠠᠮᠲᠤ ᠶᠠᠷᠢᠯᠴᠠᠨ ᠪᠤᠳᠤᠯ ᠰᠠᠨᠠᠯ ᠢᠶᠠᠨ ᠰᠣᠯᠢᠯᠴᠠᠵᠤ ᠪᠠᠶᠢᠭ᠎ᠠ ᠳᠠᠭᠠᠨ ᠮᠠᠰᠢ ᠪᠠᠶᠠᠷ ᠲᠠᠢ ᠪᠠᠶᠢᠨ᠎ᠠ ᠭᠡᠵᠦ ᠢᠯᠡᠳᠬᠡᠪᠡ ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠤᠷᠠᠯ ᠳᠤ ᠣᠷᠣᠯᠴᠠᠬᠰᠠᠨ ᠭᠡᠰᠢᠭᠦᠳ ᠪᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠥᠷᠭᠡᠨ ᠤᠯᠠᠨ ᠪᠦᠷᠢᠯᠳᠦᠭᠦᠨ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃
     ᠰᠢ ᠶᠢᠨ ᠫᠢᠩ ᠂ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠂ ᠲᠤᠶᠢᠯ ᠤᠨ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ ᠃ ᠳᠡᠯᠡᠬᠡᠢ ᠶᠢᠨ ᠣᠷᠴᠢᠨ ᠰᠠᠯᠬᠢ ᠶᠡᠭᠡ ᠳᠠᠪᠠᠯᠭᠠᠨ ᠰᠢᠷᠦᠭᠦᠨ ᠪᠠᠶᠢᠭᠰᠠᠨ ᠪᠠ ᠤᠯᠤᠰ ᠤᠨ ᠳᠣᠲᠣᠭᠠᠳᠤ ᠳᠤ ᠵᠢᠱᠢᠯᠲᠡ ᠠᠴᠠ ᠳᠠᠪᠠᠭᠰᠠᠨ ᠤᠯᠠᠨ ᠳᠠᠪᠬᠤᠷ ᠬᠦᠴᠦᠨ ᠵᠦᠢᠯ ᠤᠨ ᠳᠠᠭᠠᠷᠢᠯᠲᠠ ᠳᠤ ᠲᠤᠯᠭᠠᠷᠠᠵᠤ ᠪᠠᠶᠢᠭᠰᠠᠨ ᠪᠠᠶᠢᠳᠠᠯ ᠳᠣᠣᠷ᠎ᠠ ᠂ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠵᠦ ᠂ ᠨᠤᠭᠤᠷᠠᠰᠢ ᠦᠭᠡᠢ ᠴᠢᠷᠮᠠᠶᠢᠭᠰᠠᠨ ᠢᠶᠠᠷ ᠂ ᠪᠢᠳᠡ ᠴᠢᠬᠤᠯᠠ ᠶᠡᠭᠡ ᠪᠥᠭᠡᠳ ᠠᠯᠤᠰ ᠭᠡᠳᠤ ᠶᠢᠨ ᠨᠥᠯᠥᠭᠡ ᠦᠵᠡᠭᠦᠯᠭᠦ ᠬᠡᠳᠦᠨ ᠶᠡᠭᠡ ᠶᠠᠪᠤᠳᠠᠯ ᠢ ᠪᠦᠲᠦᠭᠡᠵᠦ ᠂ ᠨᠠᠮ ᠪᠠ ᠤᠯᠤᠰ ᠤᠨ ᠠᠵᠢᠯ ᠦᠢᠯᠡᠰ ᠦᠯᠡᠮᠵᠢ ᠦᠷ᠎ᠡ ᠪᠦᠲᠦᠭᠡᠯ ᠣᠯᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ ᠃ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷ ᠪᠡᠷᠬᠡ ᠪᠠ ᠥᠷᠢᠰᠦᠯᠳᠦᠭᠡᠨ ᠢ ᠢᠯᠠᠨ ᠳᠠᠪᠠᠵᠤ ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠠᠮᠤᠷ ᠲᠦᠪᠰᠢᠨ ᠢᠶᠠᠷ ᠤᠷᠤᠭᠰᠢᠲᠠᠢ ᠡᠷᠭᠢᠯᠡᠪᠡ ᠃ ᠪᠢᠳᠡ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ    ᠲᠣᠬᠢᠷᠠᠭᠤᠯᠵᠤ ᠂ ᠨᠡᠯᠢᠶᠡᠳ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠰᠢᠯᠵᠢᠭᠦ ᠶᠢ ᠪᠡᠶᠡᠯᠡᠭᠦᠯᠵᠦ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠢᠶᠠᠷ ᠦᠬᠦᠬᠦ ᠨᠣᠷᠮ᠎ᠠ ᠪᠦᠭᠦ ᠪᠥᠮᠪᠥᠷᠴᠡᠭ ᠤᠨ ᠬᠠᠮᠤᠭ ᠤᠨ ᠳᠣᠣᠷ᠎ᠠ ᠲᠦᠪᠰᠢᠨ ᠳᠤ ᠪᠠᠶᠢᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠪᠠ ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠬᠡᠮᠵᠢᠶ᠎ᠡ 40 ᠭᠠᠷᠤᠢ ᠵᠢᠯ ᠤᠨ ᠲᠤᠷᠰᠢᠬᠢ ᠰᠢᠨ᠎ᠡ ᠥᠨᠳᠥᠷ ᠲᠦᠪᠰᠢᠨ ᠳᠤ ᠭᠦᠷᠦᠭᠰᠡᠨ ᠪᠠᠶᠢᠳᠠᠯ ᠳᠣᠣᠷ᠎ᠠ ᠂ ᠮᠠᠨ ᠤ ᠤᠯᠤᠰ ᠤᠨ ᠪᠠᠷᠠᠭᠠᠨ ᠤ ᠦᠨ᠎ᠡ ᠶᠢᠨ ᠶᠡᠷᠦᠩᠬᠡᠢ ᠲᠦᠪᠰᠢᠨ ᠲᠣᠭᠲᠠᠭᠤᠨ ᠪᠠᠶᠢᠳᠠᠯ ᠢᠶᠠᠨ ᠪᠠᠲᠤᠯᠠᠵᠤ ᠂ ᠪᠦᠭᠦ ᠵᠢᠯ ᠤᠨ ᠠᠵᠤ ᠠᠬᠤᠢ ᠶᠢᠨ ᠨᠡᠮᠡᠭᠳᠡᠯ 3% ᠳᠤ ᠬᠦᠷᠴᠦ ᠂ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠮᠠᠰᠢ ᠥᠨᠳᠥᠷ ᠲᠤ ᠣᠷᠣᠵᠠᠢ ᠃ ᠡᠳᠡᠭᠡᠷ ᠠᠮᠵᠢᠯᠲᠠ ᠶᠢ ᠣᠯᠣᠭᠰᠠᠨ  ᠨᠢ ᠦᠨᠡᠬᠡᠷ ᠭᠢᠯᠪᠠᠷ ᠪᠤᠰᠤ ᠶᠤᠮ ᠭᠡᠵᠦ ᠴᠢᠬᠤᠯᠠᠴᠢᠯᠠᠵᠠᠢ  ᠃      ᠰᠢ ᠶᠢᠨ ᠫᠢᠩ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ 5 ᠵᠢᠯ ᠪᠣᠯ ᠲᠤᠶᠢᠯ ᠤᠨ ᠶᠡᠷᠦ ᠪᠤᠰᠤ ᠶᠢᠨ ᠂ ᠲᠤᠶᠢᠯ ᠤᠨ ᠵᠢᠷ ᠤᠨ ᠪᠤᠰᠤ 5 ᠵᠢᠯ ᠪᠣᠯᠣᠨ᠎ᠠ ᠃ ᠮᠠᠨ ᠤ ᠤᠯᠤᠰ ᠤᠨ ᠬᠥᠭᠵᠢᠯᠲᠡ ᠶᠢᠨ ᠭᠠᠳᠠᠭᠠᠳᠤ ᠣᠷᠴᠢᠨ ᠨᠥᠬᠦᠴᠡᠯ ᠰᠢᠷᠦᠭᠦᠰᠦᠨ ᠬᠤᠪᠢᠷᠠᠵᠤ ᠂ ᠲᠤᠬᠳᠠᠭᠠᠯᠳᠤ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ ᠢᠯᠡᠳᠲᠡ ᠨᠡᠮᠡᠭᠳᠡᠪᠡ ᠂ ᠢᠯᠠᠩᠭᠤᠶ᠎ᠠ ᠠᠮᠧᠷᠢᠺᠠ ᠪᠠᠷ ᠲᠣᠯᠣᠭᠠᠶᠢᠯᠠᠭᠤᠯᠤᠭᠰᠠᠨ ᠥᠷᠥᠨᠡᠳᠠᠬᠢᠨ ᠤ ᠤᠯᠤᠰ ᠤᠳ ᠮᠠᠨ ᠤ ᠤᠯᠤᠰ ᠢ ᠪᠦᠭᠦ ᠲᠠᠯ᠎ᠠ ᠪᠠᠷ ᠬᠢᠵᠠᠭᠠᠷᠯᠠᠵᠤ ᠂ ᠪᠦᠰᠡᠯᠡᠨ ᠬᠤᠷᠢᠵᠤ ᠂ ᠳᠠᠷᠤᠯᠲᠠ ᠥᠭᠴᠦ ᠂ ᠮᠠᠨ ᠤ ᠤᠯᠤᠰ ᠤᠨ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠬᠠᠲᠠᠭᠤ ᠴᠢᠩᠭ᠎ᠠ ᠰᠢᠯᠭᠠᠯᠲᠠ ᠶᠢ ᠠᠪᠴᠢᠷᠠᠭᠰᠠᠨ ᠪᠠᠶᠢᠨ᠎ᠠ ᠃ ᠡᠭᠦᠨ ᠤ ᠵᠡᠷᠭᠡ ᠪᠠᠷ ᠤᠯᠤᠰ ᠤᠨ ᠳᠣᠲᠣᠭᠠᠳᠤ ᠳᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠭᠢᠨ ᠳᠠᠪᠲᠠᠨ ᠳᠡᠯᠭᠡᠷᠡᠭᠰᠡᠨ ᠂ ᠠᠵᠤ ᠠᠬᠤᠢ ᠤᠷᠤᠭᠤᠳᠠᠬᠤ ᠳᠠᠷᠤᠯᠲᠠ ᠨᠡᠮᠡᠭᠳᠡᠭᠰᠡᠨ ᠵᠡᠷᠭᠡ ᠤᠯᠠᠨ ᠵᠦᠢᠯ ᠤᠨ ᠬᠦᠴᠢᠷᠳᠡᠯ ᠳᠤ ᠲᠤᠯᠭᠠᠷᠠᠪᠠ ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠬᠦᠴᠢᠷ ᠢ ᠰᠥᠷᠦᠨ ᠤᠷᠤᠭᠰᠢᠯᠠᠵᠤ ᠂ ᠯᠠᠪᠳᠠᠭᠤᠨ ᠢᠶᠠᠷ       ᠠᠷᠭᠠᠴᠠᠭᠠᠵᠤ ᠂ ᠭᠠᠵᠢᠭᠤ ᠪᠤᠷᠤᠭᠤ ᠶᠢ ᠢᠲᠡᠭᠡᠭᠦ ᠦᠭᠡᠢ ᠂ ᠳᠠᠷᠤᠯᠲᠠ ᠠᠴᠠ ᠠᠶᠤᠬᠤ ᠦᠭᠡᠢ ᠂ ᠬᠦᠴᠢᠷ ᠠᠴᠠ ᠵᠠᠶᠢᠯᠠᠬᠤ ᠦᠭᠡᠢ ᠪᠠᠶᠢᠵᠤ ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠳᠤᠮᠳᠠᠴᠢ ᠪᠠᠷ 5.2% ᠢᠶᠠᠷ ᠨᠡᠮᠡᠭᠳᠡᠵᠦ ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ    ᠪᠡᠶᠡᠯᠡᠭᠦᠯᠵᠦ ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠵᠤ ᠂ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠣᠷᠣᠬᠤ ᠶᠢ ᠠᠬᠢᠭᠤᠯᠪᠠ ᠃ 5 ᠵᠢᠯ ᠤᠨ ᠲᠤᠷᠰᠢᠬᠢ ᠠᠮᠵᠢᠯᠲᠠ ᠪᠦᠲᠦᠮᠵᠢ ᠪᠣᠯ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ ᠂ ᠪᠠᠰᠠ ᠴᠤ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠤᠪᠢ ᠨᠡᠮᠡᠷᠢ ᠰᠢᠩᠭᠡᠵᠦ ᠪᠠᠶᠢᠭ᠎ᠠ ᠶᠤᠮ ᠭᠡᠵᠦ ᠵᠢᠭᠠᠵᠤ ᠭᠠᠷᠭᠠᠵᠠᠢ᠃      ᠰᠢ ᠶᠢᠨ ᠫᠢᠩ ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ ᠨᠥᠬᠦᠴᠡᠯ ᠳᠤ ᠡᠭᠦᠰᠦᠭᠰᠡᠨ ᠭᠦᠨᠵᠡᠭᠡᠢ  ᠪᠥᠭᠡᠳ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ ᠂ ᠡᠷᠬᠡᠪᠰᠢ ᠯᠠᠪᠳᠠᠭᠤᠨ ᠪᠣᠯᠭᠤᠮᠵᠢᠲᠠᠢ ᠪᠠᠶᠢᠵᠤ ᠂ ᠲᠣᠭᠲᠠᠯ ᠬᠦᠴᠦᠨ ᠢᠶᠠᠨ ᠪᠠᠲᠤᠯᠠᠵᠤ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ ᠂ ᠢᠳᠡᠪᠬᠢᠲᠡᠢ    ᠠᠵᠢᠯᠯᠠᠵᠤ ᠂ ᠪᠦᠯᠬᠦᠮᠳᠡᠨ ᠨᠢᠭᠡᠳᠴᠦ ᠂ ᠵᠣᠷᠢᠭᠲᠠᠢ ᠲᠡᠮᠡᠴᠡᠬᠦ ᠬᠡᠷᠡᠭᠲᠡᠢ ᠃ ᠯᠠᠪᠳᠠᠭᠤᠨ ᠲᠣᠭᠲᠠᠭᠤᠨ ᠪᠠᠶᠢᠵᠤ ᠂ ᠲᠣᠭᠲᠠᠯ ᠬᠦᠴᠦᠨ ᠢᠶᠠᠨ ᠪᠠᠲᠤᠯᠠᠬᠤ ᠭᠡᠳᠡᠭ ᠨᠢ ᠳᠠᠷᠤᠢ ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢ ᠯᠠᠪᠳᠠᠭᠤᠨ ᠲᠣᠭᠲᠠᠭᠤᠨ ᠢᠶᠠᠷ ᠠᠵᠢᠭᠯᠠᠵᠤ ᠂ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ ᠂ ᠬᠤᠪᠢᠷᠠᠯᠲᠠ ᠶᠢ ᠵᠥᠪ ᠲᠠᠨᠢᠵᠤ ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠨ ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ ᠂ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠪᠠᠨ ᠴᠠᠭ ᠲᠤᠬᠠᠢ ᠳᠤᠨᠢ ᠰᠢᠯᠢᠳᠡᠭᠵᠢᠭᠦᠯᠦᠨ ᠲᠣᠬᠢᠷᠠᠭᠤᠯᠬᠤ ᠮᠥᠷᠲᠡᠭᠡᠨ ᠪᠠᠰᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ ᠦᠭᠡᠢ ᠴᠢᠷᠮᠠᠶᠢᠵᠤ ᠂ ᠡᠯ᠎ᠡ ᠵᠦᠢᠯ ᠤᠨ ᠠᠶᠤᠯ ᠲᠦᠭᠰᠢᠭᠦᠷᠢ ᠠᠴᠠ ᠡᠮᠢᠶᠡᠭᠦ ᠦᠭᠡᠢ ᠂ ᠨᠢᠭᠡᠨᠲᠡ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠᠨ ᠵᠣᠷᠢᠵᠤ ᠡᠷᠡᠰ ᠭᠤᠶᠢᠪᠢᠰᠢ ᠦᠭᠡᠢ ᠤᠷᠤᠭᠰᠢᠯᠠᠬᠤ ᠶᠠᠪᠤᠳᠠᠯ ᠪᠣᠯᠣᠨ᠎ᠠ ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ ᠂ ᠢᠳᠡᠪᠬᠢᠲᠡᠢ ᠪᠠᠷ ᠠᠵᠢᠯᠯᠠᠬᠤ ᠪᠣᠯ ᠳᠠᠷᠤᠢ ᠦᠨᠳᠦᠰᠦᠨ ᠴᠢᠭᠯᠡᠯ ᠢ ᠲᠣᠭᠲᠠᠭᠤᠨ ᠪᠠᠶᠢᠯᠭᠠᠬᠤ ᠂ ᠴᠢᠭᠯᠡᠯᠲᠡ ᠲᠦᠷᠦ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠲᠠᠭᠤᠨ    ᠪᠠᠶᠢᠯᠭᠠᠬᠤ ᠂ ᠰᠠᠭᠤᠷᠢ ᠶᠢ ᠪᠠᠲᠤ ᠰᠠᠬᠢᠬᠤ ᠂  ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ ᠢᠳᠡᠪᠬᠢᠲᠡᠢ ᠪᠠᠷ ᠤᠷᠤᠭᠰᠢᠯᠠᠨ ᠳᠠᠪᠰᠢᠵᠤ ᠂ ᠵᠣᠭᠰᠣᠩᠭᠢᠷᠠᠬᠤ ᠦᠭᠡᠢ ᠪᠠᠶᠢᠵᠤ ᠂ ᠲᠦᠷᠭᠡᠨ ᠪᠤᠯᠭᠠᠵᠤ ᠴᠢᠳᠠᠪᠠᠯ ᠲᠦᠷᠭᠡᠨ ᠪᠤᠯᠭᠠᠵᠤ ᠂ ᠬᠠᠮᠤᠭ ᠤᠨ ᠰᠠᠶᠢᠨ ᠦᠷ᠎ᠡ ᠳ᠋ᠦᠩ ᠢ ᠣᠯᠬᠤ ᠪᠠᠷ ᠴᠢᠷᠮᠠᠶᠢᠬᠤ ᠶᠠᠪᠤᠳᠠᠯ ᠪᠣᠯᠣᠨ᠎ᠠ ᠃ ᠪᠦᠯᠬᠦᠮᠳᠡᠨ ᠨᠢᠭᠡᠳᠴᠦ ᠂ ᠵᠣᠷᠢᠭᠲᠠᠢ ᠪᠠᠷ ᠲᠡᠮᠡᠴᠡᠬᠦ ᠬᠡᠷᠡᠭᠲᠡᠢ ᠃ ᠬᠦᠴᠦᠨ ᠴᠢᠳᠠᠯ ᠭᠡᠵᠦ ᠪᠦᠯᠬᠦᠮᠳᠡᠯ ᠠᠴᠠ ᠢᠷᠡᠳᠡᠭ ᠶᠤᠮ ᠃ ᠡᠳᠡᠭᠡᠷ ᠵᠢᠯ ᠤᠳ ᠲᠤ ᠂ ᠪᠢᠳᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ ᠂ ᠶᠡᠭᠡ ᠳᠠᠶᠢᠯᠠᠯᠳᠤᠭᠠᠨ ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ ᠂ ᠳᠠᠶᠢᠯᠠᠯᠳᠤᠭᠠᠨ ᠨᠢᠭᠡ ᠪᠦᠷᠢ ᠨᠢ ᠴᠥᠮ ᠪᠦᠭᠦ ᠠᠷᠠᠳ ᠲᠦᠮᠡᠨ ᠤ ᠪᠦᠯᠬᠦᠮᠳᠡᠨ ᠲᠡᠮᠡᠴᠡᠬᠦ ᠂ ᠨᠤᠭᠤᠷᠠᠰᠢ ᠦᠭᠡᠢ ᠲᠡᠮᠡᠴᠡᠬᠦ ᠳᠤ ᠲᠦᠰᠢᠭᠯᠡᠨ ᠢᠯᠠᠯᠲᠠ ᠣᠯᠵᠤ ᠢᠷᠡᠭᠰᠡᠨ ᠶᠤᠮ ᠃ ᠢᠷᠡᠭᠡᠳᠦᠢ ᠶᠢᠨ ᠬᠡᠰᠡᠭ ᠬᠤᠭᠤᠴᠠᠭᠠᠨ ᠳᠤ ᠂ ᠪᠢᠳᠡᠨ ᠳᠤ ᠲᠤᠯᠭᠠᠷᠠᠬᠤ ᠠᠶᠤᠯ ᠲᠦᠭᠰᠢᠭᠦᠷᠢ ᠥᠷᠢᠰᠦᠯᠳᠦᠭᠡᠨ ᠤᠯᠠᠮ ᠠᠴᠠ ᠤᠯᠠᠮ ᠣᠯᠠᠰᠢᠷᠠᠵᠤ ᠂ ᠤᠯᠠᠮ ᠠᠴᠠ ᠤᠯᠠᠮ ᠬᠦᠨᠳᠦ ᠬᠡᠴᠡᠭᠦᠦ ᠪᠤᠯᠬᠤ ᠪᠣᠯᠣᠨ᠎ᠠ ᠃ ᠭᠠᠭᠴᠠ ᠬᠦ ᠪᠦᠭᠦ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠤᠯᠠᠨ ᠤ ᠵᠣᠷᠢᠭ ᠢ ᠨᠢᠭᠡᠳᠬᠡᠵᠦ ᠂ ᠵᠣᠷᠢᠭᠲᠠᠢ ᠪᠠᠷ ᠲᠡᠮᠡᠴᠡᠵᠦ ᠂ ᠴᠢᠳᠠᠮᠠᠭᠠᠢ ᠪᠠᠷ ᠲᠡᠮᠡᠴᠡᠪᠡᠯ ᠰᠠᠶ᠋ᠢ ᠨᠡᠩ ᠶᠡᠭᠡ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠣᠯᠵᠤ ᠴᠢᠳᠠᠨ᠎ᠠ ᠭᠡᠵᠦ ᠴᠢᠬᠤᠯᠠᠴᠢᠯᠠᠪᠠ᠃
     ᠰᠢ ᠶᠢᠨ ᠫᠢᠩ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠂ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ᠬᠤᠣᠰ ᠵᠠᠭᠤᠨ ᠵᠢᠯ ︾  ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠴᠢᠬᠤᠯᠠ ᠬᠦᠴᠦᠨ ᠮᠥᠨ ᠃ ᠪᠢᠳᠡ ᠢᠮᠠᠭᠲᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠥᠪᠡᠷ ᠤᠨ ᠬᠥᠮᠥᠨ ᠢᠶᠠᠨ ᠪᠣᠯᠭᠠᠨ ᠦᠵᠡᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠥᠭᠡᠷᠢᠭᠳᠡᠯ ᠳᠤ ᠲᠤᠯᠭᠠᠷᠠᠭᠰᠠᠨ ᠦᠶ᠎ᠡ ᠳᠤ ᠵᠢᠯᠣᠭᠤᠳᠤᠯᠭ᠎ᠠ ᠦᠵᠡᠭᠦᠯᠵᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠶᠢ ᠬᠦᠯᠢᠶᠡᠰᠦᠯᠡᠵᠦ ᠪᠠᠶᠢᠭ᠎ᠠ ᠳᠦᠷᠢᠮ ᠤᠨ ᠬᠠᠷᠰᠢ ᠰᠠᠭᠠᠳ ᠢ ᠠᠷᠢᠯᠭᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠳᠦᠷᠢᠮ ᠪᠣᠯᠣᠨ ᠬᠠᠤᠯᠢ ᠴᠠᠭᠠᠵᠠ ᠶᠢᠨ ᠲᠠᠯ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ ᠂ ᠵᠠᠬ᠎ᠠ ᠳᠡᠯᠭᠡᠭᠦᠷ ᠤᠨ ᠵᠢᠱᠢᠯᠲᠡ ᠪᠣᠯᠣᠨ ᠢᠲᠡᠭᠡᠯ ᠢ ᠬᠥᠭᠵᠢᠭᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠢᠳᠡᠪᠬᠢᠲᠡᠢ ᠪᠠᠳᠠᠷᠠᠭᠤᠯᠵᠤ ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠭᠡ ᠶᠢᠨ ᠬᠥᠭᠵᠢᠯᠲᠡ ᠶᠢ ᠳᠡᠮᠵᠢᠵᠦ ᠂ ᠲᠠᠪᠴᠠᠩ ᠤᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠡᠭᠦᠳᠭᠦ ᠂ ᠬᠡᠷᠡᠭᠯᠡᠭᠡ ᠶᠢ ᠥᠷᠭᠡᠳᠬᠡᠬᠦ ᠂ ᠣᠯᠠᠨ ᠤᠯᠤᠰ ᠤᠨ ᠥᠷᠢᠰᠦᠯᠳᠦᠭᠡᠨ ᠳᠤ ᠴᠢᠳᠠᠪᠤᠷᠢ ᠪᠠᠨ ᠪᠠᠳᠠᠷᠠᠭᠤᠯᠬᠤ ᠶᠢ ᠳᠡᠮᠵᠢᠭᠦ ᠬᠡᠷᠡᠭᠲᠡᠢ ᠃ ᠳᠣᠲᠣᠨᠣ ᠪᠥᠭᠡᠳ ᠲᠣᠳᠣᠷᠬᠠᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠦᠴᠢᠷ ᠵᠣᠪᠠᠭᠤᠷᠢ ᠶᠢ ᠨᠢ ᠰᠢᠢᠳᠪᠦᠷᠢᠯᠡᠨ ᠥᠭᠴᠦ ᠂ ᠲᠡᠳᠡᠨ ᠢ ᠵᠣᠷᠢᠭᠲᠠᠢ ᠠᠵᠢᠯᠯᠠᠵᠤ ᠂ ᠳᠠᠷᠤᠭᠠᠰᠤ ᠦᠭᠡᠢ ᠪᠠᠷ ᠠᠵᠢᠯᠯᠠᠬᠤ ᠪᠤᠯᠭᠠᠵᠤ ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠬᠥᠭᠡᠭᠡᠴᠡᠯᠳᠦᠭᠦᠯᠬᠦ ᠬᠡᠷᠡᠭᠲᠡᠢ ᠃ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ︽ᠬᠤᠶᠠᠷ ᠡᠷᠡᠰ ᠭᠤᠶᠢᠪᠢᠰᠢ ᠦᠭᠡᠢ ᠪᠠᠶᠢᠬᠤ ︾ ᠂ ︽ᠬᠤᠶᠠᠷ ᠡᠷᠡᠭᠦᠯ ︾  ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠭᠤᠯᠵᠤ ᠂ ᠡᠷᠡᠭᠡᠯᠵᠡᠯ ᠢ ᠨᠢ ᠠᠷᠢᠯᠭᠠᠵᠤ ᠂ ᠳᠠᠷᠤᠭᠠᠰᠤ ᠶᠢ ᠨᠢ ᠬᠥᠩᠭᠡᠷᠡᠭᠦᠯᠵᠦ ᠂ ᠵᠣᠷᠢᠭᠲᠠᠢ ᠪᠠᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠣᠷᠣᠰᠢᠵᠤ ᠪᠠᠶᠢᠭ᠎ᠠ ᠳᠤᠲᠠᠭᠤᠳᠠᠯ ᠪᠣᠯᠣᠨ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠭᠦᠨᠵᠡᠭᠡᠢ ᠡᠵᠡᠮᠳᠡᠵᠦ ᠂ ᠬᠥᠭᠵᠢᠯᠲᠡ ᠶᠢᠨ ᠭᠡᠯᠪᠡᠷᠢ ᠪᠠᠨ ᠬᠤᠪᠢᠷᠠᠭᠤᠯᠵᠤ ᠂ ᠠᠵᠤ ᠦᠢᠯᠡᠰ ᠤᠨ ᠪᠦᠲᠦᠴᠡ ᠪᠠᠨ    ᠲᠣᠬᠢᠷᠠᠭᠤᠯᠵᠤ ᠂ ᠨᠡᠮᠡᠭᠳᠡᠯ ᠤᠨ ᠬᠥᠳᠡᠯᠭᠡᠭᠦ ᠬᠦᠴᠦᠨ ᠢᠶᠠᠨ ᠬᠤᠪᠢᠷᠠᠭᠤᠯᠵᠤ ᠂ ᠭᠤᠣᠯ ᠦᠢᠯᠡᠰ ᠢᠶᠠᠨ ᠪᠠᠲᠤ    ᠰᠠᠬᠢᠵᠤ ᠂ ᠪᠣᠳᠠᠲᠤ ᠴᠣᠭᠴᠠ ᠶᠢᠨ ᠦᠢᠯᠡᠰ ᠢᠶᠠᠨ ᠬᠦᠴᠦᠷᠬᠡᠭᠵᠢᠭᠦᠯᠵᠦ ᠂ ᠤᠬᠠᠮᠰᠠᠷ ᠠᠴᠠ ᠪᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠃ ᠴᠢᠳᠠᠪᠤᠷᠢ ᠲᠠᠢ ᠂ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠶᠢ ᠴᠢᠩᠭᠠᠳᠬᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠳᠤᠮᠳᠠ ᠨᠡᠩ ᠶᠡᠭᠡ ᠦᠢᠯᠡᠳᠦᠯ ᠦᠵᠡᠭᠦᠯᠭᠦ ᠬᠡᠷᠡᠭᠲᠡᠢ ᠃ ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠂ ᠨᠠᠩ ᠣᠯᠠᠨ ᠠᠷᠠᠳ ᠤᠨ ᠬᠥᠷᠥᠩᠭᠡ ᠶᠢᠨ ᠤᠯᠤᠰ ᠤᠨ ᠴᠢᠬᠤᠯᠠ ᠶᠡᠭᠡ ᠢᠨᠵᠧᠨᠧᠷᠢᠩ ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠬᠤ ᠪᠠ ᠲᠠᠲᠠᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠃ ᠡᠯ᠎ᠡ ᠲᠥᠷᠥᠯ ᠤᠨ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠣᠯᠴᠢ ᠪᠠᠷ ᠥᠷᠢᠰᠦᠯᠳᠦᠬᠦ ᠂ ᠥᠷᠢᠰᠦᠯᠳᠦᠨ ᠭᠦᠭᠵᠢᠭᠦ ᠣᠷᠴᠢᠨ ᠨᠥᠬᠦᠴᠡᠯ ᠢ ᠡᠭᠦᠳᠴᠦ ᠥᠭᠭᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠡᠰᠡᠨ ᠦᠭᠡᠢ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠤ ᠭᠡᠰᠡᠨ ᠦᠭᠡᠢ ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ ᠴᠢᠬᠤᠯᠠ ᠬᠦᠴᠦᠨ ᠮᠥᠨ ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠷᠬᠡᠪᠰᠢ ᠡᠭᠦᠷᠭᠡᠯᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠵᠦ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ ᠂ ᠤᠷᠢᠳ ᠢᠶᠠᠷ ᠪᠠᠶᠠᠵᠢᠭᠰᠠᠨ ᠨᠢ ᠰᠡᠭᠦᠯᠡᠷ ᠪᠠᠶᠠᠵᠢᠬᠤ ᠪᠠᠨ ᠳᠠᠶᠢᠴᠢᠯᠠᠬᠤ ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠴᠢᠩᠭᠠᠳᠬᠠᠬᠤ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ  ᠠᠵᠤ ᠠᠬᠤᠶᠢᠯᠠᠯ ᠤᠨ ᠳᠣᠲᠣᠭᠠᠳᠤ ᠳᠠᠭᠠᠨ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ ᠂ ᠪᠦᠭᠦ ᠠᠵᠢᠯᠲᠠᠨ ᠤ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠵᠢᠯᠲᠠᠨ ᠳᠤ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠵᠤ ᠂ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠂ ᠬᠠᠤᠯᠢ ᠶᠢ ᠰᠠᠬᠢᠵᠤ ᠡᠵᠡᠩᠨᠡᠬᠦ ᠂ ᠦᠢᠯᠡᠰ ᠪᠣᠰᠬᠠᠵᠤ ᠰᠢᠨ᠎ᠡ ᠶᠢ ᠡᠭᠦᠳᠭᠦ ᠂ ᠨᠡᠶᠢᠭᠡᠮ ᠳᠤ ᠠᠴᠢ ᠬᠠᠷᠢᠭᠤᠯᠠᠬᠤ ᠥᠯᠢᠭᠡᠷ ᠳᠠᠭᠤᠷᠢᠶᠠᠯ ᠪᠤᠯᠬᠤ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠪᠠ ᠡᠷᠭᠢᠯᠡᠵᠦ ᠂ ᠪᠠᠶᠠᠵᠢᠭᠰᠠᠨ ᠴᠤ ᠬᠠᠷᠢᠭᠤᠴᠠᠯᠭ᠎ᠠ ᠡᠭᠦᠷᠭᠡᠯᠡᠬᠦ ᠂ ᠪᠠᠶᠠᠵᠢᠭᠰᠠᠨ ᠴᠤ ᠵᠢᠷᠤᠮ ᠢ ᠡᠷᠭᠢᠮᠯᠡᠭᠦ ᠂ ᠪᠠᠶᠠᠵᠢᠭᠰᠠᠨ ᠴᠤ ᠬᠠᠶᠢᠷ᠎ᠠ ᠶᠢ ᠳᠡᠭᠡᠳᠦᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠱᠢ ᠲᠠᠢ ᠹᠧᠩ ᠂ ᠾᠧ ᠯᠢ ᠹᠧᠩ ᠂ ᠬᠤᠤ ᠮᠢᠩ ᠶᠢᠨ ᠂ ᠭᠤᠤ ᠶᠦᠨ ᠯᠦᠩ ᠨᠠᠷ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号