2023 ᠣᠨ ᠤ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/4/10
   —2023 ᠣᠨ ᠤ 1 ᠰᠠᠷ᠎ᠠ ᠶᠢᠨ 6 ᠤ ᠡᠳᠦᠷ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ         ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ  ᠲᠢᠶᠠᠨ ᠬᠤᠩ ᠴᠧᠩᠲᠥᠯᠥᠭᠡᠯᠡᠭᠴᠢᠳ ᠡ᠄      ᠤᠳᠤ ᠪᠢ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ   ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠲᠠᠷᠡᠴᠢᠯᠠᠨ ᠤᠯᠤᠰ ᠳᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ 2022 ᠣᠨ ᠤ ᠠᠵᠢᠯ ᠤᠨ ᠡᠷᠭᠢᠴᠡᠭᠦᠯᠦᠯ       2022 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠬᠤ ᠪᠥᠭᠡᠳ ᠪᠠᠰᠠ ᠠᠵᠠ ᠲᠣᠬᠢᠶᠠᠯ ᠪᠣᠯᠤᠨ ᠥᠷᠢᠰᠥᠯᠳᠦᠭᠡᠨ ᠵᠡᠷᠭᠡᠪᠡᠷ ᠤᠷᠤᠰᠢᠭᠰᠠᠨ ᠨᠢᠭᠡ ᠵᠢᠯ ᠪᠣᠯᠤᠨ᠎ᠠ᠃ ᠬᠤᠪᠢᠷᠠᠯᠲᠠ ᠶᠡᠬᠡᠲᠡᠶ ᠬᠤᠷᠸ᠎ᠠ ᠠᠵᠤ ᠠᠬᠤᠶ ᠶᠢᠨ ᠪᠠᠶᠢᠳᠠᠯ᠂ ᠬᠦᠨᠳᠦ ᠨᠦᠰᠡᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠪᠣᠯᠤᠨ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠣᠷᠴᠢᠨ ᠨᠦᠬᠦᠴᠡᠯ ᠤᠨ ᠡᠮᠦᠨ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠪᠤᠭᠤᠲᠤ ᠬᠤᠲᠠ ᠶᠢᠨ ᠲᠤᠬᠠᠢ《ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ》ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ  ᠭᠦᠨᠵᠡᠭᠡᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠦᠷᠢᠵᠢᠭᠤᠯᠵᠤ᠂ ᠰᠢᠨᠲᠠᠷᠠᠰᠢ ᠦᠭᠡᠢ᠂ ᠡᠷᠡᠯᠬᠡᠭᠯᠡᠨ ᠤᠷᠤᠭᠰᠢᠯᠠᠬᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ᠂ ᠬᠠᠷᠠᠮ ᠦᠭᠡᠢ ᠵᠣᠷᠢᠭᠤᠯᠬᠤ ᠮᠣᠩᠭᠤᠯ ᠮᠣᠷᠢᠨ ᠤ ᠵᠣᠷᠢᠭ ᠰᠠᠨᠠᠭ᠎ᠠ᠂ ᠵᠣᠷᠢᠭᠲᠠᠶ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠲᠡᠮᠡᠴᠡᠯ ᠤᠨ ᠵᠣᠷᠢᠭ ᠰᠠᠨᠠᠭ᠎ᠠ ᠪᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠬᠢᠴᠠ ᠳᠤ ᠯᠠᠪᠳᠠᠭᠤᠨ ᠪᠠᠲᠤᠲᠠᠶ ᠠᠯᠬᠤᠮ ᠢ ᠠᠯᠬᠤᠪᠠ᠃    — ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠦᠷᠭᠦᠯᠵᠢᠯᠡᠨ ᠪᠠᠬᠢᠵᠢᠪᠡ᠃ ᠶᠠᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠨᠡᠮᠡᠭᠳᠡᠵᠦ᠂ ᠵᠢᠱᠢᠯᠲᠡ ᠪᠠᠷ ᠪᠥᠬᠦ ᠵᠢᠯ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 7.5% ᠣᠷᠴᠢᠮ ᠨᠡᠮᠡᠭᠳᠡᠪᠡ᠃ ᠠᠵᠤ ᠦᠶᠯᠡᠳᠪᠦᠷᠢ ᠶᠢᠨ《ᠰᠠᠭᠤᠷᠢ ᠴᠢᠯᠠᠭᠤ》 ᠶᠢᠨ ᠦᠶᠯᠡᠳᠦᠯ ᠲᠣᠪᠤᠶᠢᠮ᠎ᠠ ᠪᠣᠯᠪᠠ᠃ 1 — 11 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 134 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠵᠦ᠂ 16% ᠪᠠᠷ ᠨᠡᠮᠡᠭᠳᠡᠪᠡ᠃ ᠵᠢᠱᠢᠯᠲᠡ ᠪᠠᠷ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠶᠯᠡᠳᠬᠦᠨ ᠤ  ᠶᠡᠷᠦᠩᠬᠡᠢ ᠥᠷᠲᠡᠭ 1300 ᠳ᠋ᠦᠩᠰᠢᠭᠤᠷ ᠲᠥᠭᠦᠷᠢᠭ ᠢ ᠳᠠᠪᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 14% ᠠᠴᠠ ᠳᠡᠭᠡᠭᠰᠢ ᠨᠡᠮᠡᠭᠳᠡᠪᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ 5000 ᠲᠦᠮᠡ ᠪᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 117  ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 49 ᠲᠦᠷᠦᠯ ᠵᠦᠢᠯ ᠢ ᠪᠠᠷᠢᠯᠭ᠎ᠠ ᠳᠠᠭᠤᠰᠬᠠᠵᠤ ᠂ 239.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠯᠦᠩ ᠮᠠ ᠳᠡᠭᠡᠳᠦ ᠲᠡᠰ ᠤᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠵᠡᠷᠭᠡ ᠰᠢᠨ᠎ᠡ ᠪᠠᠷ ᠠᠵᠢᠯ ᠡᠬᠢᠯᠡᠭᠦᠯᠦᠭᠰᠡᠨ 71 ᠲᠦᠷᠦᠯ ᠵᠦᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠵᠢᠱᠢᠯᠲᠡ ᠪᠠᠷ ᠪᠦᠬᠦ ᠵᠢᠯ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 26% ᠠᠴᠠ ᠳᠡᠭᠡᠭᠰᠢ ᠨᠡᠮᠡᠭᠳᠡᠨ᠎ᠡ᠃ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠪᠦᠲᠦᠮᠵᠢᠲᠡᠢ ᠥᠷᠭᠡᠳᠬᠡᠪᠡ᠃ ᠪᠦᠬᠦ ᠵᠢᠯ ᠳᠤ 154 ᠲᠥᠷᠦᠯ ᠵᠦᠢᠯ ᠢ ᠤᠷᠤᠭᠤᠯᠤᠨ ᠠᠪᠴᠢᠷᠠᠵᠤ ᠨᠠᠶᠢᠳᠠᠪᠦᠷᠢᠵᠢᠭᠤᠯᠤᠨ᠂ 133 ᠶᠢ ᠠᠵᠢᠯ ᠡᠬᠢᠯᠡᠭᠦᠯᠵᠦ᠂ ᠲᠣᠰ ᠵᠢᠯ ᠳᠤ 39.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ ᠵᠢᠱᠢᠯᠲᠡ ᠪᠠᠷ ᠪᠦᠬᠦ ᠵᠢᠯ ᠳᠤ ᠥᠪᠡᠷᠲᠡᠭᠡᠨ ᠵᠠᠰᠠᠬᠤ ᠣᠷᠣᠨ ᠤ ᠭᠠᠳᠠᠨᠠᠬᠢ(ᠤᠯᠤᠰ ᠤᠨ ᠳᠣᠲᠣᠭᠠᠳᠤ ᠶᠢᠨ) ᠪᠡᠯᠡ ᠮᠥᠩᠭᠦ ᠶᠢ 105 ᠳ᠋ᠦᠩᠰᠢᠭᠤᠷ ᠲᠥᠭᠦᠷᠢᠭ ᠤᠷᠤᠭᠤᠯᠤᠨ ᠠᠪᠴᠢᠷᠠᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠷᠭᠠᠬᠰᠠᠨ ᠬᠡᠮᠵᠢᠶ᠎ᠡ ᠶᠢ 152 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠡᠷᠡᠭᠯᠡᠭᠡ ᠶᠢᠨ ᠵᠠᠬ᠎ᠠ ᠳᠡᠯᠭᠡᠭᠦᠷ ᠶᠡᠷᠦᠩᠬᠡᠶ ᠳᠡᠭᠡᠨ ᠲᠣᠭᠲᠠᠭᠤᠨ ᠪᠤᠯᠪᠠ᠃ ᠰᠢᠨ᠎ᠡ ᠬᠡᠯᠪᠡᠷᠢ ᠶᠢᠨ ᠬᠡᠷᠡᠭᠯᠡᠭᠡ ᠨᠡᠯᠢᠶᠡᠳ ᠲᠦᠷᠭᠡᠨ ᠬᠥᠭᠵᠢᠵᠦ᠂ ᠴᠤᠤ ᠡᠾᠧ ᠵᠡᠭᠡᠯᠢ ᠶᠢᠨ ᠲᠣᠭᠤᠷᠢᠭ ᠠᠰᠢᠭᠯᠠᠯᠲᠠ ᠳᠤ ᠣᠷᠣᠵᠤ᠂《ᠪᠤᠭᠤᠲᠤ ᠬᠤᠲᠠ ᠳᠤ ᠪᠤᠯᠵᠤᠵᠤ · ᠬᠡᠷᠡᠭᠯᠡᠭᠡ  ᠶᠢᠨ ᠪᠠᠶᠠᠷ ᠪᠠᠭ᠋ᠠᠳᠤᠯ ᠢ ᠡᠳ᠋ᠯᠡᠶ᠎ᠡ 》᠂《ᠶᠠᠨ ᠵᠢᠩ ᠰᠢᠤᠸᠠᠢ ᠯᠦ ᠫᠢᠸᠤ᠋ ᠶᠢᠨ ᠨᠠᠶᠢᠷ》ᠵᠡᠷᠭᠡ 265 ᠲᠠᠯᠠᠪᠤᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠰᠦᠯᠵᠢᠶᠡᠨ ᠲᠡᠭᠡᠷᠡᠬᠢ ᠪᠠ ᠪᠤᠳᠠᠳᠤ ᠴᠤᠬᠴᠠ ᠶᠢᠨ ᠬᠡᠷᠡᠭᠯᠡᠭᠡ ᠠᠯᠬᠤᠭ᠎ᠠ ᠨᠢᠬᠡᠳᠡᠢ ᠠᠶᠢᠵᠠᠮ ᠵᠤᠬᠢᠴᠠᠵᠤ ᠨᠡᠶᠢᠲᠡ 1.38 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠵᠤ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠬᠰᠠᠨ ᠶᠡᠷᠦᠩᠬᠡᠶ ᠬᠡᠮᠵᠢᠶ᠎ᠡ ᠪᠥᠬᠦ ᠬᠤᠲᠠ ᠶᠢᠨ ᠲᠡᠷᠢᠭᠦᠨ ᠳᠤ ᠣᠷᠣᠪᠠ᠃ ᠡᠯ᠎ᠡ ᠵᠦᠢᠯ ᠤᠨ ᠣᠷᠣᠯᠭ᠎ᠠ ᠦᠷᠭᠦᠯᠵᠢᠯᠡᠨ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 33.17 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6% ᠣᠷᠴᠢᠮ  ᠨᠡᠮᠡᠭᠳᠡᠪᠡ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠠᠷᠢᠯᠭᠠᠪᠠ᠃ ᠵᠠᠰᠠᠭ ᠤᠨ ᠣᠷᠳᠣᠨ ᠤ ᠳᠠᠯᠳᠠ ᠥᠭᠴᠡᠭᠡ ᠶᠢ 6.84 ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃  ᠰᠠᠭᠤᠯᠭᠠᠨ ᠠᠪᠬᠤ ᠪᠠᠷ ᠦᠯᠡᠳᠡᠭᠡᠭᠰᠡᠨ ᠭᠠᠶᠢᠯᠢ ᠶᠢ ᠪᠤᠴᠠᠭᠠᠬᠤ᠂ ᠬᠤᠶᠢᠰᠢᠯᠠᠭᠤᠯᠤᠨ ᠲᠤᠰᠢᠶᠠᠬᠤ ᠭᠠᠶᠢᠯᠢ ᠶᠢ ᠨᠡᠶᠢᠲᠡ 4.87 ᠳ᠋ᠦᠩᠰᠢᠭᠤᠷ ᠲᠥᠭᠦᠷᠢᠭ ᠭᠦᠶᠴᠡᠳᠬᠡᠵᠦ᠂ ᠪᠠᠩᠬᠢ ᠪᠠ ᠠᠵᠤ ᠠᠬᠤᠶᠢᠯᠠᠯ ᠤᠨ ᠵᠣᠯᠭᠠᠯᠴᠠᠭ᠎ᠠ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠪᠰᠤᠷᠤᠨ 3.47 ᠳ᠋ᠦᠩᠰᠢᠭᠤᠷ ᠲᠥᠭᠦᠷᠢᠭ ᠤᠨ ᠮᠥᠩᠭᠦᠨ ᠭᠦᠶᠯᠭᠡᠭᠡᠨ ᠤ ᠳᠡᠮᠵᠢᠯᠭᠡ ᠣᠯᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠠᠯᠠ ᠮᠥᠩᠭᠦ ᠶᠢ ᠪᠤᠴᠠᠭᠠᠬᠤ᠂ ᠦᠶᠯᠡᠰ  ᠪᠤᠰᠬᠠᠬᠤ ᠪᠠᠳᠤᠯᠠᠭᠠᠳᠤ ᠵᠢᠭᠡᠯᠡᠯᠭᠡ ᠶᠢᠨ ᠡᠯ᠎ᠡ ᠲᠥᠷᠥᠯ ᠤᠨ ᠪᠠᠯᠠ ᠮᠥᠩᠭᠦ ᠶᠢ 9808.5 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠦᠨᠡᠨ ᠪᠤᠲᠠᠲᠠᠢ ᠪᠠᠷ ᠠᠵᠤ ᠠᠬᠤᠶᠢᠯᠠᠯ ᠤᠨ ᠳᠠᠷᠤᠯᠲᠠ ᠶᠢ ᠬᠥᠩᠭᠡᠷᠡᠭᠦᠯᠵᠦ᠂ ᠬᠥᠳᠡᠯᠭᠡᠬᠦ ᠬᠦᠴᠦᠨ ᠨᠡᠮᠡᠷᠢᠯᠡᠪᠡ᠃   —ᠤᠨᠢᠨ ᠲᠡᠭᠡᠷ᠎ᠡ ᠨᠢ ᠬᠦᠴᠦᠯᠡᠵᠤ ᠠᠵᠤ ᠦᠢᠯᠡᠰ ᠤᠨ ᠪᠦᠲᠦᠴᠡ ᠶᠢ ᠲᠤᠬᠢᠷᠠᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠦᠷᠭᠦᠯᠵᠢᠯᠡᠨ ᠠᠬᠢᠭᠤᠯᠪᠠ᠃ ᠤᠯᠠᠮᠵᠢᠯᠠᠯᠲᠤ ᠳᠠᠪᠠᠭᠤᠯᠢᠭ ᠠᠵᠤ ᠦᠶᠯᠡᠰ ᠤᠨ ᠳᠡᠭᠡᠳᠦ ᠲᠡᠰᠵᠢᠭᠰᠡᠨ ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ᠃ ᠲᠠᠢ ᠨᠠ ᠷᠦᠢ ᠰᠧ ᠴᠢᠯᠠᠭᠤᠨ ᠲᠣᠰᠣᠨ ᠤ ᠬᠤᠭᠤᠯᠠᠶ ᠶᠢᠨ ᠵᠠᠩᠭᠢᠶᠠᠰᠤ ᠶᠢᠨ ᠦᠶᠯᠡᠳᠪᠦᠷᠢᠯᠡᠯ ᠤᠨ ᠱᠤᠭᠤᠮ ᠤᠨ ᠲᠥᠷᠥᠯ ᠵᠦᠶᠯ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ ᠪᠢᠶᠤᠤ ᠳ᠋ᠠ 110 ᠲᠦᠮᠡᠨ ᠲᠣᠨ ᠤ ᠢᠳᠡᠭᠳᠡᠯ ᠳᠤ ᠬᠡᠳᠤ ᠳᠠᠭᠠᠭᠠᠮᠠᠭᠠᠶ ᠬᠤᠪᠣᠷ ᠰᠢᠷᠣᠶ ᠶᠢᠨ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠶᠯ ᠳᠤ ᠶᠠᠭ ᠲᠣᠨᠤᠭ ᠲᠥᠬᠦᠭᠡᠷᠦᠮᠵᠢ ᠤᠭᠰᠠᠷᠠᠵᠤ ᠪᠣᠶ᠂ 18 ᠭᠤᠤᠯᠳᠠᠯᠭ᠎ᠠ ᠲᠠᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠶᠯ ᠢ ᠪᠡᠶᠡᠯᠡᠭᠦᠯᠵᠦ᠂ 1—11 ᠰᠠᠷ᠎ᠠ ᠳᠤ ᠳᠡᠭᠡᠳᠦ ᠮᠡᠷᠭᠡᠵᠢᠯ ᠤᠨ ᠠᠵᠤ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.8 ᠳᠠᠬᠢᠨ ᠨᠡᠮᠡᠭᠳᠡᠪᠡ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ ᠪᠦᠯᠦᠭᠵᠢᠯ ᠦᠷᠨᠢᠨ ᠬᠥᠭᠵᠢᠪᠡ᠃ ᠲᠦᠩ ᠸᠧᠢ ᠶᠢᠨ ᠬᠤᠶᠠᠳᠤᠭᠠᠷ ᠬᠤᠭᠤᠴᠠᠭᠠᠨ ᠤ 5 ᠲᠦᠮᠡᠨ ᠲᠣᠨ ᠤ ᠴᠤᠯ ᠴᠡᠪᠡᠷ ᠲᠠᠯᠠᠰᠲᠤ ᠴᠠᠬᠢᠭᠤᠷ ᠤᠨ ᠲᠦᠷᠦᠯ ᠵᠦᠢᠯ ᠪᠦᠬᠦ ᠬᠦᠴᠦᠨ ᠢᠶᠠᠷ ᠢᠶᠠᠨ ᠠᠵᠢᠯᠯᠠᠵᠤ᠂ ᠹᠧᠩ ᠵᠧᠦ ᠶᠢᠨ ᠵᠢᠯ ᠳᠤ 5 ᠲᠦᠮᠡᠨ ᠲᠣᠨ ᠳᠡᠭᠡᠳᠦ ᠲᠡᠰ ᠤᠨ ᠲᠤᠨᠤᠭ ᠰᠡᠯᠪᠢᠭ ᠤᠨ ᠮᠠᠲ᠋ᠧᠷᠢᠶᠠᠯ ᠪᠣᠯᠪᠠᠰᠤᠷᠠᠭᠤᠯᠬᠤ ᠵᠢᠴᠢ ᠦᠢᠯᠡᠳᠬᠦ ᠲᠦᠷᠦᠯ ᠵᠦᠢᠯ᠂ ᠯᠧ ᠴᠧᠩ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠤᠨ ᠨᠡᠶᠢᠯᠡᠮᠡᠯ ᠮᠠᠲ᠋ᠧᠷᠢᠶᠠᠯ ᠵᠡᠷᠭᠡ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠡᠮᠬᠢ ᠴᠡᠭᠴᠡ ᠲᠠᠢ ᠠᠬᠢᠵᠦ᠂ ᠮᠦ ᠨᠢᠬᠡᠴᠢ ᠶᠢᠨ ᠦᠢᠯᠡᠳᠬᠦᠨ ᠤ ᠦᠷᠲᠡᠭ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠸᠧᠢ ᠡᠯ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠭᠤᠤᠯ ᠢᠯᠳᠠᠰᠤ ᠶᠢᠨ ᠣᠶᠤᠨᠴᠢ ᠦᠢᠯᠡᠳᠬᠦ ᠲᠦᠷᠦᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠵᠦ᠂ 1—11 ᠰᠠᠷ᠎ᠠ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 29.8 ᠲᠠᠬᠢᠨ ᠨᠡᠮᠡᠭᠳᠡᠵᠦ᠂ ᠵᠢᠱᠢᠯᠲᠡ ᠪᠠᠷ ᠪᠠᠶᠢᠯᠳᠤᠬᠤ ᠪᠤᠲᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠦᠷᠲᠡᠭ ᠲᠤ ᠡᠵᠡᠯᠡᠬᠦ ᠬᠤᠪᠢ ᠶᠢᠨ ᠵᠢᠩ 19% ᠳᠤ  ᠬᠦᠷᠬᠦ ᠪᠤᠯᠤᠨ᠎ᠠ᠃ ᠬᠦᠷᠢᠶᠡᠯᠡᠩ ᠲᠣᠭᠤᠷᠢᠭ ᠤᠨ ᠳᠠᠭᠠᠭᠠᠴᠠ ᠦᠷᠭᠦᠯᠵᠢᠯᠡᠨ ᠳᠡᠭᠡᠭᠰᠢᠯᠡᠪᠡ᠃ ᠵᠢᠤᠢ ᠹᠦ᠋ ᠵᠠᠮ ᠤᠨ 3.9 ᠺᠢᠯᠣᠮᠧᠲᠷ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 13.9 ᠺᠢᠯᠣᠮᠧᠲᠷ ᠤᠨ ᠠᠮᠢᠳᠤᠷᠠᠯ ᠤᠨ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠲᠠᠬᠢᠨ ᠠᠰᠢᠬᠯᠠᠵᠤ ᠪᠤᠯᠬᠤ ᠤᠰᠤ᠂ ᠠᠵᠤ ᠦᠶᠯᠡᠳᠪᠦᠷᠢ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠢ ᠤᠬᠰᠠᠷᠠᠵᠤ᠂ ᠪᠠᠷᠢᠮᠵᠢᠶᠠᠵᠢᠭᠰᠠᠨ ᠦᠶᠯᠡᠳᠪᠦᠷᠢ ᠶᠢᠨ ᠪᠠᠶᠢᠰᠢᠩ ᠢ 5 ᠲᠦᠮᠡᠨ ᠲᠡᠭᠰᠢ ᠳᠥᠷᠪᠡᠯᠵᠢᠨ  ᠮᠧᠲᠷ ᠪᠠᠶᠢᠭᠤᠯᠤᠨ᠂ ᠴᠠᠬᠢᠭᠤᠷ ᠤᠨ ᠠᠵᠤ ᠦᠢᠯᠡᠰ ᠤᠨ ᠲᠣᠭᠤᠷᠢᠭ ᠤᠨ ᠪᠣᠬᠢᠷ ᠤᠰᠤ ᠶᠢ ᠲᠦᠪᠯᠡᠷᠡᠬᠦᠯᠦᠨ ᠡᠬᠡᠬᠦᠯᠦᠨ ᠬᠡᠷᠡᠭᠯᠡᠵᠦ ᠰᠢᠢᠳᠪᠦᠷᠢᠯᠡᠬᠦ ᠦᠶᠯᠡᠳᠪᠦᠷᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠲᠦᠩ ᠸᠧᠢ ᠶᠢᠨ 220KV᠂ ᠰᠢᠶᠧ ᠰᠢᠨ   ᠤ 220KV ᠤᠨ ᠬᠤᠪᠢᠰᠬᠠᠭᠤᠷ ᠤᠨ ᠥᠷᠲᠡᠭᠡ ᠠᠰᠢᠭᠯᠠᠯᠲᠠ ᠳᠤ ᠤᠷᠤᠵᠤ᠂ ᠯᠦᠩ ᠮᠠ ᠲᠡᠭᠡᠳᠤ ᠲᠡᠰ ᠤᠨ ᠰᠠᠯᠬᠢᠨ ᠬᠦᠴᠦᠨ ᠤ ᠴᠠᠬᠢᠯᠭᠠᠨ ᠤ ᠲᠤᠨᠤᠬᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ ᠳᠤ ᠬᠡᠷᠡᠭᠯᠡᠬᠦ ᠴᠠᠬᠢᠯᠭᠠᠨ ᠵᠢᠴᠢ ᠥᠨᠳᠥᠷ ᠬᠦᠴᠦᠳᠡᠯᠲᠦ ᠴᠠᠬᠢᠯᠭᠠᠨ ᠤᠲᠠᠰᠤ ᠶᠢ ᠰᠢᠯᠵᠢᠭᠦᠯᠦᠨ ᠦᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠦᠬᠦ ᠡᠯᠧᠮᠧᠨ᠋ᠲ ᠤᠨ ᠪᠠᠲᠤᠯᠠᠭ᠎ᠠ ᠶᠢᠨ ᠴᠢᠳᠠᠪᠤᠷᠢ ᠶᠢ ᠬᠦᠴᠦᠲᠡᠢ ᠲᠡᠭᠡᠭᠰᠢᠯᠡᠭᠦᠯᠪᠡ᠃ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠵᠤ ᠠᠬᠤᠶ ᠶᠢᠨ ᠡᠷᠬᠢᠯᠳᠡ ᠶᠢ ᠬᠢᠨᠠᠨ ᠬᠡᠮᠵᠢᠬᠦ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ᠂ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠵᠡᠷᠭᠡ ᠲᠤᠯᠤᠭᠠᠨ ᠶᠡᠭᠡ ᠬᠡᠷᠡᠭᠯᠡᠭᠡᠨ ᠤ ᠦᠵᠡᠭᠳᠡᠯ ᠲᠠᠯᠠᠪᠤᠷ ᠢ ᠲᠥᠪᠯᠡᠷᠡᠭᠦᠯᠦᠭᠰᠡᠨ ᠶᠡᠷᠦᠩᠬᠡᠶᠢᠯᠡᠭᠰᠡᠨ ᠳ᠋ᠠᠶᠢᠲ᠋ᠠ ᠶᠢᠨ ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠲᠡᠰ ᠲᠠᠰᠤᠷᠠᠯᠳᠡ ᠦᠭᠡᠢ ᠳᠡᠭᠡᠭᠰᠢᠯᠡᠪᠡ᠃ ᠵᠥᠩ ᠶᠤᠸᠠᠨ ᠲᠡᠯᠡᠶ ᠶᠢᠨ ᠲᠡᠭᠡᠭᠡᠪᠦᠷᠢ᠂ ᠤᠯᠤᠰ ᠤᠨ ᠡᠨᠧᠷᠭᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠶᠡᠷᠦᠩᠬᠡᠶ ᠬᠡᠯᠲᠡᠰ ᠤᠨ ᠠᠵᠤ ᠠᠬᠤᠶ ᠶᠢᠨ ᠲᠥᠷᠥᠯ ᠵᠦᠶᠯ ᠢ ᠤᠷᠤᠭᠤᠯᠤᠨ ᠠᠪᠴᠢᠷᠠᠵᠤ᠂ ᠪᠠᠷᠠᠭᠤᠨ ᠬᠤᠶᠢᠲᠤ ᠣᠷᠣᠨ ᠤ ᠬᠠᠮᠤᠭ ᠤᠨ ᠶᠡᠭᠡ ᠬᠡᠪᠴᠢᠶ᠎ᠡ ᠲᠠᠢ ᠺᠦ᠋ ᠴᠧ ᠰᠢᠩ ᠴᠧᠩ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠡᠵᠡᠩᠨᠡᠯᠲᠡ ᠪᠠᠨ ᠡᠬᠢᠯᠡᠭᠦᠯᠪᠡ᠃ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠮᠥᠩᠭᠦᠨ ᠭᠦᠶᠯᠭᠡᠭᠡᠨ ᠤ ᠬᠠᠮᠲᠤᠷᠠᠭᠰᠠᠨ ᠦᠶᠯᠡᠴᠢᠯᠡᠭᠡᠨ ᠤ ᠲᠥᠪ ᠢ ᠪᠠᠶᠢᠭᠤᠯᠤᠨ᠂ ᠪᠤᠭᠤᠲᠤ ᠶᠢᠨ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ  ᠡᠵᠡᠩᠨᠡᠯᠲᠡ ᠪᠠᠨ ᠡᠬᠢᠯᠡᠭᠦᠯᠵᠦ᠂ 1—11 ᠰᠠᠷ᠎ᠠ ᠳᠤ ᠳᠡᠭᠡᠳᠦ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.8 ᠳᠠᠬᠢᠨ ᠨᠡᠮᠡᠭᠳᠡᠪᠡ᠃ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ ᠶᠢᠨ ᠣᠷᠣᠯᠠᠨ ᠭᠦᠢᠴᠡᠳᠬᠡᠬᠦ ᠵᠡᠷᠭᠡ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠬᠡ ᠶᠢᠨ ᠦᠢᠯᠡᠰ ᠢ ᠢᠳᠡᠪᠬᠢᠲᠡᠢ ᠬᠥᠭᠵᠢᠭᠦᠯᠵᠦ᠂ ᠪᠦᠬᠦ ᠬᠤᠲᠠ ᠶᠢᠨ ᠶᠡᠭᠡ ᠬᠡᠮᠵᠢᠶᠡᠨ ᠤ ᠠᠷᠠᠯᠵᠢᠶᠠᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠬᠦᠴᠦᠯᠡᠨ ᠪᠠᠶᠢᠭᠤᠯᠪᠠ᠃ ᠪᠣᠯᠣᠳ ᠲᠡᠮᠦᠷ ᠤᠨ ᠠᠷᠠᠯᠵᠢᠶᠠᠨ ᠤ ᠪᠥᠭᠡᠮ ᠲᠠᠸᠠᠷ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠠᠵᠤ ᠦᠶᠯᠡᠰ ᠤᠨ ᠲᠥᠪᠯᠡᠷᠡᠭᠰᠡᠨ ᠳᠠᠪᠠᠭᠤᠯᠢᠭ ᠢ ᠪᠠᠳᠠᠷᠠᠭᠤᠯᠵᠤ᠂ ᠪᠣᠯᠣᠳ ᠲᠡᠮᠦᠷ ᠤᠨ ᠠᠷᠠᠯᠵᠢᠶᠠᠨ ᠤ ᠬᠡᠮᠵᠢᠶ᠎ᠡ 600 ᠲᠦᠮᠡᠨ ᠲᠣᠨ᠂ ᠠᠷᠠᠯᠵᠢᠶᠠᠨ ᠤ ᠵᠤᠭᠤᠰ  ᠤᠨ ᠬᠡᠮᠵᠢᠶ᠎ᠡ 260 ᠳ᠋ᠦᠩᠰᠢᠭᠤᠷ ᠲᠥᠭᠦᠷᠢᠭ ᠲᠤ ᠬᠦᠷᠬᠦ ᠶᠢ ᠲᠠᠶᠢᠴᠢᠯᠠᠪᠡ᠃ ᠲᠠᠷᠢᠶᠠᠯᠠᠩ ᠮᠠᠯ ᠠᠵᠤ ᠠᠬᠤᠶ ᠶᠢᠨ ᠨᠠᠩ ᠴᠢᠨᠠᠷ ᠰᠠᠶᠢᠲᠠᠶ ᠨᠠᠷᠢᠯᠢᠭ ᠬᠥᠭᠵᠢᠯᠲᠡ ᠶᠢ ᠪᠡᠶᠡᠯᠡᠭᠦᠯᠪᠡ᠃ 1.19 ᠲᠦᠮᠡᠨ ᠮᠥ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠹᠦᠵᠧᠦ ᠶᠢᠨ ᠺᠠᠩ ᠮᠥ ᠳ᠋ᠦᠩᠰᠢᠭᠤᠷ ᠲᠥᠭᠦᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠲᠥᠷᠥᠯ ᠵᠦᠶᠯ ᠢ ᠬᠡᠷᠡᠭᠵᠢᠭᠦᠯᠵᠦ᠂ 1.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠠᠩᠬ᠎ᠠ ᠠᠯᠬᠤᠮ ᠪᠠᠶᠢᠭᠤᠯᠪᠠ᠃ —ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠵᠤ ᠠᠬᠤᠢ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ ᠦᠷᠭᠦᠯᠵᠢᠯᠡᠨ ᠴᠢᠩᠭᠠᠷᠠᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠡᠷᠴᠢᠮ ᠦᠷᠭᠦᠯᠵᠢᠯᠡᠨ ᠴᠢᠩᠭᠠᠷᠠᠪᠠ᠃ ᠤᠯᠤᠰ ᠤᠨ ᠦᠮᠴᠢᠯᠡᠯ  ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠠᠵᠢᠯ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠪᠡᠶᠡᠯᠡᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠲᠡᠪᠰᠢᠬᠤ ᠰᠢᠯᠭᠠᠯᠲᠠ ᠪᠠ ᠤᠯᠤᠰ ᠤᠨ ᠨᠢᠭᠡᠲᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ᠂《ᠢᠨᠲ᠋ᠧᠷ ᠰᠦᠯᠵᠢᠶ᠎ᠡ + ᠠᠵᠢᠯ ᠤᠯᠭᠤᠵᠤ ᠦᠶᠯᠡᠰ ᠪᠤᠰᠬᠠᠬᠤ》ᠦᠶᠯᠡᠴᠢᠯᠡᠭᠡᠨ ᠤ ᠲᠣᠭᠲᠠᠴᠠ ᠢᠯᠡᠳᠲᠡ ᠦᠷ᠎ᠡ ᠪᠦᠲᠦᠮᠵᠢ ᠣᠯᠵᠤ᠂ 《ᠲᠣᠭᠤᠷᠢᠭ᠂ ᠵᠡᠭᠡᠯᠢ ᠭᠤᠳᠤᠮᠵᠢ ᠪᠠᠯᠭᠠᠰᠤ᠂ ᠨᠡᠶᠢᠭᠡᠮ ᠲᠣᠭᠤᠷᠢᠭ》ᠭᠤᠷᠪᠠᠨ ᠱᠠᠲᠤᠨ ᠤ ᠬᠡᠷ ᠲᠡᠭᠡᠨ ᠰᠠᠭᠤᠵᠤ ᠨᠠᠰᠤᠵᠢᠯ ᠤᠨ ᠠᠰᠠᠷᠠᠮᠵᠢ ᠬᠦᠷᠳᠡᠬᠦ ᠦᠶᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ 53 ᠵᠦᠶᠯ ᠤᠨ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠦᠷᠢᠮ ᠤᠨ ᠴᠢᠨᠠᠷᠲᠠᠶ 54 ᠦᠷ᠎ᠡ ᠪᠦᠲᠦᠭᠡᠯ ᠢ ᠪᠦᠷᠢᠯᠳᠦᠬᠦᠯᠪᠡ᠃ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠭᠰᠠᠨ ᠬᠦᠭᠵᠢᠯᠲᠡ ᠶᠢᠨ ᠦᠢᠯᠡᠳᠦᠯ ᠲᠠᠰᠤᠷᠠᠯᠲᠠ ᠦᠭᠡᠢ ᠴᠢᠩᠭᠠᠷᠠᠪᠠ᠃ ᠤᠷᠤᠯᠳᠤᠨ ᠰᠢᠨ᠎ᠡ ᠶᠢ ᠡᠬᠦᠳᠴᠤ ᠢᠷᠡᠭᠡᠳᠦᠢ ᠪᠠᠨ ᠴᠤᠭᠴᠠᠯᠠᠬᠤ( ᠪᠤᠭᠤᠲᠤ)ᠤᠯᠠᠨ ᠤᠯᠤᠰ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠠᠩᠬᠠᠳᠤᠭᠠᠷ ᠬᠤᠭᠤᠴᠠᠭᠠᠨ ᠤ《ᠤᠶᠤᠨᠳᠤ ᠬᠥᠨᠳᠡᠯᠡᠨ · ᠪᠦᠬᠦ ᠪᠥᠮᠪᠥᠷᠴᠡᠭ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠤᠷᠤᠯᠳᠤᠭᠠᠨ》 ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠲᠥᠪᠯᠡᠷᠡᠭᠰᠡᠨ ᠬᠡᠰᠡᠭ ᠤᠨ ᠤᠮᠠᠷᠠᠲᠤ ᠶᠢᠨ ᠴᠢ ᠴᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠢ ᠪᠠᠶᠢᠭᠤᠯᠵᠤ᠂ ᠱᠠᠨᠰᠢ ᠶᠢᠨ ᠮᠡᠷᠭᠡᠵᠢᠯ ᠢ ᠰᠢᠯᠵᠢᠭᠦᠯᠬᠦ ᠶᠡᠭᠡ ᠳᠡᠭᠡᠳᠦ ᠰᠤᠷᠭᠠᠭᠤᠯᠢ ᠶᠢᠨ ᠬᠤᠯᠪᠣᠭ᠎ᠠ ᠶᠢᠨ  ᠠᠵᠤ ᠠᠬᠤᠶᠢᠯᠠᠯ ᠶᠡᠭᠡ ᠲᠡᠬᠡᠳᠤ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠠᠯᠪᠠᠨ ᠭᠡᠷ ᠬᠥᠨᠳᠡᠯᠡᠨ ᠲᠣᠭᠤᠷᠢᠭ ᠲᠤ ᠪᠠᠶᠢᠭᠤᠯᠤᠭᠳᠠᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ᠂ ᠠᠵᠤ ᠠᠬᠤᠶᠢᠯᠠᠯ ᠶᠡᠭᠡ ᠲᠡᠬᠡᠳᠤ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠠᠭᠤᠰᠤᠯᠴᠠᠯ᠂  ᠲᠤᠩᠬᠠᠭ ᠨᠠᠶᠢᠳᠠᠯᠠᠨ ᠮᠠᠩᠯᠠᠶᠢᠯᠠᠬᠴᠢ ᠡᠯᠰᠡᠬᠦ ᠵᠡᠷᠭᠡ ᠵᠠᠭᠪᠤᠷ ᠢ ᠰᠠᠶᠢᠲᠤᠷ ᠬᠡᠷᠡᠭᠯᠡᠨ ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 23᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 19 ᠰᠢᠨ᠎ᠡ ᠪᠠᠷ ᠨᠡᠮᠡᠭᠳᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 66.7 %᠂ 271.4% ᠪᠠᠷ ᠨᠡᠮᠡᠭᠳᠡᠪᠡ᠃ ᠲᠤᠭᠤᠷᠢᠭ ᠤᠨ ᠲᠤᠲᠤᠨ᠎ᠠ ᠭᠠᠳᠠᠨᠠᠬᠢ 21 ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠤᠨ ᠭᠠᠵᠠᠷ ᠣᠷᠣᠨ ᠠᠯᠤᠰᠯᠠᠭᠰᠠᠨ《 ᠳᠡᠭᠡᠳᠦ ᠰᠢᠨ᠎ᠡ ᠮᠡᠷᠭᠡᠵᠢᠯ ᠤᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ》 ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠢᠨᠵᠢᠯᠡᠬᠦ ᠤᠬᠠᠭᠠᠨ ᠤ ᠮᠡᠳᠡᠯᠬᠡ ᠶᠢ ᠲᠦᠭᠡᠮᠡᠯᠵᠢᠭᠦᠯᠬᠦ ᠭᠤᠤᠯ ᠰᠡᠳᠦᠪᠲᠦ ᠴᠡᠴᠡᠷᠯᠢᠭ ᠢ ᠥᠭᠡᠷᠡᠴᠢᠯᠡᠨ  ᠪᠠᠶᠢᠭᠤᠯᠪᠠ᠃ ᠾᠧᠩ ᠴᠢᠨ ᠣᠯᠠᠨ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠢ ᠣᠷᠣᠭᠤᠯᠤᠨ ᠠᠪᠴᠢᠷᠠᠵᠤ᠂ ᠪᠦᠬᠦ ᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠲᠥᠪᠯᠡᠷᠡᠭᠰᠡᠨ ᠬᠡᠰᠡᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠲᠤᠰᠬᠠᠢ ᠠᠰᠢᠭ ᠤᠨ ᠡᠷᠬᠡ ᠣᠯᠭᠤᠭᠰᠠᠨ ᠬᠡᠮᠵᠢᠶ᠎ᠡ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠵᠦ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠴᠦᠷᠬᠡᠭ ᠰᠢᠶᠠᠨ ᠤ ᠪᠦᠲᠦᠭᠡᠨ ᠪᠠᠶᠢᠭᠤᠯᠤᠯᠲᠠ ᠶᠢᠨ ᠲᠦᠷᠦᠭᠦᠦ ᠪᠦᠯᠦᠭ ᠲᠤᠷᠰᠢᠯᠲᠠ ᠶᠢᠨ ᠰᠢᠶᠠᠨ ᠢᠶᠠᠷ ᠰᠣᠩᠭᠤᠭᠳᠠᠪᠠ᠃《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠬᠤᠶᠠᠳᠤᠭᠠᠷ ᠪᠦᠯᠦᠭ ᠤᠨ ᠵᠦᠶᠯᠡᠰ ᠢ ᠬᠤᠪᠢᠶᠠᠷᠢᠯᠠᠨ ᠰᠢᠯᠵᠢᠭᠦᠯᠬᠦ ᠶᠢ ᠪᠡᠶᠡᠯᠡᠭᠦᠯᠵᠦ᠂ ᠲᠤᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠵᠦᠶᠯᠡᠰ 1269  ᠪᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 1139 ᠵᠦᠶᠯᠡᠰ ᠢ《ᠨᠢᠭᠡ ᠴᠣᠩᠬᠤᠪᠴᠢ ᠮᠠᠶ᠋ᠢᠭ》 ᠢᠶᠠᠷ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ ᠶᠢ ᠪᠡᠶᠡᠯᠡᠭᠦᠯᠪᠡ᠃ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ᠬᠠᠭᠠᠰ ᠡᠳᠦᠷ᠂ ᠵᠠᠷᠤᠳᠠᠯ ᠰᠦᠶᠳᠬᠡᠯ ᠭᠡᠷᠡᠭᠰᠡᠬᠦ ᠥᠬᠡᠶ᠂ ᠲᠠᠩ ᠭᠠᠭᠴᠠ ᠭᠤᠭᠴᠤᠭ᠎ᠠ᠂ ᠪᠥᠬᠦ ᠶᠠᠪᠤᠴᠠ ᠶᠢ ᠡᠯᠧᠺᠲᠷᠤᠨᠴᠢᠯᠠᠬᠤ ᠶᠢ ᠪᠡᠶᠡᠯᠡᠭᠦᠯᠵᠦ᠂《ᠰᠠᠶᠢᠨ ᠮᠠᠭᠤ   ᠶᠢᠨ ᠲᠤᠬᠠᠢ ᠦᠨᠡᠯᠡᠯᠲᠡ》 ᠶᠢᠨ ᠪᠠᠶᠢᠩᠭᠤᠵᠢᠬᠰᠠᠨ ᠦᠨᠡᠯᠡᠯᠲᠡ ᠶᠢᠨ ᠲᠣᠭᠲᠠᠴᠠ ᠶᠢ ᠲᠠᠰ ᠲᠡᠪᠰᠢᠭᠦᠯᠬᠦ ᠠᠵᠢᠯ ᠪᠥᠬᠦ ᠲᠤᠭᠤᠷᠢᠭ ᠢ ᠬᠠᠮᠤᠷᠬᠤ ᠶᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠲᠦᠳᠡᠴᠢᠯᠡᠬᠦ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠵᠦ᠂ 116 ᠵᠦᠶᠯ ᠤᠨ ᠦᠨᠳᠦᠷ ᠲᠡᠪᠳᠡᠮᠵᠢᠳᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ《ᠮᠤᠵᠢ ᠠᠯᠤᠰᠯᠠᠨ》᠂《 ᠬᠤᠲᠠ ᠠᠯᠤᠰᠯᠠᠨ》ᠬᠠᠮᠵᠢᠯᠴᠠᠨ ᠭᠦᠶᠴᠡᠳᠬᠡᠬᠦ ᠶᠢ ᠪᠡᠶᠡᠯᠡᠭᠦᠯᠵᠦ᠂ 99 ᠵᠦᠶᠯ ᠤᠨ ᠵᠠᠰᠠᠭ ᠵᠠᠬᠢᠷᠭᠠᠨ ᠤ ᠡᠷᠬᠡ ᠶᠢ ᠦᠨᠳᠦᠰᠦᠨ ᠱᠠᠲᠤᠨ ᠳᠤ ᠪᠠᠭᠤᠯᠭᠠᠵᠤ᠂《ᠤᠷᠢᠳ ᠢᠶᠠᠷ ᠡᠵᠡᠩᠨᠡᠯᠲᠡ ᠶᠢᠨ ᠦᠨᠡᠮᠯᠡᠯ ᠠᠪᠴᠤ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠠᠪᠬᠤ》᠂ 《ᠭᠡᠷᠡᠴᠢ ᠦᠨᠡᠮᠯᠡᠯ ᠢ ᠰᠠᠯᠭᠠᠬᠤ》᠂《 ᠨᠢᠭᠡ ᠠᠵᠢᠯ ᠲᠦᠷᠦᠯ ᠨᠢᠭᠡ ᠦᠨᠡᠮᠯᠡᠯ》᠂《ᠮᠡᠳᠡᠭᠳᠡᠬᠦ ᠠᠮᠠᠯᠳᠠᠬᠤ》ᠵᠡᠷᠭᠡ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠪᠡ᠃     —ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠦᠷᠭᠦᠯᠵᠢᠯᠡᠨ ᠭᠦᠨᠵᠡᠭᠡᠶᠢᠷᠡᠪᠡ᠃ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠯᠠᠪᠳᠠᠭᠤᠨ ᠢᠶᠠᠷ ᠠᠬᠢᠪᠠ᠃ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ 1 ᠳ᠋ᠤᠭᠡᠷ ᠨᠣᠮᠧᠷᠲᠤ  ᠰᠢᠳᠠᠭᠠᠨ ᠪᠠᠷᠢᠯᠳᠤᠭᠤᠯᠬᠤ ᠮᠠᠰᠢᠨ ᠤ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠵᠡᠷᠭᠡ 7 ᠵᠦᠶᠯ ᠤᠨ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠭᠦᠨᠵᠡᠭᠡᠶ ᠵᠠᠰᠠᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠵᠠᠰᠠᠬᠤ ᠶᠢ ᠴᠢᠩᠭᠠᠳᠬᠠᠵᠤ᠂ 16535 ᠡᠷᠦᠬᠡ᠂ 144 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠳᠤ ᠴᠡᠪᠡᠷ ᠡᠨᠧᠷᠭᠢ ᠪᠠᠷ ᠤᠷᠤᠯᠠᠭᠤᠯᠬᠤ ᠠᠵᠢᠯ ᠢ ᠪᠡᠶᠡᠯᠡᠭᠦᠯᠵᠦ᠂ ᠪᠠᠷᠢᠯᠭ᠎ᠠ ᠶᠢᠨ ᠭᠠᠵᠠᠷ᠂ ᠡᠰᠢ ᠰᠦᠷᠡᠯ ᠰᠢᠲᠠᠭᠠᠬᠤ ᠵᠡᠷᠭᠡ ᠣᠯᠠᠨ ᠡᠬᠢᠲᠦ ᠪᠣᠬᠢᠷᠲᠤᠯ ᠢ ᠪᠥᠬᠦ ᠲᠠᠯ᠎ᠠ ᠪᠠᠷ ᠵᠠᠰᠠᠵᠤ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 304 ᠡᠳᠦᠷ ᠲᠤ ᠬᠦᠷᠴᠦ᠂ 27 ᠡᠳᠦᠷ ᠨᠡᠮᠡᠭᠳᠡᠪᠡ᠃ ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠡᠮᠬᠢ ᠵᠢᠷᠤᠮ ᠲᠠᠢ ᠠᠬᠢᠪᠠ᠃ ᠬᠦᠨᠳᠡᠯᠡᠨ ᠭᠤᠤᠯ ᠵᠡᠷᠭᠡ 7 ᠭᠤᠤᠯ ᠤᠨ ᠬᠡᠪᠡᠯᠢ ᠶᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠹᠧᠨᠤᠯ ᠼᠢᠶᠠᠨᠲᠤ ᠬᠠᠶᠠᠭᠳᠠᠮᠠᠯ ᠤᠰᠤ ᠶᠢ ᠭᠦᠨᠵᠡᠭᠡᠶ ᠰᠢᠶᠳᠪᠦᠷᠢᠯᠡᠬᠦ᠂ ᠪᠤᠭᠤᠲᠤ ᠶᠢᠨ ᠪᠣᠯᠣᠳ ᠲᠡᠮᠦᠷ ᠤᠨ ᠶᠡᠷᠦᠩᠬᠡᠶ ᠬᠠᠶᠠᠭᠳᠠᠮᠠᠯ ᠤᠰᠤ ᠭᠠᠳᠠᠭᠰᠢᠯᠠᠭᠤᠯᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠤᠰᠤᠨ ᠤ ᠪᠣᠬᠢᠷᠲᠤᠯ ᠢ ᠵᠠᠰᠠᠬᠤ 3 ᠢᠨᠵᠧᠨᠧᠷᠢᠩ ᠢ ᠪᠡᠶᠡᠯᠡᠭᠦᠯᠪᠡ᠃ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠠᠷᠠᠳ ᠤᠰᠤᠨ ᠤ ᠦᠶᠯᠡᠳᠪᠦᠷᠢ᠂ ᠬᠥᠨᠳᠡᠯᠡᠨ ᠲᠣᠭᠤᠷᠢᠭ ᠤᠨ ᠴᠡᠪᠡᠷ ᠤᠰᠤᠨ ᠤ ᠴᠥᠭᠦᠷᠥᠮ ᠵᠡᠷᠭᠡ ᠤᠤᠭᠤᠬᠤ ᠤᠰᠤᠨ ᠤ 3 ᠤᠰᠤᠨ ᠤ ᠰᠤᠷᠪᠤᠯᠵᠢ ᠶᠢᠨ ᠭᠠᠵᠠᠷ ᠢ ᠵᠢᠷᠤᠮᠵᠢᠭᠤᠯᠤᠨ ᠬᠠᠮᠢᠶᠠᠷᠴᠤ᠂ ᠭᠠᠵᠠᠷ ᠳᠤᠤᠷᠠᠬᠢ ᠤᠰᠤᠨ ᠤ ᠰᠤᠷᠪᠤᠯᠵᠢ ᠶᠢᠨ 293 ᠬᠤᠳᠳᠤᠭ ᠢ ᠪᠢᠲᠡᠭᠦᠮᠵᠢᠯᠡᠨ ᠵᠣᠭᠰᠣᠭᠠᠪᠠ᠃ ᠬᠥᠷᠥᠰᠥ ᠰᠢᠷᠣᠶ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠪᠠ᠃《ᠬᠠᠶᠠᠭᠳᠠᠮᠠᠯ ᠥᠬᠡᠶ ᠬᠤᠲᠠ》 ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 《ᠪᠠᠷᠠᠭ᠎ᠠ ᠶᠢᠨ ᠰᠦᠯᠵᠢᠶ᠎ᠡ》 ᠳᠤ ᠲᠦᠰᠢᠭᠯᠡᠨ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂  ᠠᠶᠤᠯᠲᠠᠶ ᠬᠠᠶᠠᠭᠳᠠᠮᠠᠯ ᠪᠣᠳᠠᠰ ᠲᠤ ᠬᠤᠯᠪᠣᠭᠳᠠᠭᠰᠠᠨ 77 ᠠᠵᠤ ᠠᠬᠤᠶᠢᠯᠠᠯ ᠤᠨ ᠬᠢᠨᠠᠨ ᠰᠢᠯᠭᠠᠯᠲᠠ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠴᠦ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶᠯᠡᠰ ᠤᠨ ᠺᠣᠮᠫᠠᠨᠢ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠤᠯᠤᠰ ᠤᠨ ᠲᠠᠰ ᠤᠨ ᠲᠤᠯᠭᠠᠭᠤᠷᠢ ᠠᠵᠤ ᠠᠬᠤᠶᠢᠯᠠᠯ ᠢᠶᠠᠷ ᠦᠨᠡᠯᠡᠭᠳᠡᠪᠡ᠃ 《ᠬᠤᠣᠰ ᠨᠡᠭᠦᠷᠡᠰᠦᠲᠥ᠋ᠷᠥᠭᠴᠢ》 ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠨᠡᠭᠦᠷᠡᠰᠦᠲᠥ᠋ᠷᠥᠭᠴᠢ  ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ  ᠶᠢ ᠰᠠᠭᠠᠷᠮᠠᠭᠵᠢᠭᠤᠯᠬᠤ《1 + 15 + X》 ᠤᠨ ᠠᠵᠢᠯ ᠤᠨ ᠲᠥᠰᠦᠯ ᠢ ᠲᠡᠭᠦᠯᠳᠡᠷᠵᠢᠭᠦᠯᠵᠦ᠂ ᠪᠤᠭᠤᠲᠤ ᠶᠢᠨ ᠪᠣᠯᠣᠳ ᠲᠡᠮᠦᠷ ᠤᠨ ᠨᠢᠮᠭᠡᠨ ᠬᠠᠪᠲᠠᠰᠤ ᠦᠶᠯᠡᠳᠪᠦᠷᠢ ᠶᠢᠨ CSP  ᠬᠠᠯᠠᠭᠠᠬᠤ ᠵᠤᠤᠬ᠎ᠠ ᠶᠢᠨ ᠣᠲᠤᠭ᠎ᠠ ᠤᠨᠢᠶᠠᠷ ᠦᠯᠡᠳᠡᠭᠳᠡᠯ ᠢᠯᠴᠢ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠨᠢ ᠪᠥᠬᠦ ᠤᠯᠤᠰ ᠤᠨ ᠠᠩᠬᠠᠳᠠᠭᠴᠢ《ᠴᠠᠬᠢᠯᠭᠠᠨ᠂ ᠢᠯᠴᠢ᠂ ᠬᠦᠷᠦᠬᠡᠬᠦ》 ᠭᠤᠷᠪᠠ ᠬᠠᠮᠲᠤᠷᠠᠭᠰᠠᠨ ᠦᠶᠯᠡᠳᠪᠦᠷᠢᠯᠡᠯ ᠤᠨ ᠲᠥᠷᠥᠯ ᠵᠦᠶᠯ ᠪᠣᠯᠪᠠ᠃ 8 ᠪᠤᠯᠤᠳ ᠲᠡᠮᠦᠷ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠨᠡᠭᠦᠷᠡᠰᠦᠲᠥ᠋ᠷᠥᠭᠴᠢ ᠶᠢ ᠬᠢᠨᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠨᠧᠷᠭᠢ ᠬᠡᠷᠡᠭᠯᠡᠬᠦ 12 ᠭᠤᠣᠯᠳᠠᠯᠭ᠎ᠠ ᠲᠠᠢ ᠨᠢᠭᠡᠴᠢ ᠶᠢ ᠡᠨᠧᠷᠭᠢ ᠶᠢᠨ ᠬᠤᠷᠣᠭᠳᠠᠭᠤᠯᠤᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠵᠤ᠂ 2 ᠴᠠᠬᠢᠯᠭᠠᠨ ᠬᠦᠴᠦᠨ ᠤ ᠠᠵᠤ ᠠᠬᠤᠶᠢᠯᠠᠯ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠪᠠ᠃ ᠪᠤᠭᠤᠲᠤ ᠶᠢᠨ ᠪᠣᠯᠣᠳ ᠲᠡᠮᠦᠷ ᠤᠨ ᠨᠢᠮᠭᠡᠨ ᠬᠠᠪᠲᠠᠰᠦ ᠶᠢᠨ ᠦᠶᠯᠡᠳᠪᠦᠷᠢ ᠶᠢᠨ ᠴᠠᠬᠢᠭᠤᠷᠳᠤ ᠪᠣᠯᠣᠳ ᠤᠨ ᠦᠶᠯᠡᠳᠪᠦᠷᠢ ᠶᠢᠨ ᠲᠠᠰᠤᠭ ᠤᠨ 6MW ᠤᠨ ᠪᠠᠶᠢᠰᠢᠩ ᠤᠨ ᠣᠷᠣᠶ ᠶᠢᠨ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠶᠯ ᠠᠰᠢᠭᠯᠠᠯᠲᠠ ᠳᠤ ᠣᠷᠣᠪᠠ᠃ ᠨᠣᠭᠤᠭᠠᠷᠠᠭᠤᠯᠤᠯᠲᠠ ᠶᠢᠨ ᠲᠠᠯᠠᠪᠠᠢ ᠶᠢ 5.6 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ 300 ᠭᠠᠷᠤᠢ ᠮᠦ ᠣᠢ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ 9000 ᠮᠦ ᠣᠢ ᠮᠣᠳᠣ ᠶᠢ ᠠᠷᠠᠴᠢᠯᠠᠨ᠂ ᠵᠢᠯ ᠤᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠬᠡᠮᠵᠢᠶ᠎ᠡ 7.08 ᠲᠦᠮᠡᠨ ᠲᠣᠨ ᠳᠤ ᠬᠦᠷᠪᠡ᠃ ᠬᠤᠶᠠᠳᠤᠭᠠᠷ ᠡᠭᠡᠯᠵᠢ ᠶᠢᠨ ᠵᠢᠷᠭᠤᠳᠤᠭᠠᠷ ᠪᠦᠯᠦᠭ ᠤᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ 16 ᠠᠰᠠᠭᠤᠳᠠᠯ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ 57 ᠭᠡᠷᠡᠭ ᠶᠠᠪᠤᠳᠠᠯ ᠢ ᠰᠢᠶᠳᠪᠦᠷᠢᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠲᠤᠰᠬᠠᠢ ᠴᠡᠭᠴᠡᠯᠡᠨ ᠵᠠᠰᠠᠯᠲᠠ ᠶᠢ ᠨᠢᠬᠡᠳ ᠨᠢᠬᠡ ᠪᠠᠷ ᠰᠢᠢᠳᠪᠦᠷᠢᠯᠡᠨ  ᠲᠠᠩᠰᠠᠨ ᠠᠴᠠ ᠭᠠᠷᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃   —ᠬᠥᠮᠦᠨ ᠢᠶᠠᠷ ᠦᠨᠳᠦᠰᠦ ᠪᠣᠯᠭᠠᠨ ᠤᠷᠤᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠠᠰᠢᠭ ᠢ ᠵᠡᠷᠭᠡ ᠪᠠᠷ ᠠᠬᠢᠭᠤᠯᠪᠠ᠃ ᠬᠤᠲᠠ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠪᠠ᠃ ᠪᠤᠷᠤ ᠬᠤᠰᠢᠭᠤ ᠦᠵᠦᠬᠦᠷ ᠵᠠᠮ ᠵᠡᠷᠭᠡ 4 ᠵᠤᠷᠪᠤᠰ᠂ 3.09 ᠺᠢᠯᠤᠮᠧᠲᠷ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ 7 ᠵᠤᠷᠪᠤᠰ᠂ 7.57 ᠺᠢᠯᠤᠮᠧᠲᠷ ᠤᠨ ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠢ ᠶᠢᠨ ᠲᠤᠤᠷ ᠢ ᠥᠭᠡᠷᠡᠴᠢᠯᠡᠨ ᠵᠠᠰᠠᠵᠤ᠂ 299.1 ᠺᠢᠯᠤᠮᠧᠲᠷ ᠤᠨ  ᠰᠢᠲᠠᠮᠠᠬᠠᠢ ᠬᠡᠢ ᠶᠢᠨ ᠬᠠᠭᠤᠴᠢᠷᠠᠭᠰᠠᠨ ᠬᠤᠭᠤᠯᠠᠢ ᠶᠢ ᠥᠭᠡᠷᠡᠴᠢᠯᠡᠨ ᠵᠠᠰᠠᠵᠤ᠂ 9.2 ᠲᠦᠮᠡᠨ ᠡᠷᠦᠬᠡ ᠶᠢᠨ ᠭᠡᠷ ᠲᠤᠨᠢ ᠬᠦᠷᠴᠦ ᠪᠠᠶᠢᠭᠠᠯᠢ ᠶᠢᠨ ᠰᠢᠲᠠᠮᠠᠬᠠᠢ ᠬᠡᠢ ᠶᠢ ᠰᠢᠨᠡᠳᠬᠡᠨ ᠥᠭᠡᠷᠡᠴᠢᠯᠡᠪᠡ᠃ 20 ᠭᠠᠵᠠᠷ ᠲᠤ ᠵᠢᠵᠢᠭ ᠪᠢᠴᠢᠯ ᠦᠵᠡᠮᠵᠢ ᠭᠠᠷᠭᠠᠵᠤ᠂ 3 ᠭᠤᠣᠯ ᠰᠡᠳᠦᠪᠲᠦ ᠬᠤᠸᠠᠷ ᠰᠡᠶᠢᠯᠦᠮᠡᠯ ᠴᠡᠴᠡᠭᠯᠢᠭ ᠢ ᠪᠠᠶᠢᠭᠤᠯᠵᠤ᠂ 4 ᠭᠠᠵᠠᠷ ᠲᠤ ᠬᠠᠷᠮᠠᠨ ᠴᠡᠴᠡᠷᠯᠢᠭ ᠪᠠᠶᠢᠭᠤᠯᠵᠤ᠂ ᠵᠠᠮ ᠤᠨ ᠬᠤᠶᠠᠷ ᠬᠠᠵᠠᠭᠤ᠂ ᠴᠡᠴᠡᠷᠯᠢᠭ ᠠᠭᠤᠳᠠᠮ ᠲᠠᠯᠠᠪᠠᠢ ᠳᠤ 11.9 ᠲᠦᠮᠡᠨ ᠲᠡᠭᠰᠢ ᠳᠥᠷᠪᠡᠯᠵᠢᠨ ᠮᠧᠲᠷ ᠤᠨ ᠡᠪᠡᠰᠦ ᠴᠡᠴᠡᠭ ᠢ ᠨᠦᠬᠦᠵᠦ ᠨᠤᠭᠤᠭᠠᠷᠠᠭᠤᠯᠤᠯᠲᠠ ᠶᠢ ᠰᠡᠷᠭᠦᠭᠡᠪᠡ᠃ 39 ᠭᠠᠵᠠᠷ ᠲᠤ᠂ 176 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠬᠤᠷᠢᠶᠠᠯᠠᠯ ᠢ ᠥᠭᠡᠷᠡᠴᠢᠯᠡᠡ ᠰᠢᠨᠡᠳᠬᠡᠬᠦ ᠶᠢ ᠪᠡᠶᠡᠯᠡᠭᠦᠯᠵᠦ᠂ ᠨᠥᠬᠦᠷᠯᠡᠯ 19 ᠳ᠋ᠤᠬᠡᠷ ᠬᠤᠷᠢᠶᠠᠯᠠᠯ ᠥᠪᠡᠷᠲᠡᠭᠡᠨ ᠵᠠᠰᠠᠬᠤ ᠣᠷᠣᠨ ᠤ  ᠪᠦᠷᠢᠨ ᠪᠦᠳᠦᠨ ᠨᠡᠶᠢᠭᠡᠮ ᠲᠣᠭᠤᠷᠢᠭ ᠤᠨ ᠥᠭᠡᠷᠡᠴᠢᠯᠡᠯᠲᠡ ᠶᠢᠨ ᠦᠯᠢᠭᠡᠷ ᠬᠡᠪ ᠪᠣᠯᠪᠠ᠃ ᠬᠤᠲᠠ ᠶᠢᠨ ᠬᠠᠮᠢᠶᠠᠷᠤᠯᠲᠠ ᠨᠠᠩ ᠨᠠᠷᠢᠯᠢᠭᠵᠢᠪᠠ᠃ ᠪᠦᠬᠦ ᠤᠯᠤᠰ ᠤᠨ ᠪᠣᠯᠪᠠᠰᠤᠨ ᠬᠤᠲᠠ ᠶᠢ ᠪᠠᠶᠢᠩᠭᠤᠵᠢᠭᠤᠯᠤᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠦᠬᠦ ᠠᠷᠠᠳ ᠢᠶᠠᠷ ᠢᠶᠠᠨ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠠᠵᠢᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠤᠯᠭᠠᠪᠠ᠃ 25 ᠵᠤᠷᠪᠤᠰ ᠪᠤᠶᠢᠳᠠ ᠪᠦᠭᠯᠡᠭᠦᠦ ᠵᠡᠭᠡᠯᠢ ᠭᠤᠳᠤᠮᠵᠢ᠂《ᠵᠢᠷᠭᠤᠭᠠᠨ ᠡᠷᠦᠢ ᠬᠤᠷᠤᠢ ᠦᠬᠡᠢ 》ᠠᠰᠠᠭᠤᠳᠠᠯ ᠤᠷᠤᠰᠢᠵᠤ ᠪᠠᠶᠢᠭ᠎ᠠ 2.82 ᠲᠦᠮᠡᠨ ᠭᠠᠵᠠᠷ  ᠲᠤ ᠴᠡᠭᠴᠡᠯᠡᠨ ᠵᠠᠰᠠᠵᠤ᠂ 4878 ᠭᠠᠵᠠᠷ ᠲᠠᠬᠢ 9.87 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠦᠪᠡᠷᠳᠡᠬᠡᠨ ᠳᠤᠷ᠎ᠠ ᠪᠠᠷ ᠢᠶᠠᠨ ᠪᠠᠷᠢᠭᠰᠠᠨ ᠪᠠᠷᠢᠯᠭ᠎ᠠ ᠶᠢ ᠨᠤᠷᠠᠭᠠᠵᠤ᠂ 28 ᠵᠤᠷᠪᠤᠰ《ᠳᠠᠭᠤᠷᠢᠶᠠᠯ ᠵᠡᠭᠡᠯᠢ ᠭᠤᠳᠤᠮᠵᠢ》᠂ 51 ᠵᠤᠷᠪᠤᠰ《 ᠨᠠᠷᠢᠯᠢᠭ ᠵᠠᠰᠠᠬᠰᠠᠨ ᠵᠠᠮ》 ᠢ ᠪᠤᠢ ᠪᠣᠯᠭᠠᠪᠠ᠃ ᠳᠤᠮᠳᠠᠳᠤ ᠤᠯᠤᠰ ᠤᠨ ᠤᠰᠤᠨ ᠤ ᠣᠷᠴᠢᠨ ᠲᠣᠭᠤᠷᠢᠨ ᠤ ᠪᠦᠯᠦᠭᠯᠡᠯ ᠢ ᠣᠷᠣᠭᠤᠯᠤᠨ ᠠᠪᠴᠢᠷᠠᠵᠤ ᠪᠥᠬᠦ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢ ᠵᠠᠯᠭᠠᠨ ᠠᠪᠴᠤ᠂ ᠬᠤᠲᠠ ᠶᠢᠨ ᠲᠣᠭᠤᠷᠢᠭ ᠲᠤ ᠠᠮᠢᠳᠤᠷᠠᠯ ᠤᠨ ᠬᠤᠭ ᠨᠣᠪᠰᠢ ᠶᠢ《 ᠡᠳᠦᠷ ᠤᠨ ᠭᠠᠷᠤᠬᠰᠠᠨ ᠢ ᠡᠳᠦᠷ ᠲᠤ ᠨᠢ ᠴᠡᠪᠡᠷᠯᠡᠵᠦ᠂ ᠵᠢᠷᠭᠤᠭᠠᠨ ᠴᠡᠪᠡᠷ ᠵᠢᠷᠭᠤᠭᠠᠨ ᠥᠬᠡᠶ》 ᠶᠢ ᠪᠡᠶᠡᠯᠡᠭᠦᠯᠵᠦ᠂ 9 ᠵᠡᠭᠡᠯᠢ ᠪᠠᠯᠭᠠᠰᠤ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠶᠢ ᠪᠡᠶᠡᠯᠡᠭᠦᠯᠪᠡ᠃《ᠵᠡᠭᠡᠯᠢ ᠶᠢᠨ ᠳᠠᠷᠤᠭ᠎ᠠ ᠶᠢᠨ ᠲᠦᠷᠢᠮ》᠂《 ᠵᠠᠮ ᠤᠨ ᠳᠠᠷᠤᠭ᠎ᠠ ᠶᠢᠨ ᠲᠦᠷᠢᠮ》 ᠢ ᠪᠦᠷᠢᠨᠰᠢᠭᠦᠯᠦᠨ ᠲᠡᠭᠦᠯᠳᠡᠷᠵᠢᠭᠦᠯᠵᠦ᠂《ᠵᠠᠰᠠᠮᠠᠯ ᠵᠠᠮ ᠲᠡᠭᠡᠷ᠎ᠡ ᠠᠯᠪᠠᠯᠠᠬᠤ》 ᠶᠢ ᠪᠠᠶᠢᠩᠭᠤᠵᠢᠭᠤᠯᠤᠨ ᠥᠷᠨᠢᠭᠦᠯᠵᠦ᠂ ᠤᠶᠤᠨᠳᠤ ᠬᠤᠲᠠ ᠶᠢᠨ ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠨ ᠬᠤᠲᠠ ᠶᠢᠨ ᠤᠶᠤᠨᠴᠢᠯᠠᠭᠰᠠᠨ ᠬᠠᠮᠢᠶᠠᠷᠤᠯᠲᠠ ᠶᠢᠨ ᠪᠥᠬᠦ ᠣᠷᠣᠨ ᠪᠦᠰᠡ ᠶᠢ ᠬᠠᠮᠤᠷᠬᠤ᠂ ᠲᠦᠷᠭᠡᠨ ᠲᠤᠰᠬᠠᠯ ᠭᠠᠷᠬᠤ ᠶᠢ ᠪᠡᠶᠡᠯᠡᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠲᠠᠢ ᠬᠤᠷᠢᠶᠠᠯᠠᠯ ᠢ   ᠪᠦᠷᠬᠦᠬᠦᠯᠬᠦ ᠨᠣᠷᠮ᠎ᠠ 97% ᠳᠤ ᠬᠦᠷᠴᠡᠢ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠨᠡᠯᠢᠶᠡᠳ ᠶᠡᠭᠡ ᠪᠠᠷ ᠳᠡᠭᠡᠭᠰᠢᠯᠡᠭᠦᠯᠪᠡ᠃ ᠬᠤᠭ ᠨᠣᠪᠰᠢ ᠶᠢ ᠲᠥᠷᠥᠯ ᠬᠤᠪᠢᠶᠠᠬᠤ᠂ ᠪᠣᠬᠢᠷ ᠤᠰᠤ ᠶᠢ ᠰᠢᠶᠳᠪᠦᠷᠢᠯᠡᠬᠦ᠂ ᠵᠠᠮ ᠢ ᠬᠠᠲᠠᠭᠤᠷᠠᠭᠤᠯᠬᠤ ᠵᠡᠷᠭᠡ ᠲᠤᠯᠤᠭᠠᠨ ᠶᠡᠭᠡ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠬᠥᠳᠡᠭᠡ ᠲᠣᠰᠬᠤᠨ ᠤ 1.27 ᠲᠦᠮᠡᠨ ᠲᠡᠭᠰᠢ ᠳᠥᠷᠪᠡᠯᠵᠢᠨ ᠮᠧᠲᠷ ᠵᠠᠰᠠᠮᠠᠯ ᠵᠠᠮ ᠢ ᠥᠷᠭᠡᠳᠬᠡᠨ ᠥᠭᠡᠷᠡᠴᠢᠯᠡᠵᠦ᠂ 41.27 ᠺᠢᠯᠣᠮᠧᠲᠷ ᠤᠨ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠶ ᠶᠢᠨ ᠲᠤᠤᠷ ᠢ ᠤᠬᠰᠠᠷᠠᠵᠤ᠂ ᠬᠥᠳᠡᠭᠡ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠬᠤ ᠠᠵᠢᠯ ᠢ 200 ᠭᠠᠷᠤᠶ ᠮᠥ ᠪᠡᠶᠡᠯᠡᠭᠦᠯᠵᠦ᠂ ᠰᠢᠭᠤᠳ ᠤᠤᠭᠤᠬᠤ ᠤᠰᠤᠨ ᠤ ᠥᠷᠲᠡᠭᠡ 6 ᠶᠢ ᠰᠢᠨ᠎ᠡ ᠪᠠᠷ ᠪᠠᠶᠢᠭᠤᠯᠵᠤ᠂ 820 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠬᠦᠳᠡᠭᠡ ᠲᠤᠰᠬᠤᠨ ᠮᠠᠯᠵᠢᠬᠤ ᠣᠷᠣᠨ ᠳᠤ ᠠᠷᠢᠭᠤᠨ ᠴᠡᠪᠡᠷ ᠡᠷᠦᠬᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ ᠶᠢ 93% ᠳᠤ ᠬᠦᠷᠬᠡᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠷᠬᠦᠬᠦᠯᠬᠦ ᠨᠣᠷᠮ᠎ᠠ 50% ᠠᠴᠠ ᠳᠡᠭᠡᠭᠰᠢ ᠪᠤᠯᠵᠠᠢ᠃ ᠶᠡᠭᠡ ᠵᠢᠰᠡ  ᠶᠢᠨ ᠭᠠᠵᠠᠷ ᠲᠣᠰᠬᠤᠨ᠂ ᠡᠮᠦᠨ᠎ᠡ ᠪᠤᠷᠬᠠᠨᠲᠤ ᠲᠣᠰᠬᠤᠨ ᠨᠢ ᠲᠦᠷᠦᠭᠦᠦ ᠪᠦᠯᠦᠭ ᠤᠨ ᠬᠤᠲᠠ ᠶᠢᠨ ᠲᠠᠰ ᠤᠨ ᠬᠦᠳᠡᠭᠡ ᠶᠢᠨ ᠬᠡᠪ ᠰᠤᠷᠲᠠᠯ ᠤᠨ ᠪᠣᠯᠪᠠᠰᠤᠨ ᠤ ᠵᠢᠱᠢᠶ᠎ᠡ ᠦᠵᠡᠭᠦᠯᠬᠦ ᠲᠣᠰᠬᠤᠨ ᠪᠣᠯᠪᠠ᠃     —ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠠᠬᠢᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠥᠬᠡᠶ ᠳᠡᠭᠡᠭᠰᠢᠯᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠪᠡ᠃ ᠪᠥᠬᠦ ᠲᠤᠭᠤᠷᠢᠭ ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠵᠡᠷᠭᠡ ᠳᠤ ᠬᠡᠷᠡᠭᠯᠡᠭᠰᠡᠨ ᠠᠷᠠᠳ ᠤᠨ ᠠᠮᠢᠳᠤᠷᠠᠯ ᠤᠨ ᠵᠠᠷᠤᠯᠭ᠎ᠠ 34.78 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 83.26% ᠶᠢ ᠡᠵᠡᠯᠡᠪᠡ᠃ 12 ᠲᠣᠭᠤᠷᠢᠭ ᠤᠨ ᠲᠠᠰ ᠤᠨ᠂ 28 ᠵᠡᠭᠡᠯᠢ ᠭᠤᠳᠤᠮᠵᠢ ᠶᠢᠨ ᠲᠠᠰ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠦᠨᠳᠦᠰᠦᠨ ᠳᠡᠭᠡᠨ ᠪᠡᠶᠡᠯᠡᠭᠦᠯᠪᠡ᠃ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠡᠭᠦᠯᠡᠨ ᠠᠵᠢᠯ ᠣᠯᠭᠤᠯᠲᠠ ᠶᠢᠨ ᠦᠶᠯᠡᠴᠢᠯᠡᠭᠡᠨ ᠤ ᠵᠠᠭᠪᠤᠷ ᠲᠤ ᠲᠦᠰᠢᠭᠯᠡᠨ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠠᠵᠢᠯᠯᠠᠭ᠎ᠠ ᠶᠢ 166 ᠬᠤᠭᠤᠴᠠᠭ᠎ᠠ ᠡᠷᠭᠢᠯᠡᠵᠦ᠂ ᠪᠥᠬᠦ ᠵᠢᠯ ᠳᠤ ᠬᠤᠲᠠ ᠪᠠᠯᠭᠠᠰᠤ ᠶᠢᠨ 1.16 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠦᠳᠡᠭᠡ ᠲᠤᠰᠬᠤᠨ ᠮᠠᠯᠵᠢᠬᠤ ᠣᠷᠣᠨ ᠤ 4990 ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠬᠥᠳᠡᠯᠦᠯᠴᠡᠵᠦ 7465 ᠬᠥᠮᠦᠨ ᠳᠤ ᠰᠢᠨ᠎ᠡ ᠬᠡᠯᠪᠡᠷᠢ ᠶᠢᠨ ᠱᠠᠪᠢ ᠲᠠᠭᠠᠭᠤᠯᠬᠤ ᠲᠦᠷᠢᠮ ᠤᠨ ᠪᠤᠯᠪᠠᠰᠤᠷᠠᠯ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠤᠯᠪᠠᠰᠤᠷᠠᠯ ᠬᠦᠷᠲᠡᠭᠡᠵᠦ᠂ ᠪᠥᠬᠦ ᠬᠤᠲᠠ ᠶᠢᠨ ᠠᠩᠬᠠᠳᠠᠭᠴᠢ《ᠠᠷᠰᠠᠷ ᠠᠵᠢᠯ ᠤᠨ ᠤᠯᠠᠭ᠎ᠠ ᠥᠷᠲᠡᠭᠡ 》 ᠶᠢ ᠠᠰᠢᠭᠯᠠᠯᠲᠠ ᠳᠤ ᠣᠷᠣᠭᠤᠯᠵᠤ᠂ ᠪᠣᠯᠣᠳ 38 ᠳ᠋ᠤᠭᠠᠷ ᠨᠡᠶᠢᠭᠡᠮ ᠲᠣᠭᠤᠷᠢᠭ ᠲᠠᠪᠤᠳᠤᠭᠠᠷ ᠪᠦᠯᠦᠭ ᠤᠨ ᠤᠯᠤᠰ ᠤᠨ ᠲᠠᠰ ᠤᠨ ᠭᠦᠶᠴᠡᠳ ᠠᠵᠢᠯ ᠣᠯᠭᠤᠯᠲᠠ ᠶᠢᠨ ᠨᠡᠶᠢᠭᠡᠮ ᠲᠣᠭᠤᠷᠢᠭ ᠤᠨ ᠢᠷᠠᠭᠤ  ᠠᠯᠳᠡᠷ ᠢ ᠭᠥᠷᠳᠡᠵᠦ᠂《ᠠᠵᠢᠯ ᠲᠠᠢ ᠬᠥᠮᠦᠨ ᠥᠬᠡᠶ ᠬᠡᠷ ᠪᠦᠯᠢ》 ᠳᠤ ᠬᠦᠳᠡᠯᠦᠩᠬᠦᠢ ᠪᠠᠷ ᠠᠵᠢᠯ ᠤᠯᠭᠤᠬᠤ ᠶᠢ ᠪᠠᠲᠤᠯᠠᠪᠠ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠪᠥᠬᠦ ᠵᠢᠯ ᠳᠤ ᠨᠠᠰᠤᠵᠢᠯ ᠤᠨ ᠠᠰᠠᠷᠠᠮᠵᠢ᠂ ᠠᠵᠢᠯ ᠠᠴᠠ ᠪᠤᠯᠤᠬᠰᠠᠨ ᠭᠡᠮᠲᠦᠯ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠣᠰ ᠲᠣᠰ 9.9 ᠲᠦᠮᠡᠨ ᠬᠥᠮᠦᠨ᠂ 4.4 ᠲᠦᠮᠡᠨ ᠬᠥᠮᠦᠨ ᠪᠠ 2.7 ᠲᠦᠮᠡᠨ ᠬᠥᠮᠦᠨ ᠳᠤ ᠬᠦᠷᠴᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ   ᠬᠦᠷᠳᠡᠮᠵᠢ ᠶᠢᠨ ᠮᠦᠩᠭᠦ ᠶᠢ ᠨᠡᠶᠢᠲᠡ 11 ᠳ᠋ᠦᠩᠰᠢᠭᠤᠷ ᠲᠥᠭᠦᠷᠢᠭ ᠲᠠᠷᠬᠠᠭᠠᠪᠠ᠃ ᠬᠦᠴᠢᠷᠳᠡᠯ ᠲᠠᠢ ᠬᠦᠮᠦᠰ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯ ᠲᠠᠢ ᠬᠦᠮᠦᠰ ᠢ ᠠᠰᠠᠷᠠᠨ ᠲᠡᠵᠢᠭᠡᠬᠦ ᠮᠥᠩᠭᠦ᠂ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ 2166.2 ᠲᠦᠮᠡᠨ ᠲᠥᠭᠦᠷᠢᠭ ᠲᠠᠷᠬᠠᠭᠠᠪᠠ᠃ ᠡᠮ ᠡᠮᠨᠡᠯᠬᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠬᠡᠷᠡᠭᠯᠡᠯᠲᠡ ᠶᠢ ᠯᠠᠪᠳᠠᠭᠤᠨ ᠢᠶᠠᠷ ᠠᠬᠢᠭᠤᠯᠵᠤ᠂ 5 ᠵᠦᠶᠯ ᠤᠨ ᠥᠨᠳᠥᠷ ᠳᠠᠪᠲᠠᠮᠵᠢᠲᠤ ᠡᠮ ᠡᠮᠨᠡᠯᠬᠡ  ᠶᠢᠨ ᠳᠠᠭᠠᠳᠬᠠᠯ ᠤᠨ ᠭᠠᠷᠲᠠᠨ ᠭᠦᠶᠴᠡᠳᠬᠡᠬᠦ ᠦᠶᠯᠡᠴᠢᠯᠡᠭᠡ ᠶᠢ ᠪᠥᠬᠦ ᠣᠷᠣᠨ ᠪᠦᠰᠡ ᠳᠤ ᠣᠶᠢᠷ᠎ᠠ ᠬᠠᠪᠢ ᠳᠤᠨᠢ ᠭᠦᠶᠴᠡᠳᠬᠡᠬᠦ ᠶᠢ ᠪᠡᠶᠡᠯᠡᠭᠦᠯᠪᠡ᠃ ᠰᠤᠷᠭᠠᠨ ᠬᠥᠮᠦᠵᠢᠯ ᠤᠨ ᠦᠶᠯᠡᠰ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠪᠡ᠃ 5.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠣᠯᠣᠳ ᠲᠡᠮᠦᠷ  ᠵᠡᠬᠡᠯᠢ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ᠂ ᠪᠤᠭᠤᠲᠤ ᠶᠢᠨ ᠪᠣᠯᠣᠳ ᠲᠡᠮᠦᠷ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠵᠡᠷᠭᠡ 12 ᠰᠤᠷᠭᠠᠭᠤᠯᠢ ᠶᠢ ᠰᠢᠨ᠎ᠡ ᠪᠠᠷ ᠥᠭᠡᠷᠡᠴᠢᠯᠡᠵᠦ ᠦᠷᠭᠦᠯᠵᠢᠯᠡᠨ ᠰᠢᠨᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂《ᠨᠢᠭᠡ ᠰᠤᠷᠭᠠᠭᠤᠯᠢ ᠨᠢᠭᠡ ᠦᠪᠡᠷᠮᠢᠴᠡ ᠤᠨᠴᠠᠯᠢᠭ  ᠲᠠᠢ》ᠭᠤᠸ᠎ᠠ ᠰᠠᠶᠢᠬᠠᠨ ᠤ ᠬᠥᠮᠦᠵᠢᠯ ᠤᠨ 8 ᠵᠢᠱᠢᠶ᠎ᠡ ᠦᠵᠡᠭᠦᠯᠬᠦ ᠰᠤᠷᠭᠠᠭᠤᠯᠢ ᠶᠢ ᠡᠭᠦᠳᠦᠨ ᠪᠠᠶᠢᠭᠤᠯᠵᠤ᠂ ᠰᠤᠷᠭᠠᠭᠤᠯᠢ ᠪᠠ ᠣᠷᠣᠨ ᠨᠤᠲᠤᠭ ᠬᠠᠮᠲᠤᠷᠠᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠴᠢᠨᠠᠷ ᠰᠠᠶᠢᠲᠠᠶ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠲᠤᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ《ᠬᠤᠶᠠᠷ ᠢ ᠬᠦᠩᠭᠡᠷᠡᠭᠦᠯᠬᠦ 》ᠲᠤᠷᠰᠢᠯᠭ᠎ᠠ ᠨᠢ ᠨᠡᠶᠢᠲᠡᠯᠢᠭ ᠵᠢᠱᠢᠶ᠎ᠡ ᠪᠠᠷ ᠥᠪᠡᠷᠲᠡᠭᠡᠨ ᠵᠠᠰᠠᠬᠤ ᠣᠷᠣᠨ ᠳᠤ ᠵᠢᠱᠢᠶ᠎ᠡ ᠦᠵᠡᠭᠦᠯᠦᠨ ᠲᠡᠯᠭᠡᠷᠡᠭᠦᠯᠪᠡ᠃ ᠲᠤᠭᠤᠷᠢᠭ ᠰᠤᠷᠭᠠᠭᠤᠯᠢ ᠨᠢᠭᠡ ᠴᠣᠭᠴᠠᠵᠢᠭᠰᠠᠨ ᠤᠶᠤᠨᠳᠤ ᠰᠤᠷᠭᠠᠨ ᠬᠥᠮᠦᠵᠢᠯ ᠤᠨ ᠲᠠᠪᠴᠠᠩ ᠠᠰᠢᠭᠯᠠᠯᠲᠠ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ《ᠢᠨᠲ᠋ᠧᠷ ᠰᠦᠯᠵᠢᠶ᠎ᠡ + ᠰᠤᠷᠭᠠᠨ ᠬᠥᠮᠦᠵᠢᠯ》 ᠤᠨ ᠵᠢᠱᠢᠶ᠎ᠡ ᠦᠵᠡᠭᠦᠯᠬᠦ ᠲᠣᠭᠤᠷᠢᠭ ᠤᠨ ᠴᠣᠯᠠ ᠶᠢ ᠬᠦᠷᠲᠡᠪᠡ᠃ ᠡᠷᠡᠭᠦᠯ ᠡᠩᠬᠡ ᠬᠥᠨᠳᠡᠯᠡᠨ ᠲᠣᠭᠤᠷᠢᠭ ᠤᠨ ᠦᠢᠯᠡᠰ ᠢ ᠭᠦᠨᠵᠡᠭᠡᠢ ᠠᠬᠢᠭᠤᠯᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠵᠢᠴᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠰᠢᠨᠵᠢᠵᠦ ᠰᠢᠶᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠡᠳᠦᠷ ᠪᠦᠷᠢ 16.5 ᠲᠦᠮᠡᠨ ᠰᠢᠷᠭᠡᠭ  ᠲᠤ ᠬᠦᠷᠴᠡᠢ᠃ ᠪᠤᠭᠤᠲᠤ ᠶᠢᠨ ᠪᠣᠯᠣᠳ ᠲᠡᠮᠦᠷ ᠤᠨ ᠭᠤᠷᠪᠠᠳᠤᠭᠠᠷ ᠡᠮᠨᠡᠯᠭᠡ ᠶᠢᠨ ᠬᠤᠷᠢᠶ᠎ᠡ ᠶᠢᠨ ᠣᠯᠠᠨ ᠤᠯᠤᠰ ᠤᠨ ᠬᠡᠯᠲᠡᠰ ᠠᠰᠢᠭᠯᠠᠯᠲᠠ ᠳᠤ ᠣᠷᠣᠵᠤ᠂ ᠪᠤᠷᠬᠠᠨᠲᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠠᠭ ᠢᠵᠢ ᠪᠦᠷᠢᠳᠦᠭᠦᠯᠬᠦ ᠲᠤᠨᠤᠭ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠬᠢᠵᠦ᠂ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠬᠥᠨᠳᠡᠯᠡᠨ ᠲᠣᠭᠤᠷᠢᠭ ᠤᠨ ᠡᠮᠨᠡᠯᠭᠡ ᠶᠢᠨ ᠬᠤᠷᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠲᠦᠷᠭᠡᠨ ᠬᠤᠷᠳᠤᠴᠡ ᠪᠠᠷ ᠠᠬᠢᠭᠤᠯᠵᠤ ᠪᠠᠶᠢᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ 21 ᠪᠠᠶᠢᠭᠤᠯᠤᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠬᠥᠮᠦᠰ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠨᠣᠷᠮ᠎ᠠ 79% ᠳᠤ ᠬᠥᠷᠪᠡ᠃ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠨᠠᠰᠤᠵᠢᠯ ᠤᠨ ᠠᠰᠠᠷᠠᠮᠵᠢ ᠬᠦᠷᠳᠡᠬᠦ ᠦᠶᠯᠡᠴᠢᠯᠡᠭᠡ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠪᠣᠯᠣᠳ 36 ᠳ᠋ᠤᠭᠠᠷ ᠨᠡᠶᠢᠭᠡᠮ ᠲᠣᠭᠤᠷᠢᠭ ᠢ ᠤᠯᠤᠰ ᠤᠨ ᠲᠠᠰ ᠤᠨ《ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ》ᠪᠣᠯᠭᠠᠨ ᠡᠭᠦᠳᠦᠨ ᠪᠠᠶᠢᠭᠤᠯᠪᠠ ᠃ ᠰᠣᠶᠣᠯ ᠵᠢᠭᠤᠯᠴᠢᠯᠠᠯ ᠤᠨ ᠦᠶᠯᠡᠰ ᠥᠷᠨᠢᠨ ᠬᠥᠭᠵᠢᠪᠡ᠃ 32 ᠰᠣᠶᠣᠯ ᠤᠨ ᠣᠷᠳᠣᠨ ᠨᠣᠮ ᠤᠨ ᠰᠠᠩ᠂ ᠬᠤᠲᠠ ᠶᠢᠨ 10 ᠨᠣᠮ ᠤᠨ ᠥᠷᠥᠭᠡ ᠶᠢ ᠲᠠᠰ ᠳᠡᠪᠰᠢᠭᠦᠯᠵᠦ᠂ ᠲᠣᠭᠤᠷᠢᠭ ᠤᠨ ᠰᠣᠶᠣᠯ ᠤᠨ ᠣᠷᠳᠣᠨ᠂ ᠨᠣᠮ ᠤᠨ ᠰᠠᠩ《 ᠤᠯᠤᠰ ᠤᠨ ᠨᠢᠭᠡᠳᠦᠭᠡᠷ ᠳᠡᠰ ᠤᠨ ᠣᠷᠳᠣᠨ》 ᠢᠶᠠᠷ ᠦᠨᠡᠯᠡᠭᠳᠡᠪᠡ᠃ 15  ᠭᠠᠵᠠᠷ ᠲᠤ《ᠵᠢᠵᠢᠭ ᠮᠥᠷᠲᠡᠭᠡᠨ ᠭᠤᠶᠣ》ᠣᠯᠠᠨ ᠨᠡᠶᠢᠲᠡ ᠶᠢᠨ ᠰᠣᠶᠣᠯ ᠤᠨ ᠣᠷᠣᠨ ᠵᠠᠶ ᠶᠢ ᠪᠠᠶᠢᠭᠤᠯᠵᠤ᠂ 400 ᠭᠠᠷᠤᠶ ᠪᠡᠶ᠎ᠡ ᠴᠢᠭᠢᠷᠠᠭᠵᠢᠭᠤᠯᠬᠤ ᠵᠠᠮ ᠢ ᠰᠢᠨ᠎ᠡ ᠪᠠᠷ ᠨᠡᠮᠡᠵᠦ ᠢᠵᠢ ᠪᠦᠷᠢᠳᠦᠭᠦᠯᠦᠨ᠂ 5 ᠺᠢᠯᠣᠮᠧᠲᠷ ᠪᠡᠶ᠎ᠡ ᠴᠢᠭᠢᠷᠠᠭᠵᠢᠭᠤᠯᠬᠤ ᠶᠠᠪᠠᠭᠠᠨ ᠬᠦᠮᠦᠨ ᠤ ᠵᠠᠮ ᠢ ᠪᠠᠶᠢᠭᠤᠯᠵᠤ᠂  ᠠᠭᠤᠰᠤᠯᠴᠠᠬᠤ ᠮᠠᠶ᠋ᠢᠭ ᠢᠶᠠᠷ《15 ᠮᠢᠨᠦ᠋ᠲ ᠤᠨ ᠴᠢᠨᠠᠷ ᠰᠠᠶᠢᠲᠠᠶ ᠰᠣᠶᠣᠯ ᠤᠨ ᠠᠮᠢᠳᠤᠷᠠᠯ ᠤᠨ ᠲᠣᠭᠤᠷᠢᠭ》 ᠢ ᠪᠠᠶᠢᠭᠤᠯᠪᠠ᠃ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠤᠯᠠᠯᠵᠢ ᠭᠤᠷᠪᠠᠳᠤᠭᠠᠷ ᠲᠣᠰᠬᠤᠨ ᠬᠤᠲᠠ ᠶᠢᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠵᠦ᠂ ᠬᠥᠨᠳᠡᠯᠡᠨ ᠰᠦᠮ᠎ᠡ《ᠨᠠᠢᠮᠠᠳᠤᠭᠠᠷ ᠪᠦᠯᠦᠭ ᠤᠨ ᠪᠥᠬᠦ ᠤᠯᠤᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ》 ᠪᠠᠷ ᠰᠣᠩᠭᠤᠭᠳᠠᠵᠤ᠂ ᠪᠤᠭᠤᠲᠤ ᠶᠢᠨ ᠪᠣᠯᠣᠳ ᠲᠡᠮᠦᠷ ᠤᠨ ᠠᠵᠤ ᠦᠶᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤᠯᠤᠰ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠢᠶᠠᠷ ᠦᠨᠡᠯᠡᠭᠳᠡᠪᠡ᠃    —ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠦᠨ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠤᠬᠢᠴᠠᠩᠭᠤᠢ ᠪᠠ ᠲᠣᠭᠲᠠᠭᠤᠨ ᠢ ᠪᠠᠲᠤᠯᠠᠪᠠ᠃ ᠤᠯᠠᠨ ᠡᠰᠢᠲᠦ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠣᠣᠷ ᠢ ᠨᠢᠭᠲᠠ ᠰᠦᠯᠵᠢᠪᠡ᠃ ᠬᠥᠨᠳᠡᠯᠡᠨ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠳᠡᠰ ᠳᠡᠪᠰᠢᠭᠦᠯᠵᠦ᠂ 22 ᠲᠦᠷᠦᠯ ᠲᠡᠮᠲᠡᠭᠲᠦ ᠡᠶᠡᠳᠡᠭᠦᠯᠬᠦ ᠲᠠᠰᠤᠭ ᠢ ᠪᠠᠶᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢᠨ《ᠡᠶ᠎ᠡ ᠵᠣᠬᠢᠴᠠᠩᠭᠤᠢ ᠪᠠᠷ ᠬᠠᠮᠲᠤ ᠶᠠᠪᠤᠬᠤ》ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠪᠦᠬᠦ ᠬᠤᠲᠠ ᠶᠢᠨ ᠠᠩᠬᠠᠳᠠᠬᠴᠢ ᠤᠯᠤᠰ ᠲᠥᠷᠦ ᠶᠢᠨ ᠵᠥᠪᠯᠡᠯᠭᠡᠨ ᠤ ᠭᠡᠰᠢᠬᠦᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠯᠲᠠ ᠲᠠᠯᠪᠢᠬᠤ ᠳᠤ ᠣᠷᠣᠯᠴᠠᠬᠤ ᠠᠵᠢᠯ ᠤᠨ ᠲᠣᠭᠲᠠᠴᠠ ᠶᠢ ᠡᠭᠦᠳᠴᠦ᠂ ᠪᠦᠬᠦ ᠵᠢᠯ ᠳᠤ 11754 ᠬᠥᠳᠡᠯᠮᠦᠷᠢᠴᠢᠨ ᠳᠤ 1.57 ᠳ᠋ᠦᠩᠰᠢᠭᠤᠷ ᠲᠥᠭᠦᠷᠢᠭ ᠤᠨ ᠴᠠᠯᠢᠩ ᠬᠦᠯᠦᠰᠦ ᠶᠢ ᠨᠡᠬᠡᠮᠵᠢᠯᠡᠨ ᠠᠪᠴᠦ ᠦᠭᠪᠡ᠃ ᠠᠷᠠᠳ ᠤᠨ ᠠᠮᠢᠳᠤᠷᠠᠯ ᠤᠨ ᠲᠤᠬᠠᠢ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂《12345》ᠬᠠᠯᠠᠮᠰᠢᠯ ᠤᠲᠠᠰᠤ᠂ ᠲᠣᠭᠤᠷᠢᠭ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠨᠡᠶᠢᠲᠡ 8 ᠲᠦᠮᠡ ᠭᠠᠷᠤᠢ ᠶᠠᠪᠤᠳᠠᠯ ᠢ ᠰᠢᠢᠳᠪᠦᠷᠢᠯᠡᠵᠦ᠂ ᠪᠦᠬᠦ ᠬᠤᠲᠠ ᠶᠢᠨ ᠲᠡᠷᠢᠭᠦᠨ ᠳᠤ ᠣᠷᠣᠪᠠ᠃ ᠬᠥᠨᠳᠡᠯᠡᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠪᠴᠢᠭᠦᠯᠬᠦ ᠦᠢᠯᠡᠳᠦᠯᠭᠡ ᠶᠢᠨ ᠬᠦᠷᠢᠶᠡᠯᠡᠩ ᠢ ᠪᠠᠶᠢᠭᠤᠯᠵᠤ᠂ ᠪᠦᠬᠦ ᠬᠤᠳᠠ ᠳᠤ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠦᠬᠦᠨ ᠢ ᠪᠦᠷᠬᠦᠬᠦᠯᠬᠦ ᠶᠢ  ᠤᠷᠢᠳ ᠢᠶᠠᠷ ᠪᠡᠶᠡᠯᠡᠭᠦᠯᠪᠡ᠃ ᠠᠮᠤᠭᠤᠯᠠᠩᠲᠤ ᠬᠥᠨᠳᠡᠯᠡᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ  ᠠᠬᠢᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠬᠳᠤᠬᠤ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠡᠯ᠎ᠡ ᠵᠦᠶᠯ ᠤᠨ ᠠᠵᠢᠯ ᠢ ᠤᠷᠤᠭᠰᠢᠲᠠᠶ ᠪᠡᠶᠡᠯᠡᠭᠦᠯᠵᠦ᠂ ᠲᠦᠪ ᠤᠨ ᠵᠠᠬᠢᠳᠠᠯ  ᠰᠣᠷᠪᠣᠯᠵᠢᠯᠠᠯ ᠤᠨ ᠠᠵᠢᠯ ᠤᠨ ᠬᠠᠮᠲᠣᠷᠠᠭᠰᠠᠨ ᠬᠤᠷᠠᠯ ᠤᠨ ᠠᠯᠪᠠᠨ ᠭᠡᠷ ᠤᠨ ᠲᠣᠰᠢᠶᠠᠨ ᠰᠢᠢᠳᠪᠣᠷᠢᠯᠡᠭᠰᠡᠨ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ ᠤᠨ ᠵᠠᠬᠢᠳᠠᠯ ᠰᠤᠷᠪᠤᠯᠵᠢᠯᠠᠯ ᠤᠨ 112 ᠳᠠᠷᠤᠭᠳᠠᠮᠠᠯ ᠬᠡᠷᠡᠭ ᠢ ᠰᠢᠶᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠤᠤᠷ ᠢ ᠨᠠᠩ ᠨᠢᠭᠲᠠ ᠪᠠᠬᠢ ᠰᠦᠯᠵᠢᠪᠡ᠃《 ᠵᠠᠭᠤᠨ ᠡᠳᠦᠷ ᠤᠨ ᠠᠵᠢᠯᠯᠠᠭ᠎ᠠ》᠂《ᠬᠤᠶᠠᠷ ᠢ ᠠᠷᠢᠯᠭᠠᠨ ᠬᠤᠶᠠᠷ ᠲᠤ ᠴᠣᠬᠢᠯᠲᠠ ᠥᠭᠬᠦ 》ᠲᠤᠰᠬᠠᠶ ᠠᠵᠢᠯᠯᠠᠭ᠎ᠠ ᠶᠢ ᠪᠡᠶᠡᠯᠡᠭᠦᠯᠵᠦ᠂《ᠲᠡᠭᠡᠷᠡᠮᠳᠦᠬᠦ ᠪᠤᠯᠢᠶᠠᠬᠤ ᠬᠤᠯᠠᠭᠠᠶᠢᠯᠠᠬᠤ︾  ᠬᠡᠷᠡᠭ ᠤᠨ ᠲᠤᠭ᠎ᠠ 48.6% ᠪᠠᠷ ᠪᠠᠭᠤᠷᠠᠵᠤ᠂ ᠴᠠᠬᠢᠯᠭᠠᠨ ᠴᠢᠮᠡᠭᠡ ᠬᠤᠯᠪᠣᠭ᠎ᠠ ᠶᠢᠨ ᠮᠡᠬᠡᠯᠡᠯ ᠤᠨ ᠬᠡᠷᠡᠭ ᠤᠨ ᠲᠤᠭ᠎ᠠ 20.4% ᠪᠠᠷ ᠪᠠᠭᠤᠷᠠᠪᠠ᠃ ᠠᠶᠤᠯᠭᠦᠢ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠤᠷᠤᠭᠰᠢᠲᠠᠶ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ《ᠭᠤᠷᠪᠠ ᠶᠢ ᠰᠡᠷᠭᠡᠶᠢᠯᠡᠬᠦ》ᠪᠠᠶᠢᠭᠤᠯᠤᠯᠲᠠ《ᠳᠥᠷᠪᠡᠨ 100%》 ᠶᠢ ᠪᠡᠶᠡᠯᠡᠭᠦᠯᠪᠡ᠃ 26 ᠤᠳᠠᠭ᠎ᠠ ᠶᠢᠨ ᠢᠳᠡᠭᠡᠨ ᠤ ᠵᠦᠶᠯ ᠤᠨ ᠠᠮᠤᠷ ᠲᠦᠪᠰᠢᠨ ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠣᠮᠣ ᠳᠤᠮᠳᠠ ᠬᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠢ ᠳᠤ ᠥᠩᠭᠡ ᠪᠠᠷ ᠲᠡᠮᠳᠡᠭ ᠪᠤᠯᠭᠠᠨ ᠪᠠᠷᠢᠮᠵᠢᠶᠠᠯᠠᠭᠰᠠᠨ ᠬᠠᠮᠢᠶᠠᠷᠤᠯᠲᠠ ᠪᠠ《ᠢᠨᠲ᠋ᠧᠷ ᠰᠦᠯᠵᠢᠶ᠎ᠡ + ᠢᠯᠡ ᠲᠣᠭᠤᠭᠠᠨ ᠬᠡᠷ 》 ᠢ ᠪᠦᠷᠬᠦᠬᠦᠯᠬᠦ ᠨᠣᠷᠮ᠎ᠠ ᠶᠢ 100% ᠳᠤ  ᠬᠦᠷᠬᠡᠵᠤ᠂ ᠢᠳᠡᠭᠡᠨ ᠤᠮᠳᠠᠭᠠᠨ᠂ ᠡᠮ ᠤᠨ ᠵᠦᠶᠯ᠂ ᠶᠠᠰᠦ ᠴᠢᠨᠠᠷ ᠨᠠᠶᠢᠳᠠᠪᠤᠷᠢᠳᠠᠢ ᠴᠡᠪᠡᠷ ᠮᠢᠬ᠎ᠠ ᠨᠤᠭᠤᠭ᠎ᠠ ᠶᠢᠨ ᠬᠠᠮ ᠳᠡᠯᠭᠡᠭᠦᠷ ᠤᠨ ᠵᠢᠱᠢᠶ᠎ᠡ ᠦᠵᠡᠭᠦᠯᠬᠦ ᠳᠡᠯᠭᠡᠭᠦᠷ ᠢ ᠨᠡᠶᠢᠲᠡ 50 ᠪᠠᠶᠢᠭᠤᠯᠵᠠᠢ᠃ ᠠᠷᠠᠳ 1 ᠳ᠋ᠤᠭᠡᠷ ᠨᠡᠶᠢᠭᠡᠮ ᠲᠣᠭᠤᠷᠢᠭ ᠠᠷᠪᠠᠳᠤᠭᠠᠷ ᠪᠦᠯᠦᠭ ᠤᠨ《ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ》 ᠪᠠᠷ ᠦᠨᠡᠯᠡᠭᠳᠡᠵᠦ᠂ ᠮᠠᠨ ᠤ ᠲᠤᠭᠤᠷᠢᠭ ᠥᠪᠡᠷᠲᠡᠭᠡᠨ ᠵᠠᠰᠠᠬᠤ ᠣᠷᠣᠨ ᠤ   ᠨᠠᠢᠮᠠᠳᠤᠭᠠᠷ ᠪᠦᠯᠦᠭ ᠤᠨ《ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ》 ᠢᠶᠠᠷ ᠦᠨᠡᠯᠡᠭᠳᠡᠵᠦ᠂《ᠤᠯᠠᠭᠠᠨ ᠠᠨᠠᠷ ᠬᠡᠷ ᠣᠷᠣᠨ》 ᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ  ᠪᠦᠬᠦᠨ ᠢ ᠪᠦᠷᠬᠦᠭᠦᠯᠬᠦ ᠶᠢ ᠪᠡᠶᠡᠯᠡᠬᠦᠯᠪᠡ᠃    —ᠰᠠᠭᠤᠷᠢ ᠪᠠᠨ ᠪᠠᠲᠤᠳᠬᠠᠵᠤ ᠦᠨᠳᠦᠰᠦ ᠪᠠᠨ ᠪᠠᠬᠢᠵᠢᠭᠦᠯᠦᠨ ᠲᠥᠷᠥ ᠪᠠᠷᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠪᠠ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂《ᠳᠥᠷᠪᠡᠨ ᠤᠬᠠᠮᠰᠠᠷ》 ᠢᠶᠠᠨ ᠤᠯᠠᠮ  ᠴᠢᠨᠠᠭᠰᠢᠳᠠ ᠴᠢᠩᠭᠠᠳᠬᠠᠵᠤ᠂《ᠳᠥᠷᠪᠡᠨ ᠢᠲᠡᠭᠡᠯ》 ᠢᠶᠠᠨ ᠪᠠᠲᠤᠳᠬᠠᠵᠤ᠂《ᠬᠤᠶᠠᠷ ᠢ ᠬᠠᠮᠠᠭᠠᠯᠠᠬᠤ》 ᠶᠢ ᠪᠠᠶᠠᠯᠠᠭᠦᠯᠵᠡᠢ᠃ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠪᠠ《 ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠦᠶ᠎ᠡ》ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠺᠠᠳ᠋ᠷ ᠤᠨ ᠡᠩᠨᠡᠭᠡᠨ ᠤ ᠰᠤᠷᠲᠠᠯ ᠢᠯᠡᠳᠲᠡ ᠰᠠᠶᠢᠵᠢᠷᠠᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠠᠵᠢᠯ ᠤᠨ ᠬᠢᠨᠠᠯᠲᠠ ᠲᠠᠯᠪᠢᠬᠤ ᠪᠠ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠵᠦ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠳᠤ ᠪᠠᠶᠢᠳᠠᠯ ᠢᠶᠠᠨ ᠮᠡᠳᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 173 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ 230 ᠬᠤᠪᠢ  ᠰᠠᠨᠠᠯ ᠳᠤᠷᠠᠳᠤᠯᠭ᠎ᠠ ᠶᠢ ᠪᠦᠬᠦᠨ ᠢ ᠬᠤᠭᠤᠴᠠᠭ᠎ᠠ ᠶᠣᠰᠣᠭᠠᠷ ᠰᠢᠢᠳᠪᠦᠷᠢᠯᠡᠨ ᠳᠠᠭᠤᠰᠬᠠᠵᠤ᠂ ᠬᠠᠨᠤᠮᠵᠢᠳᠠᠢ ᠪᠠᠶᠢᠬᠤ ᠨᠣᠷᠮ᠎ᠠ 98% ᠳᠤ ᠬᠦᠷᠴᠦ᠂ ᠥᠩᠭᠡᠷᠡᠭᠰᠡᠨ ᠵᠢᠯ ᠤᠳ ᠤᠨ ᠬᠠᠮᠤᠭ ᠤᠨ ᠥᠨᠳᠥᠷ ᠬᠡᠮᠵᠢᠶᠡᠨ ᠳᠤ ᠬᠦᠷᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠦᠷᠭᠦᠯᠵᠢᠯᠡᠨ ᠭᠦᠨᠵᠡᠭᠡᠶᠢᠷᠡᠪᠡ᠃《ᠭᠤᠷᠪᠠᠨ ᠴᠢᠬᠤᠯᠠ ᠶᠡᠭᠡ ᠨᠢᠭᠡ ᠶᠡᠭᠡ》 ᠳᠤ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠲᠤ ᠬᠢᠨᠠᠨ ᠪᠠᠶᠢᠴᠠᠭᠠᠬᠤ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠲᠤᠬᠢᠷᠠᠭᠤᠯᠬᠤ ᠵᠡᠷᠭᠡ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠵᠢᠷᠤᠮᠵᠢᠩᠭᠤᠢ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ 25 ᠬᠡᠷᠡᠭ ᠢ ᠬᠠᠤᠯᠢ ᠶᠣᠰᠣᠭᠠᠷ ᠰᠢᠭᠦᠵᠦ ᠳᠠᠭᠤᠰᠬᠠᠪᠠ᠃ ᠪᠤᠭᠤᠲᠤ ᠶᠢᠨ ᠬᠠᠤᠯᠢᠵᠢᠯ ᠤᠨ ᠴᠡᠴᠡᠷᠯᠢᠭ ᠳᠥᠷᠪᠡᠳᠦᠭᠡᠷ ᠪᠦᠯᠦᠭ ᠤᠨ ᠤᠯᠤᠰ ᠤᠨ ᠬᠠᠤᠯᠢᠵᠢᠯ ᠤᠨ ᠬᠥᠮᠦᠵᠢᠯ ᠤᠨ  ᠵᠢᠱᠢᠶ᠎ᠡ ᠦᠵᠡᠭᠦᠯᠬᠦ ᠵᠢᠭᠰᠠᠭᠠᠯ ᠤᠨ ᠭᠠᠵᠠᠷ ᠢᠶᠠᠷ ᠦᠨᠡᠯᠡᠭᠳᠡᠵᠦ᠂《 ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠮᠡᠳᠡᠯᠬᠡ ᠶᠢ ᠲᠦᠭᠡᠮᠡᠯᠵᠢᠭᠦᠯᠬᠦ》ᠠᠵᠢᠯ ᠤᠷᠤᠭᠰᠢᠲᠠᠢ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ 92 ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠪᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠪᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ  ᠨᠠᠷᠢᠨ ᠬᠢᠨᠠᠮᠠᠭᠠᠶ ᠲᠤᠭᠤᠰᠢᠯᠠᠭᠤᠯᠵᠤ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ   ᠶᠢ ᠦᠷᠭᠦᠯᠵᠢᠯᠡᠨ ᠭᠦᠨᠵᠡᠭᠡᠶᠢᠷᠡᠬᠦᠯᠪᠡ᠃     ᠡᠭᠦᠨ ᠠᠴᠠ ᠭᠠᠳᠠᠨ᠎ᠠ᠂ ᠬᠢᠨᠠᠨ ᠪᠤᠳᠤᠬᠤ᠂ ᠲᠤᠭ᠎ᠠ  ᠪᠦᠷᠢᠳᠬᠡᠯ᠂ ᠬᠠᠩᠭᠠᠨ  ᠪᠤᠷᠤᠯᠠᠭᠤᠯᠬᠤ᠂  ᠤᠷᠤᠨ ᠨᠤᠲᠤᠭ ᠤᠨ ᠤᠶᠢᠯᠠᠯᠭ᠎ᠠ᠂ ᠠᠬᠠᠮᠠᠳ ᠺᠠᠳ᠋ᠷ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ ᠂ ᠤᠯᠠᠭᠠᠨ ᠵᠠᠭᠠᠯᠮᠠᠶᠢᠲᠠᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠳᠡᠭᠲᠡᠷ ᠲᠤ ᠭᠠᠷᠴᠠᠶ᠃      ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠪᠣᠯᠤᠨ᠎ᠠ᠂ ᠮᠥᠨ ᠴᠦ ᠬᠥᠨᠳᠡᠯᠡᠨ ᠲᠣᠭᠤᠷᠢᠭ ᠤᠨ ᠲᠤᠮᠤ ᠠᠯᠬᠤᠭ᠎ᠠ ᠪᠠᠷ ᠤᠷᠤᠭᠰᠢᠯᠠᠵᠤ᠂ ᠲᠠᠪᠠᠯᠳᠠ ᠶᠢᠨ ᠴᠢᠨᠠᠷᠳᠠᠢ ᠬᠦᠭᠵᠢᠭᠰᠡᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠨᠡᠶᠢᠭᠡᠮ ᠤᠨ ᠡᠯ᠎ᠡ ᠡᠲᠡᠭᠡᠳ ᠤᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ ᠠᠬᠤᠶ ᠶᠢᠨ ᠶᠡᠭᠡ ᠲᠠᠯ᠎ᠠ ᠶᠢ ᠪᠠᠲᠤ ᠲᠣᠭᠲᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠳᠤ ᠠᠵᠤ ᠦᠶᠯᠡᠰ ᠤᠨ ᠬᠥᠭᠵᠢᠯᠲᠡ ᠶᠢᠨ ᠬᠥᠳᠡᠯᠭᠡᠬᠦ ᠡᠨᠧᠷᠭᠢ ᠨᠡᠮᠡᠷᠢᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠢᠨ᠎ᠡ ᠶᠢ ᠡᠭᠦᠳᠬᠦ ᠬᠦᠴᠦᠨ ᠭᠦᠶᠴᠡᠳ ᠣᠷᠭᠢᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠪᠠᠶᠢᠳᠠᠯ ᠢ ᠰᠦᠷᠦᠨ ᠤᠷᠤᠭᠰᠢᠯᠠᠵᠤ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠬᠥᠭᠵᠢᠭᠡᠵᠦ᠂ 78 ᠲᠦᠮᠡᠨ ᠣᠯᠠᠨ ᠲᠦᠮᠡᠨ  ᠤᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠴᠤᠴᠠᠰᠢ ᠦᠬᠡᠢ ᠵᠤᠷᠢᠭᠲᠠᠢ ᠤᠷᠤᠭᠰᠢᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠳᠤᠮᠳᠠ ᠠᠯᠢ ᠣᠯᠠᠨ ᠬᠠᠲᠠᠭᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤᠮᠳᠠ ᠨᠢᠭᠡ ᠪᠦᠯᠦᠭ ᠬᠦᠴᠢᠷ ᠠᠰᠠᠭᠤᠳᠠᠯ ᠢ ᠰᠢᠶᠳᠪᠦᠷᠢᠯᠡᠵᠦ᠂ ᠠᠮᠵᠢᠯᠲᠠ ᠲᠠᠢ ᠪᠠᠷ ᠪᠥᠬᠦ ᠤᠯᠤᠰ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠤ ᠵᠠᠭᠤᠨ ᠬᠦᠴᠦᠷᠬᠡᠭ ᠭᠤᠤᠯ ᠬᠤᠲᠠ ᠶᠢᠨ ᠲᠣᠭᠤᠷᠢᠭ ᠤᠨ ᠡᠩᠨᠡᠭᠡ ᠳᠤ ᠤᠷᠤᠪᠠ᠃ ᠨᠢᠭᠡ ᠵᠢᠯ ᠤᠨ ᠲᠤᠷᠰᠢ᠂ ᠪᠢᠳᠡ《ᠬᠤᠶᠠᠷ ᠰᠢᠨ᠎ᠡ》 ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠮᠵᠢᠶ᠎ᠡ ᠶᠢ ᠨᠡᠮᠡᠭᠳᠡᠭᠦᠯᠬᠦ ᠤᠬᠠᠮᠰᠠᠷ ᠢᠶᠠᠨ ᠴᠢᠩᠭᠠᠳᠬᠠᠨ᠂ ᠠᠵᠤ ᠦᠶᠯᠡᠳᠪᠦᠷᠢ ᠶᠢᠨ ᠬᠦᠷᠢᠶᠡᠨ ᠳᠠᠬᠢ《ᠲᠠᠪᠤᠨ ᠶᠡᠭᠡ ᠠᠵᠤ ᠦᠶᠯᠡᠰ》 ᠲᠤ ᠠᠩᠬᠠᠷᠤᠯ ᠢᠶᠠᠨ ᠲᠥᠪᠯᠡᠷᠡᠭᠦᠯᠦᠨ ᠠᠷᠠᠯᠵᠢᠶᠠᠴᠢᠨ ᠤᠷᠢᠬᠤ ᠶᠢ ᠠᠳᠬᠤᠵᠤ ᠬᠥᠭᠵᠢᠯᠲᠡ ᠶᠢ ᠡᠷᠢᠯᠬᠢᠯᠡᠵᠦ᠂ ᠪᠠᠯᠠ ᠮᠥᠩᠭᠦ᠂ ᠭᠠᠵᠠᠷ ᠰᠢᠷᠣᠶ᠂ ᠤᠰᠤ ᠴᠠᠬᠢᠯᠭᠠᠨ ᠤ ᠡᠯᠧᠮᠧᠨ᠋ᠲ ᠤᠨ ᠬᠢᠵᠠᠭᠠᠷᠯᠠᠯ ᠢ ᠪᠥᠬᠦ ᠬᠦᠴᠦᠨ ᠢᠶᠠᠷ ᠢᠶᠠᠨ ᠰᠢᠶᠳᠪᠦᠷᠢᠯᠡᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠶᠯᠡᠰ ᠤᠨ 19 ᠲᠥᠷᠥᠯ ᠵᠦᠶᠯ ᠢ ᠰᠢᠨ᠎ᠡ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 40.18 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠰᠢᠨ᠎ᠡ ᠪᠠᠷ ᠨᠡᠮᠡᠭᠳᠡᠭᠦᠯᠪᠡ᠃ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ(ᠬᠢᠵᠠᠭᠠᠷᠯᠠᠬᠰᠠᠨ ᠲᠤᠭ᠎ᠠ ᠠᠴᠠ ᠳᠡᠭᠡᠭᠰᠢᠬᠢ)ᠠᠵᠤ ᠠᠬᠤᠶᠢᠯᠠᠯ ᠢ 35 ᠰᠢᠨ᠎ᠡ ᠪᠠᠷ ᠨᠡᠮᠡᠭᠳᠡᠭᠦᠯᠵᠦ᠂ ᠡᠵᠡᠩᠨᠡᠯᠲᠡ ᠶᠢᠨ ᠣᠷᠣᠯᠭ᠎ᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠪᠡ᠃ ᠲᠦᠩ ᠸᠧᠢ ᠶᠢᠨ ᠬᠤᠶᠠᠳᠤᠭᠠᠷ ᠬᠤᠭᠤᠴᠠᠭ᠎ᠠ᠂ ᠮᠧᠢ ᠺᠧ ᠶᠢᠨ ᠬᠤᠶᠠᠳᠤᠭᠠᠷ ᠬᠤᠭᠤᠴᠠᠭ᠎ᠠ ᠵᠡᠷᠭᠡ ᠨᠢᠭᠡ ᠪᠦᠯᠦᠭ ᠴᠢᠬᠤᠯᠠ ᠶᠡᠭᠡ ᠲᠥᠷᠦᠯ ᠵᠦᠢᠯ ᠠᠰᠢᠭᠯᠠᠯᠲᠠ ᠳᠤ ᠣᠷᠣᠵᠤ ᠦᠷ᠎ᠡ ᠠᠰᠢᠭ ᠡᠬᠦᠳᠴᠦ᠂ ᠲᠡᠮᠦᠷᠯᠢᠭ ᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠲᠤᠰᠢᠶᠠᠭᠰᠠᠨ ᠭᠠᠶᠢᠯᠢ 40.16 ᠳ᠋ᠦᠩᠰᠢᠭᠤᠷ ᠲᠥᠭᠦᠷᠢᠭ ᠲᠤ ᠬᠦᠷᠴᠦ᠂ ᠤᠶᠢᠷ᠎ᠠ ᠬᠠᠪᠢ ᠶᠢᠨ 1.82 ᠲᠦᠮᠡᠨ ᠬᠥᠮᠦᠨ ᠳᠤ ᠠᠵᠢᠯ ᠤᠯᠭᠤᠬᠤ ᠶᠢ ᠳᠠᠶᠢᠴᠢᠯᠠᠵᠤ᠂ ᠠᠵᠤ ᠦᠢᠯᠡᠰ ᠤᠨ ᠲᠦᠷᠭᠡᠨ ᠬᠥᠭᠵᠢᠯᠲᠡ ᠨᠢ ᠦᠨᠡᠨ ᠪᠣᠳᠠᠲᠠᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ  ᠪᠤᠯᠵᠤ ᠬᠤᠪᠢᠷᠠᠵᠠᠢ᠃ ᠨᠢᠭᠡ ᠵᠢᠯ ᠤᠨ ᠲᠤᠷᠰᠢ᠂ ᠪᠢᠳᠡ ᠨᠢᠭᠡ ᠪᠦᠯᠦᠭ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠲᠣᠬᠢᠲᠠᠶ ᠰᠢᠶᠳᠪᠦᠷᠢᠯᠡᠵᠦ᠂ ᠲᠤᠭᠤᠷᠢᠭ ᠤᠨ ᠬᠤᠶᠢᠳᠤ ᠬᠡᠰᠡᠭ ᠤᠨ ᠨᠤᠷᠠᠭᠠᠵᠤ ᠨᠡᠭᠦᠯᠭᠡᠬᠦ᠂ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢ ᠨᠢᠭᠡᠳᠦᠯᠲᠡᠶ ᠲᠦᠯᠦᠪᠵᠢᠬᠦᠯᠦᠨ ᠳᠥᠯᠥᠵᠦ᠂ 5234 ᠰᠠᠭᠤᠷᠢ ᠦᠪᠡᠷᠳᠡᠭᠡᠨ ᠪᠠᠷᠢᠭᠰᠠᠨ ᠬᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠬᠢᠨᠠᠨ ᠲᠣᠭᠲᠠᠭᠠᠬᠤ ᠠᠵᠢᠯ ᠢ ᠪᠡᠶᠡᠯᠡᠭᠦᠯᠵᠦ᠂ 1.18 ᠲᠦᠮᠡᠨ ᠡᠷᠦᠬᠡ ᠣᠯᠠᠨ ᠲᠦᠮᠡᠨ ᠳᠤ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠳᠡᠩᠰᠡᠯᠡᠯᠲᠡ ᠬᠢᠵᠦ ᠦᠭᠴᠦ᠂ ᠠᠷᠠᠳ ᠣᠯᠠᠨ ᠤ ᠠᠮᠤᠷ ᠵᠢᠮᠤᠷ ᠠᠵᠤ ᠲᠦᠷᠦᠭᠦ ᠶᠢ ᠦᠨᠡᠨ ᠬᠦ ᠪᠠᠲᠤᠯᠠᠪᠠ᠃ ᠪᠢᠳᠠ《 ᠲᠠᠪᠤ ᠶᠢ ᠲᠤᠶᠢᠯᠪᠦᠷᠢᠲᠠᠢ ᠪᠠᠶᠢᠴᠠᠭᠠᠬᠤ》ᠠᠵᠢᠯᠯᠠᠭ᠎ᠠ ᠶᠢ ᠡᠮᠬᠢ ᠴᠡᠭᠴᠡ ᠲᠠᠢ ᠬᠡᠷᠡᠭᠵᠢᠭᠦᠯᠵᠦ᠂ 938 ᠲᠥᠷᠦᠯ ᠵᠦᠢᠯ ᠢ ᠪᠦᠬᠦ ᠲᠠᠯ᠎ᠠ ᠪᠠᠷ ᠲᠤᠶᠢᠯᠪᠦᠷᠢᠲᠠᠢ ᠪᠠᠶᠢᠴᠠᠭᠠᠨ᠂ ᠬᠤᠲᠠ ᠶᠢᠨ ᠲᠡᠰ ᠤᠨ ᠵᠦᠪᠰᠢᠶᠡᠷᠡᠭᠦᠯᠬᠦ ᠪᠠᠷ ᠪᠠᠶᠢᠭ᠎ᠠ ᠡᠬᠡ ᠳᠠᠩᠰᠠᠨ ᠳᠤ 23 ᠶᠢ ᠵᠢᠭᠰᠠᠭᠠᠨ ᠣᠷᠣᠭᠤᠯᠵᠤ᠂ 28.25 ᠾᠧᠺᠲ᠋ᠠᠷ《ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ》ᠭᠠᠵᠠᠷ ᠰᠢᠷᠣᠢ᠂ 16.05 ᠾᠧᠺᠲ᠋ᠠᠷ《ᠰᠤᠯᠠ  ᠪᠠᠶᠢᠭ᠎ᠠ ᠭᠠᠵᠠᠷ ᠰᠢᠷᠣᠢ》 ᠶᠢ ᠠᠮᠢᠳᠤᠯᠢᠭᠵᠢᠭᠤᠯᠵᠤ᠂ 0.14 ᠳ᠋ᠦᠩᠰᠢᠭᠤᠷ ᠲᠥᠭᠦᠷᠢᠭ ᠤᠨ ᠲᠤᠨᠤᠮᠠᠯ ᠪᠡᠯᠡ ᠮᠦᠩᠭᠦ ᠶᠢ ᠬᠤᠷᠢᠶᠠᠨ ᠠᠪᠴᠢᠷᠠᠵᠤ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠢᠯᠡᠳᠲᠡ ᠳᠡᠭᠡᠭᠰᠢᠯᠡᠪᠡ᠃ ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠢ ᠰᠡᠷᠭᠡᠶᠢᠯᠡᠬᠦ ᠪᠠ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠨ᠂ ᠡᠪᠡᠳᠴᠢᠨ ᠦᠵᠡᠭᠦᠯᠬᠦ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠤᠭᠤᠴᠠᠭᠠᠨ ᠳᠤ ᠡᠪᠡᠳᠴᠢᠨ ᠨᠢ ᠬᠦᠨᠳᠦᠷᠡᠭᠰᠡᠨ ᠰᠠᠭᠤᠭᠠᠯᠢ ᠠᠷᠠᠳ ᠢ ᠪᠡᠭᠡᠵᠢᠩ ᠳᠤ ᠰᠢᠯᠵᠢᠭᠦᠯᠦᠨ ᠠᠪᠠᠴᠢᠵᠤ ᠠᠪᠤᠷᠠᠨ ᠡᠮᠨᠡᠬᠦᠯᠵᠤ᠂ ᠪᠥᠬᠦ ᠪᠤᠭᠤᠲᠤ ᠬᠤᠲᠠ ᠶᠢᠨ ᠬᠠᠮᠤᠭ ᠤᠨ ᠶᠡᠭᠡ ᠪᠥᠭᠡᠮ ᠬᠦᠴᠢᠯ ᠤᠨ  ᠪᠠᠶᠢᠴᠠᠭᠠᠯᠲᠠ ᠶᠢᠨ ᠪᠠᠶᠢᠭᠤᠯᠤᠮᠵᠢ ᠶᠢ ᠪᠠᠶᠢᠭᠤᠯᠪᠠ᠃ ᠭᠤᠷᠪᠠᠨ ᠡᠳᠦᠷ ᠲᠤ ᠬᠤᠶᠠᠳᠤᠭᠠᠷ ᠡᠭᠡᠯᠵᠢ ᠶᠢᠨ ᠬᠢᠵᠢᠭ ᠤᠨ ᠪᠠᠶᠢᠳᠠᠯ ᠤᠨ ᠨᠡᠶᠢᠭᠡᠮ ᠲᠡᠭᠡᠷᠡᠬᠢ ᠡᠪᠡᠳᠴᠢᠨ ᠤ ᠵᠢᠱᠢᠶ᠎ᠡ ᠶᠢ ᠦᠭᠡᠢ ᠪᠤᠯᠭᠠᠵᠤ᠂ ᠭᠤᠷᠪᠠᠨ ᠡᠭᠡᠯᠵᠢ ᠶᠢᠨ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠲᠣᠬᠢᠲᠠᠶ ᠰᠢᠶᠳᠪᠦᠷᠢᠯᠡᠵᠦ᠂ ᠪᠥᠬᠦ ᠠᠷᠠᠳ ᠤᠨ ᠪᠣᠯᠣᠳ ᠲᠡᠮᠦᠷ ᠮᠡᠳᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ 1800 ᠭᠠᠷᠤᠢ ᠣᠶᠤᠲᠠᠨ ᠢ  ᠬᠠᠯᠠᠭᠤᠨ ᠢᠶᠠᠷ ᠬᠦᠯᠢᠶᠡᠨ ᠠᠪᠴᠤ ᠰᠢᠯᠵᠢᠭᠦᠯᠦᠨ  ᠲᠤᠰᠠᠭᠠᠷᠯᠠᠨ ᠡᠮᠨᠡᠭᠦᠯᠵᠦ᠂   ᠬᠦᠬᠡᠬᠤᠲᠠ ᠠᠴᠠ ᠬᠦᠨᠳᠡᠯᠡᠨ ᠲᠤᠭᠤᠷᠢᠭ ᠲᠤ ᠪᠤᠴᠠᠭᠰᠠᠨ 8000 ᠭᠠᠷᠤᠢ ᠤᠶᠤᠲᠠᠳ ᠢ ᠰᠡᠳᠬᠢᠯ ᠲᠠᠯᠪᠢᠨ ᠬᠠᠯᠠᠭᠤᠨ ᠢᠶᠠᠷ ᠬᠦᠯᠢᠶᠡᠨ ᠠᠪᠤᠪᠠ᠃ ᠰᠢᠨ᠎ᠡ ᠥᠷᠢᠰᠥᠯᠳᠦᠭᠡᠨ ᠤ ᠡᠮᠦᠨ᠎ᠡ᠂ ᠪᠢᠳᠡ ᠪᠥᠬᠦ ᠲᠤᠭᠤᠷᠢᠭ ᠢ ᠬᠠᠮᠤᠷᠤᠭᠰᠠᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠲᠠᠰ ᠬᠤᠪᠢᠶᠠᠨ ᠲᠥᠷᠥᠯ ᠬᠤᠪᠢᠶᠠᠵᠤ ᠣᠨᠣᠰᠢᠯᠠᠨ ᠵᠠᠰᠠᠬᠤ ᠰᠢᠰᠲ᠋ᠧᠮ ᠪᠠ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠬᠦ ᠲᠣᠭᠲᠠᠴᠠ ᠶᠢ ᠲᠡᠷᠡ ᠲᠤᠤᠷ᠎ᠠ ᠨᠢ ᠪᠠᠶᠢᠭᠤᠯᠵᠤ᠂ ᠬᠠᠯᠠᠭᠤᠷᠠᠬᠰᠠᠨ ᠡᠪᠡᠳᠴᠢᠳᠠᠨ ᠢ ᠬᠦᠯᠢᠶᠡᠨ ᠠᠪᠬᠤ ᠡᠭᠦᠳᠡᠨ ᠡᠮᠨᠡᠯᠭᠡ ᠶᠢ  ᠲᠤᠬᠢᠷᠠᠭᠤᠯᠬᠤ ᠶᠤᠰᠤᠲᠠᠢ ᠶᠢ ᠨᠢ ᠪᠦᠬᠦᠨ ᠢ ᠲᠤᠬᠢᠷᠠᠭᠤᠯᠵᠤ᠂ ᠨᠡᠭᠡᠭᠡᠬᠦ ᠶᠤᠰᠤᠲᠠᠢ ᠶᠢ ᠨᠢ ᠪᠦᠬᠦᠨ ᠢ ᠨᠡᠭᠡᠭᠡᠵᠦ᠂ ᠬᠥᠨᠳᠡᠯᠡᠨ ᠲᠣᠭᠤᠷᠢᠭ ᠤᠨ ᠬᠤᠷᠳᠤᠴᠠ᠂ ᠬᠥᠨᠳᠡᠯᠡᠨ ᠲᠣᠭᠤᠷᠢᠭ ᠤᠨ ᠬᠠᠯᠠᠭᠤᠨ ᠳᠤᠯᠠᠭᠠᠨ᠂ ᠬᠥᠨᠳᠡᠯᠡᠨ ᠲᠣᠭᠤᠷᠢᠭ ᠤᠨ ᠠᠭᠤᠳᠠᠮᠴᠢ ᠪᠠᠭᠳᠠᠭᠠᠮᠵᠢ ᠶᠢ ᠭᠦᠶᠴᠡᠳ ᠢᠯᠡᠷᠡᠭᠦᠯᠵᠦ᠂ ᠣᠯᠠᠨ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠦᠴᠦᠲᠡᠶ ᠬᠠᠮᠠᠭᠠᠯᠠᠪᠠ᠃     ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠪᠢᠳᠡ ᠭᠠᠳᠠᠭᠠᠳᠤ ᠣᠷᠴᠢᠨ ᠠᠴᠠ ᠪᠣᠯᠤᠭᠰᠠᠨ ᠥᠷᠢᠰᠥᠯᠳᠦᠭᠡᠨ ᠢ ᠢᠳᠡᠪᠬᠢᠲᠡᠶ ᠠᠷᠭᠠᠴᠠᠭᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠳᠠᠯᠳᠠ ᠭᠡᠮ ᠢ ᠲᠣᠬᠢᠲᠠᠶ ᠠᠷᠢᠯᠭᠠᠵᠤ᠂ ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠵᠦ᠂ ᠣᠯᠤᠭᠰᠠᠨ ᠠᠮᠵᠢᠯᠲᠠ ᠪᠦᠲᠦᠮᠵᠢ ᠨᠢ ᠦᠨᠡᠬᠡᠷ ᠬᠢᠯᠪᠠᠷ ᠪᠤᠰᠤ ᠪᠥᠭᠡᠳ ᠬᠤᠷᠠᠮᠳᠤᠭᠤᠯᠤᠭᠰᠠᠨ ᠲᠤᠷᠰᠢᠯᠭ᠎ᠠ ᠨᠢ ᠲᠦᠢᠯ ᠤᠨ ᠡᠷᠬᠢᠮ ᠨᠠᠨᠳᠢᠨ ᠶᠤᠮ᠃ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠶᠳᠪᠦᠷᠢᠲᠦ ᠪᠣᠳᠣᠯᠭ᠎ᠠ  ᠶᠢ ᠡᠷᠡᠰ ᠨᠠᠶᠢᠳᠠᠪᠦᠷᠢᠵᠢᠭᠤᠯᠤᠭᠰᠠᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠭᠰᠠᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠭᠰᠠᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠶ ᠬᠠᠪᠰᠤᠷᠤᠯᠭ᠎ᠠ ᠲᠡᠮᠵᠢᠯᠬᠡ ᠶᠢᠨ ᠦᠷ᠎ᠡ ᠳ᠋ᠦᠩ ᠮᠥᠨ᠂ ᠨᠠᠩ ᠴᠤ ᠪᠥᠬᠦ ᠲᠤᠭᠤᠷᠢᠭ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ ᠂ ᠰᠢᠷᠭᠠᠭᠤ ᠠᠵᠢᠯᠯᠠᠵᠤ ᠪᠣᠳᠠᠲᠠᠶ ᠠᠵᠢᠯᠯᠠᠭᠰᠠᠨ ᠤ ᠦᠷ᠎ᠡ ᠳ᠋ᠦᠩ ᠮᠥᠨ ᠭᠡᠳᠡᠭ ᠢ ᠪᠢᠳᠡ ᠭᠦᠨᠵᠡᠭᠡᠶ ᠣᠶᠢᠯᠠᠭᠠᠨ ᠮᠡᠳᠡᠷᠡᠵᠡᠢ᠃ ᠠᠳᠡ ᠪᠢ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠮᠠᠨ ᠤ ᠲᠤᠭᠤᠷᠢᠭ ᠲᠤ ᠰᠠᠭᠤᠭ᠎ᠠ ᠴᠡᠷᠢᠭ ᠠᠩᠭᠢ ᠪᠣᠯᠤᠨ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕     ᠲᠥᠯᠥᠭᠡᠯᠡᠭᠴᠢᠳ ᠡ᠂ ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠳᠠᠭᠠᠨ ᠵᠦᠪ ᠢᠶᠠᠷ ᠬᠠᠨᠳᠤᠬᠤ ᠬᠡᠷᠡᠭᠳᠡᠢ᠂ ᠭᠤᠣᠯᠳᠠᠭᠤ᠄ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠡᠭᠦᠷᠭᠡ ᠬᠠᠲᠠᠭᠤ ᠪᠡᠷᠬᠡᠰᠢᠶᠡᠯᠲᠡᠢ᠂ ᠠᠵᠤ ᠦᠢᠯᠡᠰ ᠤᠨ ᠬᠥᠭᠵᠢᠯᠲᠡ ᠶᠢᠨ ᠡᠬᠢ ᠪᠠᠶᠠᠯᠢᠭ ᠤᠨ ᠡᠯᠧᠮᠧᠨ᠋ᠲ ᠤᠨ ᠣᠷᠣᠭᠤᠯᠤᠯᠲᠠ ᠶᠢᠨ ᠬᠤᠷᠣᠭᠳᠠᠭᠤᠯᠤᠯ ᠨᠡᠯᠢᠶᠡᠳ ᠶᠡᠭᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠡᠯ᠎ᠡ ᠲᠥᠷᠥᠯ ᠤᠨ ᠠᠵᠤ ᠦᠢᠯᠡᠰ ᠤᠨ ᠪᠦᠯᠦᠭᠵᠢᠯ ᠤᠨ ᠪᠣᠯᠪᠠᠰᠤᠷᠠᠭᠰᠠᠨ ᠬᠡᠮᠵᠢᠶ᠎ᠡ ᠬᠦᠷᠦᠯᠴᠡᠬᠦ ᠦᠭᠡᠢ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠮᠥᠨ ᠨᠡᠯᠢᠶᠡᠳ ᠶᠡᠭᠡ ᠳᠡᠭᠡᠭᠰᠢᠯᠡᠬᠦ ᠣᠷᠣᠨ ᠵᠠᠢ ᠲᠠᠢ ᠪᠠᠶᠢᠨ᠎ᠠ᠃ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠲᠠᠭᠠᠭᠠᠴᠠ ᠶᠢᠨ ᠴᠢᠳᠠᠪᠤᠷᠢ ᠪᠠ ᠬᠥᠭᠵᠢᠯᠲᠡ ᠶᠢᠨ ᠣᠷᠣᠨ ᠵᠠᠶ ᠶᠢ ᠪᠠᠴᠢᠮ ᠥᠷᠭᠡᠳᠬᠡᠬᠦ ᠴᠢᠬᠤᠯᠠᠲᠠᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠤ ᠲᠤᠯᠭᠠᠭᠤᠷᠢᠯᠠᠬᠤ ᠴᠢᠳᠠᠪᠤᠷᠢ ᠬᠠᠷᠢᠴᠠᠩᠭᠤᠶ ᠪᠠᠭᠤᠷᠠᠶ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠬᠠᠮᠤᠭ ᠤᠨ ᠰᠢᠯᠢᠳᠡᠭ ᠪᠠᠶᠢᠳᠠᠯ ᠳᠤ ᠬᠦᠷᠴᠦ ᠲᠡᠶᠢᠯᠦᠭᠡᠳᠦᠢ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠲᠦᠮᠵᠢ ᠦᠢᠯᠡᠳᠦᠯ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠶ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠬᠦ ᠲᠣᠪᠤᠶᠢᠮ᠎ᠠ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠬᠤ ᠵᠡᠷᠭᠡ ᠲᠠᠯ᠎ᠠ ᠪᠠᠷ ᠢᠯᠡᠷᠡᠵᠦ ᠪᠠᠶᠢᠨ᠎ᠠ᠃ ᠡᠳᠡᠭᠡᠷ ᠠᠰᠠᠭᠤᠳᠠᠯ ᠤᠨ ᠵᠠᠷᠢᠮ ᠢ ᠨᠢ ᠳᠠᠷᠦ᠋ᠢᠬᠠᠨ ᠰᠢᠪᠳᠤᠯᠤᠯᠳᠠ ᠬᠢᠵᠤ ᠰᠢᠢᠳᠪᠦᠷᠢᠯᠡᠬᠦ ᠴᠢᠬᠤᠯᠠᠳᠠᠢ᠂ ᠵᠠᠷᠢᠮ ᠢ ᠨᠢ ᠤᠷᠳᠤ ᠬᠤᠭᠤᠴᠠᠭ᠎ᠠ ᠪᠠᠷ ᠤᠳᠠᠭᠠᠨ ᠲᠠᠭᠠᠭᠠᠮᠠᠢ ᠬᠢᠬᠦ ᠬᠡᠷᠡᠭᠲᠡᠢ᠃ ᠡᠭᠦᠨ ᠤ ᠲᠤᠬᠠᠢ ᠪᠢᠳᠡ ᠲᠠᠷᠠᠭᠠᠴᠢ ᠶᠢᠨ ᠠᠵᠢᠯ ᠤᠨ ᠳᠤᠮᠳᠠ ᠪᠠᠨ ᠭᠦᠨᠵᠡᠭᠡᠢ ᠰᠤᠳᠤᠯᠵᠤ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠪᠣᠯᠤᠨ᠎ᠠ᠃          ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ      ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠬᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠣᠯᠤᠨ᠎ᠠ᠃ ᠪᠦᠬᠦ ᠲᠤᠭᠤᠷᠢᠭ ᠤᠨ ᠡᠯ᠎ᠡ ᠱᠠᠲᠤᠨ ᠤ ᠺᠠᠳ᠋ᠷ ᠤᠯᠠᠨ ᠲᠦᠮᠡᠨ ᠰᠢᠨ᠎ᠡ ᠲᠡᠦᠬᠡ ᠶᠢᠨ ᠣᠷᠣᠨ ᠪᠠᠶᠢᠷᠢ ᠳᠤ ᠵᠣᠭᠰᠣᠵᠤ᠂ ᠨᠡᠩ ᠥᠷᠭᠡᠨ ᠬᠠᠷᠠᠭᠠᠰᠤ᠂ ᠨᠡᠩ ᠥᠨᠳᠥᠷ ᠬᠠᠷᠠᠯᠲᠠ ᠱᠠᠭᠠᠷᠳᠠᠯᠭ᠎ᠠ᠂ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠥᠭᠵᠢᠯᠲᠡ ᠶᠢ ᠠᠬᠢᠭᠤᠯᠵᠤ᠂ ᠲᠠᠪᠰᠢᠯᠳᠠ ᠶᠢ ᠡᠷᠢᠯᠬᠢᠯᠡᠬᠦ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠶᠢᠨ ᠪᠤᠭᠤᠲᠤ ᠬᠤᠲᠠ ᠶᠢᠨ ᠲᠤᠬᠠᠢ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠪᠡᠶᠡᠯᠡᠬᠦᠯᠬᠦ ᠳᠤ ᠠᠩᠬᠠᠷᠤᠯ ᠢᠶᠠᠨ ᠲᠦᠪᠯᠡᠷᠡᠬᠦᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠬᠦᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠠᠨ ᠪᠣᠯᠭᠠᠵᠤ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠨᠢᠭᠡ ᠭᠤᠤᠯᠯᠠᠬᠴᠢ ᠬᠤᠶᠠᠷ ᠬᠦᠷᠢᠶᠡᠯᠡᠩ᠂ ᠬᠤᠶᠠᠷ ᠬᠡᠯᠬᠢᠶ᠎ᠡ ᠳᠥᠷᠪᠡᠨ ᠪᠦᠯᠦᠭᠵᠢᠯ︾ ᠤᠨ ᠠᠵᠤ ᠦᠶᠯᠡᠰ ᠤᠨ ᠬᠥᠭᠵᠢᠯᠲᠡ ᠶᠢᠨ ᠰᠡᠳᠬᠢᠮᠵᠢ ᠶᠢ ᠨᠡᠶᠢᠳᠡᠪᠦᠷᠢᠵᠢᠭᠤᠯᠵᠤ᠂ ᠨᠡᠡᠮᠭᠳᠡᠯ ᠢ ᠲᠣᠭᠲᠠᠭᠤᠨ ᠪᠠᠶᠢᠯᠭᠠᠬᠤ᠂ ᠠᠵᠢᠯ ᠤᠯᠭᠤᠯᠳᠠ ᠶᠢ ᠲᠤᠬᠳᠠᠭᠤᠨ ᠪᠠᠶᠢᠯᠭᠠᠵᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠤᠪᠤᠶᠢᠯᠭᠠᠨ ᠰᠠᠶᠢᠳᠤᠷ ᠬᠢᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠵᠤ᠂ ᠥᠪᠡᠷᠲᠡᠭᠡᠨ ᠵᠠᠰᠠᠬᠤ ᠣᠷᠣᠨ ᠤ ᠭᠤᠤᠯ ᠬᠤᠲᠠ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠪᠣᠯᠬᠤ ᠪᠠᠷ ᠲᠠᠮᠡᠴᠡᠬᠦ ᠰᠢᠯᠭᠠᠯᠲᠠ ᠳᠤ ᠤᠷᠤᠯᠴᠠᠬᠤ ᠵᠠᠮ ᠳᠤ ᠰᠢᠯᠢᠳᠡᠭ ᠬᠢᠷᠢ ᠪᠦᠳᠦᠮᠵᠢ ᠪᠦᠬᠦᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃   ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠠᠳ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 8% ᠣᠷᠴᠢᠮ ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 14% ᠣᠷᠴᠢᠮ ᠢᠶᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠦᠩᠬᠡᠶ ᠬᠡᠮᠵᠢᠶ᠎ᠡ ᠶᠢ 8% ᠣᠷᠴᠢᠮ ᠢᠶᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 8% ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠠᠯᠬᠤᠮ ᠳᠤ ᠪᠠᠶᠢᠯᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠬᠰᠠᠨ ᠠᠵᠢᠯ ᠠᠯᠳᠠᠯᠲᠠ ᠶᠢᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃  ᠶᠡᠷᠦᠩᠬᠡᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠡ᠄    ︵ᠨᠢᠭᠡ︶ ᠲᠣᠭᠲᠠᠭᠤᠨ ᠤ ᠳᠤᠮᠳᠠ ᠤᠷᠤᠬᠰᠢᠯᠠᠨ ᠲᠠᠪᠰᠢᠵᠤ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠰᠢᠨ᠎ᠡ ᠲᠠᠪᠠᠯᠳᠠ ᠲᠠᠢ ᠪᠣᠯᠭᠠᠬᠤ ᠶᠢ ᠠᠬᠢᠭᠤᠯᠤᠨ᠎ᠠ᠃ ᠪᠡᠯᠡ ᠣᠷᠣᠭᠤᠯᠤᠯᠲᠠ ᠶᠢ ᠨᠡᠮᠡᠭᠳᠡᠭᠦᠯᠦᠨ ᠬᠡᠷᠡᠭᠯᠡᠭᠡ ᠶᠢ ᠥᠷᠭᠡᠳᠬᠡᠬᠦ ᠪᠠᠷ ᠭᠠᠷᠳᠠᠴᠠ ᠪᠣᠯᠭᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠤᠳᠤᠯᠭ᠎ᠠ ᠶᠢᠨ ᠦᠨᠳᠦᠰᠦᠨ ᠴᠡᠭ ᠢ ᠪᠠᠷᠢᠮᠲᠠᠯᠠᠨ᠂ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠭᠡ ᠪᠠᠷ ᠨᠡᠮᠡᠭᠳᠡᠭᠦᠯᠦᠨ᠂ ᠬᠡᠷᠡᠭᠯᠡᠭᠡ ᠶᠢᠨ ᠰᠡᠷᠬᠦᠬᠦ ᠶᠢ ᠲᠦᠷᠭᠡᠳᠭᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠬᠠᠳᠠᠭᠠᠯᠠᠨ ᠬᠦᠴᠦᠨ ᠬᠤᠷᠠᠮᠳᠤᠭᠤᠯᠵᠤ᠂  ᠰᠠᠭᠤᠷᠢ ᠶᠢ ᠪᠠᠳᠤᠳᠬᠠᠨ ᠦᠨᠳᠦᠰᠦ ᠶᠢ ᠪᠠᠬᠢᠵᠢᠬᠦᠯᠵᠤ ᠦᠭᠬᠦᠨ᠎ᠠ᠃    ᠨᠢᠭᠡ ᠳᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠪᠤᠳᠠᠳᠠᠢ ᠠᠳᠬᠤᠨ᠎ᠠ᠃ ︽ᠬᠤᠶᠠᠷ ᠰᠢᠨ᠎ᠡ︾  ᠪᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ ᠲᠥᠷᠥᠯ ᠵᠦᠶᠯ ᠢ ᠠᠳᠬᠤᠨ᠎ᠠ᠃ ᠬᠡᠮᠵᠢᠶ᠎ᠡ ᠶᠢ ᠨᠡᠮᠡᠭᠳᠡᠭᠦᠯᠬᠦ ᠦᠵᠡᠯ ᠤᠬᠠᠮᠰᠠᠷ ᠢ ᠪᠠᠲᠤ ᠪᠣᠶ ᠪᠣᠯᠭᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ 5000 ᠲᠦᠮᠡᠨ ᠲᠥᠭᠦᠷᠢᠭ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ 80 ᠲᠥᠷᠥᠯ ᠵᠦᠢᠯ ︵ᠡᠭᠦᠨ ᠳᠤ ᠰᠢᠨ᠎ᠡ ᠪᠠᠷ ᠪᠦᠳᠦᠬᠡᠨ ᠪᠠᠶᠢᠭᠤᠯᠬᠤ ᠲᠥᠷᠥᠯ ᠵᠦᠢᠯ 44᠂ ᠦᠷᠭᠦᠯᠵᠢᠯᠡᠨ ᠪᠦᠳᠦᠬᠡᠨ ᠪᠠᠶᠢᠭᠤᠯᠬᠤ ᠲᠥᠷᠥᠯ ᠵᠦᠢᠯ 36︶ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠡᠷᠦᠩᠬᠡᠶ ᠪᠡᠯᠡ ᠣᠷᠣᠭᠤᠯᠤᠯᠲᠠ ᠨᠢ 722 ᠳ᠋ᠦᠩᠰᠢᠭᠤᠷ ᠲᠥᠭᠦᠷᠢᠭ᠂ ᠲᠤᠰ ᠵᠢᠯ ᠳᠤ ᠪᠦᠳᠦᠬᠡᠨ ᠪᠠᠶᠢᠭᠤᠯᠵᠤ ᠳᠠᠭᠤᠰᠬᠠᠬᠤ ᠲᠥᠷᠥᠯ ᠵᠦᠢᠯ 39 ᠪᠠᠶᠢᠵᠤ᠂ 275.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠠᠵᠤ ᠦᠢᠯᠡᠰ ᠤᠨ ᠤᠬᠠᠮᠰᠠᠷ ᠢ ᠴᠢᠩᠭᠠᠳᠬᠠᠵᠤ ᠲᠥᠷᠥᠯ ᠵᠦᠢᠯ ᠢ ᠠᠳᠬᠤᠨ᠎ᠠ᠃ ︽ᠠᠵᠤ ᠦᠢᠯᠡᠰ ᠢᠶᠠᠷ ᠲᠤᠭᠤᠷᠢᠭ ᠢᠶᠠᠨ ᠮᠠᠨᠳᠤᠭᠤᠯᠬᠤ︾ ᠬᠥᠭᠵᠢᠯᠲᠡ ᠶᠢᠨ ᠤᠶᠢᠯᠠᠭᠠᠬᠳᠠᠬᠤᠨ ᠢ ᠪᠠᠷᠢᠮᠲᠠᠯᠠᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠠᠵᠤ ᠦᠢᠯᠡᠰ ᠤᠨ 57 ᠲᠥᠷᠥᠯ ᠵᠦᠢᠯ ᠶᠢ ᠬᠡᠷᠡᠭᠵᠢᠭᠦᠯᠵᠦ᠂ ᠸᠧᠢ ᠡᠯ ᠤᠨ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠭᠤᠤᠯ ᠢᠯᠳᠡᠰᠤ ᠶᠢᠨ ᠣᠶᠤᠨᠴᠢ ᠦᠢᠯᠡᠳᠬᠦ᠂ ᠰᠢᠨ ᠶᠤᠸᠠᠨ ᠤ ᠵᠢᠯ ᠳᠤ 10 ᠲᠦᠮᠡᠨ ᠲᠣᠨ ᠮᠥᠬᠦᠯᠢᠭᠲᠦ ᠴᠠᠬᠢᠭᠤᠷ ᠦᠢᠯᠡᠳᠪᠦᠷᠢᠯᠡᠬᠦ᠂ ᠮᠧᠢ ᠺᠧ ᠶᠢᠨ ᠭᠤᠷᠪᠠᠳᠤᠭᠠᠷ ᠬᠤᠭᠤᠴᠠᠭᠠᠨ ᠤ 20GW ᠤᠨ ᠳᠠᠩ ᠲᠠᠯᠠᠰᠲᠤ ᠤᠳᠠᠰᠤ ᠲᠠᠳᠠᠬᠤ ᠮᠤᠨᠠ ᠵᠡᠷᠭᠡ 29 ᠠᠵᠤ ᠦᠢᠯᠡᠰ ᠤᠨ ᠲᠥᠷᠥᠯ ᠵᠦᠢᠯ ᠢ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠤᠷᠤᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ 10 ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ 106 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠰᠢᠨ᠎ᠡ ᠪᠠᠷ ᠨᠡᠮᠡᠭᠳᠡᠭᠦᠯᠬᠦ ᠶᠢ ᠪᠡᠶᠡᠯᠡᠬᠦᠯᠵᠤ᠂ ᠠᠵᠤ ᠦᠶᠯᠡᠳᠪᠦᠷᠢ ᠶᠢᠨ ᠪᠡᠯᠡ ᠣᠷᠣᠭᠤᠯᠤᠯᠲᠠ ᠶᠢᠨ ᠦᠨᠳᠦᠰᠦᠨ ᠪᠠᠶᠢᠳᠠᠯ ᠢ ᠦᠨᠡᠨᠬᠦ ᠲᠣᠭᠲᠠᠪᠤᠷᠢᠵᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ ᠲᠥᠷᠥᠯ ᠵᠦᠶᠯ ᠢ ᠠᠳᠬᠤᠨ᠎ᠠ᠃ ᠲᠥᠷᠦᠯ ᠵᠦᠢᠯ ᠢ ᠰᠦᠪᠡᠭᠴᠢᠯᠡᠨ ᠨᠥᠭᠡᠴᠡᠯᠡᠬᠦ ᠠᠵᠢᠯ ᠢ ᠪᠠᠲᠤᠲᠠᠢ ᠬᠢᠵᠦ᠂ ︽ᠭᠤᠷᠪᠠ ᠶᠢ ᠲᠡᠮᠡᠴᠡᠬᠦ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠶᠢᠨ ᠲᠥᠷᠦᠯ ᠵᠦᠢᠯ 106᠂ ᠣᠷᠣᠨ ᠨᠤᠲᠤᠭ ᠤᠨ ᠵᠠᠰᠠᠭ  ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠦᠯ ᠵᠦᠢᠯ 47 ᠶᠢ ᠲᠡᠮᠡᠴᠡᠨ ᠤᠯᠵᠤ ᠨᠦᠬᠡᠴᠡᠯᠡᠨ᠎ᠡ᠃ ᠦᠶᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ ᠲᠥᠷᠥᠯ ᠵᠦᠶᠯ ᠢ ᠠᠳᠬᠤᠨ᠎ᠡ᠃ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠵᠥᠪᠳᠡᠯᠴᠡᠬᠦ ᠲᠣᠭᠲᠠᠴᠠ ᠶᠢ ᠪᠦᠷᠢᠨᠰᠢᠭᠦᠯᠵᠦ᠂ ᠲᠥᠷᠥᠯ ᠵᠦᠶᠯ ᠢ ᠵᠥᠪᠳᠡᠯᠴᠡᠬᠦ᠂ ᠭᠡᠷ᠎ᠡ ᠲᠣᠭᠲᠠᠬᠤ᠂ ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠬᠦ᠂ ᠠᠰᠢᠭᠯᠠᠯᠲᠠ ᠳᠤ ᠣᠷᠣᠭᠤᠯᠬᠤ ᠪᠥᠬᠦ ᠶᠠᠪᠤᠴᠠ ᠶᠢᠨ ᠦᠶᠯᠡᠴᠢᠯᠡᠭᠡ ᠶᠢ ᠪᠣᠳᠠᠲᠠᠶᠢᠵᠢᠭᠤᠯᠵᠤ᠂ 2023 ᠣᠨ ᠤ 3 ᠰᠠᠷ᠎ᠠ ᠶᠢᠨ ᠡᠴᠦᠰ ᠠᠴᠠ ᠡᠮᠦᠨ᠎ᠡ ᠦᠷᠭᠦᠯᠵᠢᠯᠡᠨ ᠪᠦᠳᠦᠬᠡᠨ ᠪᠠᠶᠢᠭᠤᠯᠬᠤ ᠲᠥᠷᠥᠯ ᠵᠦᠶᠯ ᠢ ᠪᠦᠬᠦᠨ ᠢ ᠠᠵᠢᠯ ᠰᠡᠷᠭᠦᠭᠡᠬᠦ ᠶᠢ ᠪᠠᠲᠤᠯᠠᠵᠤ᠂ 4 ᠰᠠᠷ᠎ᠠ ᠶᠢᠨ ᠡᠴᠦᠰ ᠠᠴᠠ ᠡᠮᠦᠨ᠎ᠡ ᠰᠢᠨ᠎ᠡ ᠪᠠᠷ ᠪᠦᠳᠦᠬᠡᠨ ᠪᠠᠶᠢᠭᠤᠯᠬᠤ ᠲᠥᠷᠥᠯ ᠵᠦᠶᠯ ᠢ ᠪᠦᠬᠦᠨ ᠢ ᠠᠵᠢᠯ ᠡᠬᠢᠯᠡᠭᠦᠯᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠎ᠡ᠃     ᠬᠤᠶᠠᠷ ᠲᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠴᠢᠨᠠᠷ ᠰᠠᠶᠢᠲᠠᠶ ᠬᠡᠷᠡᠭᠯᠡᠭᠡ ᠶᠢᠨ ᠬᠠᠩᠭᠠᠯᠭ᠎ᠠ ᠶᠢ ᠦᠷᠭᠦᠯᠵᠢᠯᠡᠨ ᠴᠢᠩᠭᠠᠳᠬᠠᠨ᠎ᠠ᠃ ᠬᠡᠷᠡᠭᠯᠡᠭᠡ ᠶᠢᠨ ᠲᠠᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ ᠤᠯᠤᠰ ᠤᠨ ᠡᠨᠧᠷᠭᠢ᠂ ᠶᠦᠩ ᠬᠤᠶ ᠵᠡᠷᠭᠡ ᠶᠡᠷᠦᠩᠬᠡᠶ ᠬᠡᠯᠲᠡᠰ ᠤᠨ ᠠᠵᠤ ᠠᠬᠤᠶ ᠶᠢᠨ ᠲᠥᠷᠥᠯ ᠵᠦᠶᠯ ᠤᠨ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥᠯ ᠲᠡᠮᠳᠡᠭᠳᠤ ᠠᠩᠬᠠᠨ ᠤ ᠳᠡᠯᠭᠡᠭᠦᠷ ᠢ 5 ᠣᠷᠣᠭᠤᠯᠤᠨ ᠠᠪᠴᠢᠷᠠᠨ᠎ᠠ᠃ ︽ᠰᠦᠯᠵᠢᠶᠡᠨ ᠲᠡᠭᠡᠷ᠎ᠡ ᠰᠢᠭᠤᠳ ᠨᠡᠪᠲᠡᠷᠡᠭᠦᠯᠭᠡ ᠶᠢᠨ ᠦᠷᠦᠬᠡ ᠶᠢᠨ ᠪᠣᠷᠣᠯᠠᠭᠤᠯᠭ᠎ᠠ ᠶᠢ ᠠᠬᠢᠭᠤᠯᠬᠤ᠂ ᠪᠣᠳᠠᠲᠤ ᠴᠣᠭᠴᠠ ᠶᠢᠨ ᠳᠡᠯᠭᠡᠭᠦᠷ ᠤᠨ ᠬᠡᠷᠡᠭᠯᠡᠭᠡ︾ ᠶᠢᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ ᠲᠣᠮᠣ ᠬᠡᠯᠪᠡᠷᠢ ᠶᠢᠨ ᠪᠠᠷᠠᠭᠠᠨ ᠤ ᠭᠦᠶᠯᠭᠡᠬᠡ ᠶᠢᠨ ᠠᠵᠤ ᠠᠬᠤᠶᠢᠯᠠᠯ᠂ ᠪᠦᠷᠢᠨ ᠪᠠᠷᠠᠭ᠎ᠠ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠲᠥᠷᠥᠯ ᠲᠡᠮᠳᠡᠭᠲᠦ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠬᠠᠩᠭᠠᠯᠭ᠎ᠠ ᠶᠢᠨ ᠬᠡᠯᠬᠢᠶ᠎ᠡ ᠶᠢ ᠳᠣᠷᠣᠭᠰᠢ ᠪᠠᠭᠤᠯᠭᠠᠵᠤ᠂ ᠮᠠᠰᠢᠨ ᠲᠡᠷᠭᠡᠨ ᠤ ᠬᠡᠷᠡᠭᠯᠡᠭᠡ ᠶᠢᠨ ᠨᠥᠬᠦᠪᠥᠷᠢ ᠦᠭᠬᠦ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠤᠲᠠ ᠬᠥᠳᠡᠭᠡ ᠶᠢᠨ ᠣᠯᠠᠨ ᠲᠦᠮᠡᠨ ᠤ ᠴᠢᠨᠠᠷ ᠰᠠᠶᠢᠲᠠᠶ ᠬᠡᠷᠡᠭᠯᠡᠭᠡ ᠶᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠡᠵᠡᠩᠨᠡᠯᠲᠡ ᠶᠢᠨ ᠪᠠᠶᠢᠳᠠᠯ ᠤᠨ ᠠᠭᠤᠰᠤᠯᠴᠠᠯ ᠢ ᠴᠢᠩᠭᠠᠳᠬᠠᠵᠤ ᠣᠨᠴᠠᠯᠢᠭᠲᠤ ᠬᠡᠷᠡᠭᠯᠡᠭᠡ ᠶᠢ ᠪᠤᠶᠢᠵᠢᠭᠤᠯᠤᠨ᠎ᠠ᠃ ᠪᠤᠭᠤᠳᠤ ᠶᠢᠨ ᠪᠦᠷᠢᠨ ᠪᠠᠷᠠᠭᠠᠳᠤ ᠶᠠᠪᠠᠭᠠᠨ ᠵᠡᠭᠡᠯᠢ ᠶᠢᠨ ᠣᠨᠴᠠᠯᠢᠭᠲᠤ ᠵᠡᠭᠡᠯᠢ ᠶᠢᠨ ᠲᠣᠭᠤᠷᠢᠭ ᠵᠡᠷᠭᠡ ︽ᠰᠥᠨᠢ ᠶᠢᠨ ᠪᠡᠯᠬᠡ ᠲᠡᠮᠳᠡᠭ ᠤᠨ ᠴᠢᠨᠡᠷᠳᠡᠢ ᠭᠠᠵᠠᠷ︾ ᠲᠤ ᠲᠦᠰᠢᠭᠯᠡᠨ᠂ ᠰᠥᠨᠢ ᠶᠢᠨ ᠠᠵᠤ ᠠᠬᠤᠢ ᠶᠢᠨ ᠬᠡᠷᠡᠭᠯᠡᠭᠡ ᠶᠢᠨ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠵᠤ᠂ ︽ᠣᠨᠴᠠᠯᠢᠭᠲᠤ ᠠᠮᠲᠠᠲᠤ ᠢᠳᠡᠭᠡᠨ᠂ ᠡᠷᠡᠭᠦᠯ ᠴᠢᠭᠢᠷᠠᠭ ᠪᠡᠶ᠎ᠡ ᠰᠤᠪᠢᠯᠠᠯᠲᠠ᠂ ᠰᠣᠶᠣᠯ ᠤᠨ ᠪᠡᠶᠡᠳᠡᠨ ᠣᠶᠢᠯᠠᠭᠠᠯᠲᠠ ︾ ᠵᠡᠷᠭᠡ ᠬᠡᠷᠡᠭᠯᠡᠭᠡ ᠶᠢᠨ ᠬᠡᠯᠬᠢᠶ᠎ᠡ ᠶᠢ ᠬᠦᠴᠦᠯᠡᠨ ᠪᠤᠢ ᠪᠣᠯᠭᠠᠵᠤ᠂ ᠬᠡᠷᠡᠭᠯᠡᠭᠡ ᠶᠢᠨ ᠬᠤᠯᠪᠣᠯᠳᠤᠬᠤ ᠬᠡᠮᠵᠢᠶ᠎ᠡ ᠪᠠ ᠡᠵᠡᠩᠨᠡᠯᠲᠡ ᠶᠢᠨ ᠬᠡᠯᠪᠡᠷᠢ ᠶᠢᠨ ᠨᠠᠶᠢᠳᠠᠬᠤ ᠴᠢᠨᠠᠷ ᠢ ᠳᠡᠭᠡᠭᠰᠢᠯᠡᠭᠦᠯᠦᠨ᠎ᠡ᠃ ᠬᠡᠷᠡᠭᠯᠡᠭᠡ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠤᠭᠤᠳᠤ ᠶᠢᠨ ᠪᠦᠷᠢᠨ ᠪᠠᠷᠠᠭᠠᠳᠤ ᠶᠠᠪᠠᠭᠠᠨ ᠵᠡᠬᠡᠯᠢ᠂ ᠦ᠋ ᠶᠤᠸᠠᠢ᠂ ᠱᠧᠨ ᠬᠤᠸᠠ ᠬᠤᠳᠠᠯᠳᠤᠭᠠᠨ ᠤ ᠲᠣᠭᠤᠷᠢᠭ ᠢ ᠳᠡᠰ ᠳᠡᠪᠰᠢᠭᠦᠯᠬᠦ ᠠᠵᠢᠯᠯᠠᠭ᠎ᠠ ᠶᠢ ᠡᠬᠢᠯᠡᠭᠦᠯᠵᠦ᠂ ᠱᠧᠨ ᠬᠤᠸᠠ ᠬᠠᠮ ᠳᠡᠯᠭᠡᠭᠦᠷ ᠵᠡᠷᠭᠡ ᠭᠤᠣᠯ ᠬᠦᠴᠦᠨ ᠪᠤᠯᠬᠤ ᠬᠤᠳᠠᠯᠳᠤᠭ᠎ᠠ ᠶᠢᠨ ᠡᠷᠦᠬᠡ ᠪᠠᠨ ᠰᠡᠬᠦᠵᠤ ᠡᠵᠡᠩᠨᠡᠯᠳᠡ ᠪᠠᠨ ᠡᠬᠢᠯᠡᠭᠦᠯᠬᠦ ᠶᠢ ᠠᠬᠢᠭᠤᠯᠵᠤ᠂ 5 ᠭᠠᠵᠠᠷ ᠲᠤ ᠨᠡᠶᠢᠭᠡᠮ ᠲᠣᠭᠤᠷᠢᠭ ᠤᠨ ︽ᠨᠢᠭᠡ ᠮᠥᠴᠡ︾ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠢ ᠪᠠᠶᠢᠭᠤᠯᠵᠤ᠂ ᠬᠤᠳᠠᠯᠳᠤᠭᠠᠨ ᠤ ᠬᠡᠷᠡᠭᠯᠡᠭᠡ ᠶᠢᠨ ᠣᠷᠣᠨ ᠵᠠᠢ ᠶᠢᠨ ᠲᠦᠷᠭᠡᠨ ᠬᠥᠭᠵᠢᠯᠲᠡ ᠶᠢ ᠠᠬᠢᠭᠤᠯᠤᠨ᠎ᠠ᠃    ᠭᠤᠷᠪᠠ ᠳᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠶᠢ ᠪᠦᠬᠦ ᠬᠦᠴᠦ ᠪᠠᠷ ᠢᠶᠠᠨ ᠴᠢᠩᠭᠠᠳᠬᠠᠨ᠎ᠠ᠃ ᠦᠵᠡᠯᠲᠡ ᠰᠡᠳᠬᠢᠬᠦᠢ ᠪᠠᠨ ᠰᠢᠨᠡᠳᠬᠡᠵᠦ ᠠᠷᠠᠯᠵᠢᠶᠠᠴᠢᠨ ᠤᠷᠢᠬᠤ ᠶᠢ ᠠᠳᠬᠤᠨ᠎ᠡ᠃ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠡᠷᠢᠬᠦᠨ ᠳᠤ ᠲᠠᠯᠪᠢᠬᠤ᠂ ᠦᠷ᠎ᠡ ᠠᠰᠢᠭ ᠢᠶᠠᠷ ᠤᠷᠢᠳᠠᠯ ᠪᠤᠯᠭᠠᠬᠤ ᠤᠶᠢᠯᠠᠭᠠᠬᠳᠠᠬᠤᠨ ᠢ ᠳᠣᠪᠤᠶᠢᠯᠭᠠᠨ᠂ ᠲᠠᠪᠴᠠᠩ ᠢᠶᠠᠷ ᠠᠷᠠᠯᠵᠢᠶᠠᠴᠢᠨ ᠤᠷᠢᠬᠤ᠂ ᠬᠥᠷᠥᠩᠭᠡ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠪᠥᠬᠦ ᠠᠵᠢᠯᠲᠠᠨ ᠠᠷᠠᠯᠵᠢᠶᠠᠴᠢᠨ ᠤᠷᠢᠬᠤ ᠵᠡᠷᠭᠡ ᠬᠡᠯᠪᠡᠷᠢ ᠶᠢ ᠰᠠᠶᠢᠲᠤᠷ ᠬᠡᠷᠡᠭᠯᠡᠵᠦ᠂ ᠨᠢᠭᠡ ᠲᠠᠯ᠎ᠠ ᠪᠠᠷ ︽ᠬᠡᠯᠬᠢᠶ᠎ᠡ ᠶᠢᠨ ᠡᠵᠡᠨ ᠪᠤᠯᠬᠤ︾ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠥᠭᠦᠭᠡ ᠲᠠᠯ᠎ᠠ ᠪᠠᠷ ᠡᠬᠢᠨ ᠤ ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠥᠬᠦ ᠵᠢᠯ ᠳᠤ 180 ᠲᠥᠷᠥᠯ ᠵᠦᠶᠯ ᠢ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠤᠨ᠂ ᠭᠡᠷ᠎ᠡ ᠲᠣᠭᠲᠠᠬᠤ ᠵᠣᠭᠤᠰ ᠤᠨ ᠬᠡᠮᠵᠢᠶ᠎ᠡ 1000 ᠳ᠋ᠦᠩᠰᠢᠭᠤᠷ ᠲᠥᠭᠦᠷᠢᠭ ᠲᠤ ᠬᠦᠷᠬᠦ ᠶᠢ ᠦᠨᠡᠨ ᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ︵ᠤᠯᠤᠰ ᠤᠨ ᠳᠣᠲᠣᠭᠠᠳᠤ ᠶᠢᠨ︶ ᠪᠠᠯᠠ ᠮᠥᠩᠭᠦ ᠶᠢ 121 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠷᠠᠯᠵᠢᠶᠠᠴᠢᠨ ᠤᠷᠢᠬᠤ ᠶᠢ ᠨᠢᠬᠳᠠ ᠴᠢᠩᠭ᠎ᠠ ᠠᠩᠬᠠᠷᠤᠨ᠎ᠠ᠃ ᠠᠵᠤ ᠦᠶᠯᠡᠳᠪᠦᠷᠢ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ︽ ᠬᠤᠤᠰ ᠵᠢᠭᠦᠷ︾ ᠢᠶᠠᠷ ᠬᠥᠳᠡᠯᠭᠡᠭᠦᠷ ᠪᠣᠯᠭᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ ᠦᠶᠯᠡᠳᠪᠦᠷᠢ ᠶᠢᠨ ᠲᠠᠪᠤᠨ ᠶᠡᠭᠡ ᠠᠵᠤ ᠦᠶᠯᠡᠰ ᠪᠣᠯᠤᠨ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ 16 ᠬᠦᠷᠢᠶ᠎ᠡ ᠴᠠᠷᠠᠭ᠎ᠠ ᠶᠢ ᠤᠨᠢᠯᠠᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ ᠳᠡᠯᠡᠬᠡᠶ ᠶᠢᠨ 500 ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ︽ᠤᠯᠤᠰ ᠤᠨ ᠨᠠᠷᠠᠲᠤ︾᠂ ︽ᠲᠥᠪ ᠤᠨ ᠨᠠᠷᠠᠲᠤ︾ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ᠂ ᠴᠢᠨᠠᠷ ᠰᠠᠶᠢᠲᠠᠶ ᠲᠥᠷᠥᠯ ᠵᠦᠶᠯ ᠢᠶᠠᠷ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠨ᠎ᠠ᠃ ᠲᠤᠰᠬᠠᠢ ᠬᠦᠴᠦᠨ ᠢ ᠴᠢᠩᠭᠠᠳᠬᠠᠵᠤ ᠠᠷᠠᠯᠵᠢᠶᠠᠴᠢᠨ ᠤᠷᠢᠬᠤ ᠶᠢ ᠠᠳᠬᠤᠨ᠎ᠠ᠃ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ︽ᠮᠡᠳᠡᠭᠡ ᠵᠠᠩᠭᠢ ᠶᠢᠨ ᠬᠥᠮᠥᠷᠭᠡ︾᠂ ︽ᠣᠶᠤᠨ ᠤ ᠬᠥᠮᠥᠷᠭᠡ︾ ᠶᠢ ᠪᠠᠶᠢᠭᠤᠯᠵᠤ᠂ ᠣᠷᠣᠨ ᠪᠦᠰᠡ ᠶᠢᠨ ᠲᠤᠰᠬᠠᠶ  ᠲᠠᠯᠠᠪᠠᠢ ᠠᠷᠠᠯᠵᠢᠶᠠᠴᠢᠨ ᠤᠷᠢᠬᠤ ᠶᠠᠷᠢᠯᠴᠠᠬᠤ ᠬᠤᠷᠠᠯ᠂ ᠠᠩᠬᠠᠳᠤᠭᠠᠷ ᠬᠤᠭᠤᠴᠠᠭᠠᠨ ᠤ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠠᠨᠢᠯᠴᠠᠭᠤᠯᠬᠤ ᠬᠤᠷᠠᠯ ᠢ ᠨᠠᠷᠢᠨ ᠨᠢᠮᠪᠠᠶ ᠰᠠᠶᠢᠲᠤᠷ ᠡᠷᠬᠢᠯᠡᠵᠦ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠮᠡᠳᠡᠭᠡ ᠵᠠᠩᠭᠢ ᠶᠢᠨ ᠢᠷᠡᠯᠲᠡ ᠶᠢ ᠲᠠᠰᠤᠷᠠᠯᠲᠠ ᠦᠬᠡᠢ ᠥᠷᠭᠡᠳᠬᠡᠨ᠎ᠡ᠃ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠲᠤᠰᠬᠠᠶ ᠠᠩᠭᠢ ᠶᠢ ᠪᠠᠶᠢᠭᠤᠯᠤᠨ ᠬᠦᠴᠦᠷᠬᠡᠭᠵᠢᠭᠦᠯᠵᠦ᠂ ᠬᠢᠨᠠᠨ ᠰᠢᠯᠭᠠᠵᠤ ᠤᠷᠮᠠᠰᠢᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠥᠨᠳᠡᠯᠡᠨ ᠲᠣᠭᠤᠷᠢᠭ ᠢ ᠤᠯᠤᠰ ᠤᠨ ᠥᠮᠴᠢᠯᠡᠯ ᠤᠨ ᠡᠳ᠋ ᠬᠥᠷᠥᠩᠭᠡ ᠵᠣᠷᠢᠭᠲᠠᠢ ᠠᠵᠢᠯᠯᠠᠬᠤ᠂ ᠠᠷᠠᠳ ᠤᠨ ᠪᠡᠯᠡ ᠮᠦᠩᠬᠦ ᠵᠣᠷᠢᠭᠲᠠᠢ ᠰᠢᠪᠳᠤᠯᠬᠤ᠂ ᠭᠠᠳᠠᠭᠠᠳᠤ ᠪᠡᠯᠡ ᠵᠣᠷᠢᠭᠲᠠᠢ ᠪᠡᠯᠡ ᠣᠷᠣᠭᠤᠯᠬᠤ ᠬᠥᠭᠵᠢᠯᠲᠡ ᠶᠢᠨ ᠥᠨᠳᠦᠷᠯᠢᠭ ᠪᠣᠯᠭᠠᠨ᠎ᠠ᠃    ᠳᠥᠷᠪᠡ ᠳᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠶᠢ ᠪᠦᠬᠦ ᠬᠦᠴᠦᠨ ᠢᠶᠠᠷ  ᠢᠶᠠᠨ ᠰᠠᠶᠢᠳᠤᠷ ᠬᠢᠨ᠎ᠡ᠃ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠬᠦ︾᠂ ︽ᠨᠢᠭᠡ ᠲᠥᠷᠥᠯ ᠳᠤ ᠨᠢᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ︾ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠰᠠᠭᠤᠭ᠎ᠠ ︽ᠬᠤᠯᠪᠣᠭᠠᠴᠢᠨ︾ ᠤ ᠦᠶᠯᠡᠳᠦᠯ ᠢ ᠭᠦᠶᠴᠡᠳ ᠪᠠᠳᠠᠷᠠᠭᠤᠯᠤᠨ᠂ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠤ ᠦᠭᠬᠦ︾᠂ ︽ᠪᠢ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠡᠷᠢᠵᠤ ᠦᠭᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠠᠵᠢᠯᠯᠠᠭᠠᠨ ᠰᠠᠭᠠᠳ ᠥᠬᠡᠶ ᠶᠠᠪᠤᠬᠳᠠᠬᠤ᠂ ᠦᠶᠯᠡᠳᠪᠦᠷᠢᠯᠡᠯ ᠬᠠᠩᠭᠠᠯᠭ᠎ᠠ ᠶᠢ ᠪᠠᠲᠤᠯᠠᠬᠤ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠬᠦ ᠲᠥᠷᠥ ᠶᠢᠨ ᠪᠣᠳᠣᠯᠭ᠎ᠠ ᠶᠢ ᠤᠨᠢᠨ ᠲᠡᠭᠡᠷ᠎ᠡ ᠨᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠬᠦ ᠪᠠ ᠰᠠᠭᠤᠯᠭᠠᠨ ᠠᠪᠬᠤ ᠪᠠᠷ ᠦᠯᠡᠳᠡᠭᠡᠭᠰᠡᠨ ᠭᠠᠶᠢᠯᠢ ᠶᠢ ᠪᠤᠴᠠᠭᠠᠬᠤ᠂ ᠭᠠᠶᠢᠯᠢ ᠶᠢ ᠪᠠᠭᠠᠰᠬᠠᠵᠤ ᠰᠦᠶᠳᠬᠡᠯ ᠢ ᠪᠠᠭᠤᠷᠠᠭᠤᠯᠬᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠰᠢᠷᠢᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠶᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠶᠢ ᠢᠳᠡᠪᠬᠢᠲᠡᠶ ᠲᠠᠯᠪᠢᠵᠤ᠂ ᠠᠵᠤ ᠠᠬᠤᠶᠢᠯᠠᠯ ᠤᠨ ᠠᠵᠢᠯᠯᠠᠭᠠᠨ ᠤ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠵᠠᠰᠠᠭ ᠪᠠᠩᠬᠢ ᠠᠵᠤ ᠠᠬᠤᠶᠢᠯᠠᠯ ᠭᠤᠷᠪᠠᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠵᠤ᠂ ᠡᠯ᠎ᠡ ᠲᠥᠷᠥᠯ ᠤᠨ ᠮᠥᠩᠭᠦᠨ ᠭᠦᠶᠯᠭᠡᠭᠡᠨ ᠤ ᠲᠥᠷᠥ ᠶᠢᠨ ᠪᠣᠳᠣᠯᠭ᠎ᠠ ᠶᠢ ᠭᠦᠶᠴᠡᠳ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ︽ᠪᠠᠯᠠ  ᠬᠤᠷᠠᠮᠳᠤᠭᠤᠯᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠶᠳᠪᠦᠷᠢᠯᠡᠨ᠎ᠡ᠃ ︵ᠬᠤᠶᠠᠷ︶ ᠠᠵᠤ ᠦᠢᠯᠡᠰ ᠤᠨ ᠪᠦᠲᠦᠴᠡ ᠶᠢ ᠨᠠᠷᠢᠯᠢᠭ ᠣᠨᠣᠪᠴᠢᠲᠠᠢ ᠰᠢᠯᠢᠳᠡᠭᠵᠢᠭᠦᠯᠦᠨ ᠲᠣᠬᠢᠷᠠᠭᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠬᠥᠳᠡᠯᠭᠡᠬᠦ ᠡᠨᠧᠷᠭᠢ ᠶᠢ ᠬᠤᠷᠠᠮᠳᠤᠭᠤᠯᠤᠨ᠎ᠠ᠃ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠵᠤ᠂ ︽ᠲᠡᠰ ᠲᠡᠪᠰᠢᠬᠦᠯᠦᠨ ᠰᠢᠨ᠎ᠡ ᠪᠣᠯᠭᠠᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠬᠦ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠡᠯᠬᠢᠶ᠎ᠡ ᠶᠢ ᠠᠭᠤᠰᠤᠯᠴᠠᠭᠤᠯᠤᠨ ᠬᠡᠯᠬᠢᠶ᠎ᠡ ᠶᠢ ᠡᠭᠦᠳᠬᠦ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃    ᠨᠢᠭᠡ ᠳᠤ᠂ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠬᠤᠷᠳᠤᠴᠡ ᠪᠠᠨ ᠲᠦᠷᠬᠡᠳᠭᠡᠬᠦ ᠶᠢ ᠠᠬᠢᠭᠤᠯᠤᠨ᠎ᠠ᠃ ᠪᠣᠯᠣᠳ ᠲᠡᠮᠦᠷ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠤᠮᠫᠠᠨᠢ ᠶᠢᠨ ᠴᠢᠨᠠᠷ ᠰᠠᠶᠢᠲᠠᠶ ᠰᠢᠯᠢᠳᠡᠭ ᠤᠨᠴᠠᠭᠠᠢ ᠪᠣᠯᠣᠳ᠂ ᠬᠤᠪᠣᠷ ᠰᠢᠷᠦᠢ ᠶᠢᠨ ᠪᠣᠯᠣᠳ ᠵᠡᠷᠭᠡ ᠥᠨᠳᠥᠷ ᠲᠠᠭᠠᠯᠳᠠ ᠥᠷᠲᠡᠭ  ᠪᠦᠬᠦᠢ ᠦᠶᠯᠡᠳᠬᠦᠨ ᠢ ᠶᠡᠬᠡᠪᠡᠷ ᠬᠥᠭᠵᠢᠭᠦᠯᠬᠦ ᠶᠢ ᠳᠡᠮᠵᠢᠵᠦ᠂ ᠹᠧᠩᠵᠧᠦ ᠶᠢᠨ ᠵᠢᠯ ᠳᠤ 5 ᠲᠦᠮᠡᠨ ᠲᠣᠨ ᠳᠡᠭᠡᠳᠦ ᠲᠠᠰ ᠤᠨ ᠰᠡᠯᠪᠢᠭ ᠲᠤᠨᠤᠭ ᠶᠢᠨ ᠮᠠᠲ᠋ᠧᠷᠢᠶᠠᠯ ᠢ ᠡᠳ᠋ᠰᠢᠭᠦᠯᠬᠦ ᠵᠢᠴᠢ ᠦᠶᠯᠡᠳᠬᠦ ᠲᠥᠷᠥᠯ ᠵᠦᠶᠯ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠳᠤᠮᠳᠠᠳᠤ ᠤᠯᠤᠰ ᠤᠨ ᠦᠮᠴᠢᠯᠡᠯ ᠤᠨ ᠠᠵᠤ ᠦᠶᠯᠡᠳᠪᠦᠷᠢ ᠶᠢᠨ ᠺᠣᠮᠫᠠᠨᠢ ᠶᠢᠨ ᠵᠢᠯ ᠳᠤ 20 ᠲᠦᠮᠡᠨ ᠲᠣᠨ ᠤᠷᠢᠶᠠᠮᠠᠭ ᠪᠣᠯᠣᠳ ᠬᠤᠭᠤᠯᠠᠶ ᠦᠶᠯᠡᠳᠪᠦᠷᠢᠯᠡᠬᠦ ᠵᠡᠷᠭᠡ ᠪᠣᠯᠣᠳ ᠲᠡᠮᠦᠷ ᠤᠨ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ 18 ᠲᠥᠷᠥᠯ ᠵᠦᠶᠯ ᠢ ᠬᠡᠷᠡᠭᠵᠢᠭᠦᠯᠵᠦ᠂ ᠴᠢᠨᠠᠷ ᠰᠠᠶᠢᠲᠠᠶ ᠪᠣᠯᠣᠳ ᠤᠨ ᠬᠠᠶᠢᠯᠤᠮᠠᠯ — ᠬᠠᠪᠲᠠᠰᠤ / ᠬᠤᠭᠤᠯᠠᠶ / ᠣᠨᠴᠠ ᠲᠥᠷᠥᠯ ᠤᠨ ᠪᠣᠯᠣᠳ ᠲᠡᠮᠦᠷ ᠤᠨ ᠰᠢᠨ᠎ᠡ ᠪᠠᠷ ᠮᠠᠨᠳᠤᠬᠰᠠᠨ ᠲᠡᠮᠦᠷᠯᠢᠭ ᠬᠠᠶᠢᠯᠤᠭᠤᠯᠬᠤ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠎ᠠ᠃ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠦᠶᠯᠡᠰ ᠢ ᠰᠢᠯᠢᠳᠡᠭᠵᠢᠭᠦᠯᠦᠨ᠎ᠡ᠃ ᠤᠮᠠᠷᠠᠲᠤ ᠶᠢᠨ ᠬᠤᠪᠣᠷ ᠰᠢᠷᠣᠢ ᠶᠢᠨ 15 ᠲᠦᠮᠡᠨ ᠲᠣᠨ ᠤ ᠪᠣᠬᠢᠷᠲᠤᠯ ᠦᠭᠡᠢ ᠲᠡᠮᠦᠷᠯᠢᠭ ᠬᠠᠶᠢᠯᠤᠭᠤᠯᠬᠤ ᠳᠡᠰ ᠳᠡᠪᠰᠢᠭᠦᠯᠵᠤ ᠥᠭᠡᠷᠡᠴᠢᠯᠠᠨ ᠪᠠᠶᠢᠭᠤᠯᠬᠤ ᠲᠥᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠶᠢᠨ ᠮᠧᠩ ᠤᠨ ᠬᠤᠪᠣᠷ ᠰᠢᠷᠣᠢ ᠶᠢᠨ ᠡᠬᠢ ᠪᠠᠶᠠᠯᠢᠭ ᠢ  ᠬᠤᠶᠠᠳᠠᠬᠢ ᠤᠳᠠᠭ᠎ᠠ ᠶᠡᠷᠦᠩᠬᠡᠶᠢᠯᠡᠨ ᠠᠰᠢᠭᠯᠠᠬᠤ ᠲᠥᠷᠦᠯ ᠵᠦᠢᠯ ᠢ ᠲᠦᠷᠭᠡᠳᠬᠡᠨ ᠠᠬᠢᠭᠤᠯᠵᠤ᠂ ᠬᠤᠪᠣᠷ ᠰᠢᠷᠣᠢ ᠶᠢᠨ ᠲᠡᠮᠦᠷᠯᠢᠭ ᠬᠠᠶᠢᠯᠤᠭᠤᠯᠵᠤ ᠰᠠᠯᠭᠠᠬᠤ ᠭᠤᠭᠴᠤᠭ᠎ᠠ ᠶᠢᠨ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠪᠠ ᠦᠢᠯᠡᠳᠪᠦᠷᠢᠯᠡᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠪᠦᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠡᠷᠬᠢᠯᠳᠡᠳᠤ ᠠᠵᠤ ᠠᠬᠤᠢ ᠶᠢᠨ ᠠᠵᠤ ᠦᠢᠯᠡᠰ ᠢ ᠨᠠᠷᠢᠯᠢᠭ ᠬᠦᠭᠵᠢᠬᠦᠯᠦᠨ᠎ᠠ᠃ ᠪᠤᠭᠤᠲᠤ ᠶᠢᠨ ᠪᠣᠯᠣᠳ ᠲᠡᠮᠦᠷ ᠤᠨ ︵ ᠪᠦᠯᠦᠭᠯᠡᠯ︶ ᠺᠣᠮᠫᠠᠨᠢ ᠶᠢᠨ 200 ᠲᠦᠮᠡᠨ ᠲᠣᠨ ᠤ CCUS ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠶᠤᠸᠠᠨ ᠲᠤᠤ ᠶᠢᠨ 90 ᠲᠦᠮᠡᠨ ᠲᠣᠨ ᠤ ᠬᠦᠬᠦᠷ ᠬᠦᠴᠢᠯ ᠤᠨ ᠮᠠᠭᠨᠢ ᠶᠢᠨ ᠬᠠᠶᠠᠭᠳᠠᠮᠠᠯ ᠤᠰᠤ ᠶᠢ ᠡᠭᠡᠭᠦᠯᠦᠨ ᠬᠡᠷᠡᠭᠯᠡᠬᠦ᠂ ᠰᠢ ᠵᠢᠶᠦ᠋ᠨ ᠤ ᠵᠢᠯ ᠳᠤ 3000 ᠲᠣᠨ ᠬᠤᠪᠣᠷ ᠰᠢᠷᠣᠶ ᠶᠢᠨ ᠢᠰᠦᠮᠡᠭ ᠮᠠᠲ᠋ᠧᠷᠢᠶᠠᠯ ᠢ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠡᠷᠬᠢᠯᠳᠡᠳᠤ ᠠᠵᠤ ᠠᠬᠤᠶ ᠶᠢᠨ ᠲᠥᠷᠥᠯ ᠵᠦᠶᠯ ᠢ ᠬᠡᠷᠡᠭᠵᠢᠭᠦᠯᠵᠦ᠂ ᠤᠯᠠᠮᠵᠢᠯᠠᠯᠲᠤ ᠳᠠᠪᠠᠭᠤᠯᠢᠭ ᠠᠵᠤ ᠦᠶᠯᠡᠰ ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃    ᠬᠤᠶᠠᠷ ᠲᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠠᠭᠤᠷᠢ ᠶᠢ ᠴᠢᠩᠭᠠᠳᠬᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠶᠠᠰᠦ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠴᠠᠬᠢᠭᠤᠷ ᠤᠨ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠲᠦᠩ ᠸᠧᠢ ᠶᠢᠨ 20 ᠲᠦᠮᠡᠨ ᠲᠣᠨ ᠤ ᠴᠤᠯ ᠴᠡᠪᠡᠷ ᠲᠠᠯᠠᠰᠲᠤ ᠴᠠᠬᠢᠭᠤᠷ᠂ 32GW ᠤᠨ ᠳ᠋ᠢᠶᠠᠨ ᡂᠢ ᠶᠢᠨ ᠢᠯᠲᠠᠰᠤ ᠵᠡᠷᠭᠡ ᠬᠡᠷᠡᠯᠴᠢ ᠴᠡᠨᠡᠭ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠠᠩ ᠲᠠᠯᠠᠰᠲᠤ᠂ ᠬᠡᠷᠴᠢᠮᠡᠯ ᠢᠯᠲᠠᠰᠤ᠂ ᠳ᠋ᠢᠶᠠᠨ ᡂᠢ ᠶᠢᠨ ᠠᠵᠤ ᠦᠢᠯᠡᠰ ᠤᠨ ᠬᠡᠪᠴᠢᠶ᠎ᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠴᠠᠬᠢᠭᠤᠷ ᠤᠨ ᠮᠠᠲ᠋ᠧᠷᠢᠶᠠᠯ —  ᠤᠳᠠᠰᠤ ᠲᠠᠳᠠᠬᠤ ᠮᠤᠨᠠ — ᠬᠡᠷᠴᠢᠮᠡᠯ ᠢᠯᠲᠠᠰᠤ — ᠳ᠋ᠢᠶᠠᠨ ᡂᠢ ᠶᠢᠨ ᠢᠯᠲᠠᠰᠤ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠤᠷᠲᠤᠳᠬᠠᠨ᠎ᠠ᠃ ᠯᠦᠩ ᠮᠠ ᠶᠢᠨ ᠲᠡᠭᠡᠳᠤ ᠲᠡᠰ ᠤᠨ ᠰᠠᠯᠬᠢᠨ ᠬᠦᠴᠦᠨ ᠤ ᠴᠠᠬᠢᠯᠭᠠᠨ ᠤ ᠲᠤᠨᠤᠬᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠵᠢᠯ ᠳᠤ 10 ᠲᠦᠮᠡᠨ ᠲᠣᠨ ᠰᠠᠯᠬᠢᠨ ᠬᠦᠴᠦᠨ ᠤ ᠴᠠᠬᠢᠯᠭᠠᠨ ᠤ ᠭᠤᠣᠯ ᠲᠡᠩᠭᠡᠯᠢᠭ᠂ 20 ᠲᠦᠮᠡᠨ ᠲᠣᠨ ᠰᠠᠯᠬᠢᠨ ᠬᠦᠴᠦᠨ ᠤ ᠴᠠᠬᠢᠯᠭᠠᠨ ᠤ ᠹᠠᠯᠠᠨ ᠵᠢᠴᠢ ᠰᠠᠯᠬᠢᠨ ᠬᠦᠴᠦᠨ ᠤ ᠴᠠᠬᠢᠯᠭᠠᠨ ᠤ ᠮᠠᠰᠢᠨ ᠤ ᠥᠷᠥᠬᠡ ᠶᠢᠨ ᠪᠦᠷᠬᠦᠭᠦᠯ᠂ ᠬᠤᠷᠳᠤᠴᠠ ᠥᠭᠡᠷᠡᠴᠢᠯᠡᠬᠦ ᠬᠠᠶᠢᠷᠴᠠᠭ᠂ ᠰᠤᠪᠤᠷᠭᠠᠳᠤ ᠬᠤᠭᠤᠯᠠᠢ  ᠦᠢᠯᠡᠳᠪᠦᠷᠢᠯᠡᠬᠦ ᠵᠡᠷᠭᠡ 13 ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ 2023 ᠣᠨ ᠤ ᠡᠴᠦᠰ ᠪᠣᠯᠬᠤ ᠳᠤ ᠪᠦᠬᠦᠨ ᠢ ᠪᠠᠶᠢᠭᠤᠯᠵᠤ ᠳᠠᠭᠤᠰᠬᠠᠬᠤ ᠪᠠᠷ ᠴᠢᠷᠮᠠᠶᠢᠨ᠎ᠠ᠃ ᠰᠢᠨ᠎ᠡ ᠨᠡᠮᠡᠭᠳᠡᠯ ᠤᠨ ᠴᠡᠭ ᠤᠨ ᠠᠵᠤ ᠦᠢᠯᠡᠰ ᠢ ᠪᠤᠶᠢᠵᠢᠭᠤᠯᠬᠤ ᠢᠨᠵᠧᠨᠧᠷᠢᠩ ᠢ ᠰᠠᠶᠢᠲᠤᠷ ᠠᠳᠬᠤᠨ᠎ᠠ᠃ ᠸᠧᠢ ᠡᠯ ᠤᠨ ᠲᠡᠯᠡᠰᠳᠤ ᠪᠦᠬᠡᠷᠡᠩᠬᠡᠢ ᠶᠢᠨ ᠠᠭᠤᠯᠬᠤᠨ ᠢᠯᠲᠠᠰᠤ᠂ ᠤᠯᠤᠰ ᠤᠨ ᠣᠶᠤᠨ ᠤ ᠳᠠᠮᠵᠢᠭᠤᠯᠭ᠎ᠠ ᠶᠢᠨ ᠲᠥᠪ ᠤᠨ ᠤᠶᠤᠨᠲᠤ ᠨᠦᠯᠦᠭᠡᠯᠡᠭᠦᠷ ᠤᠨ ᠭᠤᠤᠯ ᠢᠯᠳᠠᠰᠦ ᠦᠢᠯᠡᠳᠬᠦ ᠲᠥᠷᠥᠯ ᠵᠦᠢᠯ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠪᠦᠬᠦ ᠬᠦᠴᠦᠨ ᠢᠶᠠᠷ ᠣᠷᠣᠭᠤᠯᠤᠨ ᠠᠪᠴᠢᠷᠠᠵᠤ᠂ ︽ ᠭᠤᠤᠯ ᠢᠯᠳᠡᠰᠤ ᠦᠢᠯᠡᠳᠪᠦᠷᠢᠯᠡᠬᠦ ᠳᠤ ᠲᠦᠰᠢᠭᠯᠡᠵᠤ ᠣᠶᠤᠨᠴᠢ ᠦᠢᠯᠡᠳᠬᠦ ᠶᠢ ᠲᠠᠶᠢᠴᠢᠯᠠᠬᠤ ᠠᠵᠤ ᠦᠢᠯᠡᠰ ᠤᠨ ᠬᠦᠷᠢᠶᠡᠯᠡᠩ︾ ᠢ ᠪᠠᠶᠢᠭᠤᠯᠵᠤ᠂ ᠭᠤᠷᠪᠠᠨ ᠵᠢᠯ ᠤᠨ ᠳᠣᠲᠣᠷ᠎ᠠ ᠵᠢᠯ ᠤᠨ ᠦᠢᠯᠡᠳᠬᠦᠨ ᠤ ᠥᠷᠲᠡᠭ ᠨᠢ 50 ᠳ᠋ᠦᠩᠰᠢᠭᠤᠷ ᠲᠥᠭᠦᠷᠢᠭ ᠢ ᠳᠠᠪᠠᠭ᠋ᠤ ︽ᠵᠢᠷᠤᠭ ᠲᠥᠯᠥᠪᠯᠡᠭᠡ — ᠪᠢᠲᠡᠭᠦᠮᠵᠢᠯᠡᠨ ᠪᠤᠭᠤᠳᠠᠯᠯᠠᠬᠤ ᠰᠣᠷᠢᠯᠲᠠ — ᠬᠡᠷᠡᠭᠯᠡᠬᠡᠨ︾  ᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠪᠦᠬᠦ ᠬᠤᠲᠠ ᠶᠢᠨ ᠴᠠᠬᠢᠭᠤᠷ ᠤᠨ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠳᠤ ᠲᠤᠭ ᠲᠡᠮᠳᠡᠭ ᠤᠨ ᠵᠢᠱᠢᠶ᠎ᠡ ᠦᠵᠡᠭᠦᠯᠬᠦ ᠪᠠᠷ ᠴᠢᠷᠮᠠᠶᠢᠨ᠎ᠠ᠃   ᠭᠤᠷᠪᠠ ᠳᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠵᠡᠷᠭᠡ ᠪᠠᠷ ᠴᠢᠬᠤᠯᠠᠴᠢᠯᠠᠬᠤ ᠶᠢ ᠠᠬᠢᠭᠤᠯᠤᠨ᠎ᠠ᠃ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠯᠦ ᠴᠠᠩ ᠳ᠋ᠠ᠂ ᠰᠢᠨ ᠭᠠᠩ ᠵᠡᠷᠭᠡ ᠶᠡᠷᠦᠩᠬᠡᠶᠢᠯᠡᠭᠰᠡᠨ ᠴᠢᠨᠠᠷᠲᠠᠢ ᠪᠠᠷᠠᠭᠠᠨ ᠤ ᠭᠦᠢᠯᠭᠡᠬᠡ ᠶᠢᠨ ᠬᠦᠷᠢᠶᠡᠯᠡᠩ ᠲᠣᠭᠤᠷᠢᠭ ᠢ ᠳᠡᠰ ᠳᠡᠪᠰᠢᠭᠦᠯᠦᠨ ᠦᠬᠡᠷᠡᠴᠢᠯᠡᠵᠤ᠂ ᠰᠢᠨ ᠤᠦ ᠮᠧᠩ ᠬᠤᠸᠠ ᠲᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠬᠦ ᠥᠷᠲᠡᠭᠡ ᠴᠡᠭ ᠪᠠ ᠲᠡᠮᠦᠷ ᠵᠠᠮ ᠤᠨ ᠱᠤᠭᠤᠮ ᠢ ᠳᠡᠰ ᠳᠡᠪᠰᠢᠭᠦᠯᠦᠨ ᠥᠭᠡᠷᠡᠴᠢᠯᠡᠨ᠎ᠡ᠃ ᠺᠦᠸᠠᠢ ᠴᠧᠩ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠮᠡᠳᠡᠭᠡ ᠵᠠᠩᠭᠢ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠶᠯᠭᠡᠬᠡ ᠶᠢᠨ ᠬᠦᠶᠰᠦ ᠶᠢᠨ ᠬᠡᠯᠬᠢᠶ᠎ᠡ ᠶᠢ ᠬᠦᠴᠦᠷᠬᠡᠭᠵᠢᠭᠦᠯᠦᠨ ᠬᠡᠯᠬᠢᠶ᠎ᠡ ᠶᠢ ᠨᠥᠬᠦᠪᠥᠷᠢᠯᠡᠬᠦ ᠵᠢᠱᠢᠶ᠎ᠡ ᠦᠵᠡᠭᠦᠯᠬᠦ ᠲᠥᠷᠥᠯ ᠵᠦᠶᠯ ᠢ ᠢᠳᠡᠪᠬᠢᠳᠡᠢ ᠲᠡᠮᠡᠴᠡᠨ ᠣᠯᠵᠤ᠂ ᠤᠮᠠᠷᠠᠰᠢ ᠬᠠᠨᠳᠤᠭᠤᠯᠤᠬᠰᠠᠨ ᠬᠢᠯᠢ ᠠᠯᠤᠰᠯᠠᠭᠰᠠᠨ ᠡᠬᠢ ᠪᠠᠶᠠᠯᠢᠭ ᠤᠨ ᠦᠶᠯᠡᠳᠬᠦᠨ ᠪᠠ ᠵᠡᠬᠦᠨᠰᠢ ᠬᠠᠨᠳᠤᠭᠤᠯᠤᠬᠰᠠᠨ ᠭᠠᠷᠠᠮ ᠤᠨ ᠠᠷᠠᠯᠵᠢᠶ᠎ᠠ ᠶᠢ ᠦᠷᠬᠡᠳᠭᠡᠨ᠂ ᠭᠠᠳᠠᠭᠰᠢ ᠨᠡᠭᠡᠭᠡᠯᠲᠡ ᠬᠢᠬᠦ ︽ᠭᠤᠤᠯ ᠬᠡᠰᠡᠭ ᠭᠠᠵᠠᠷ ᠤᠨ ᠠᠵᠤ ᠠᠬᠤᠶ︾ ᠶᠢ ᠪᠣᠶ ᠪᠣᠯᠭᠠᠵᠤ᠂ ᠪᠠᠷᠠᠭᠠᠨ ᠤ ᠭᠦᠶᠯᠭᠡᠬᠡ ᠶᠢᠨ ᠬᠦᠷᠢᠶᠡᠯᠡᠩ ᠲᠣᠭᠤᠷᠢᠭ ᠤᠨ ᠣᠷᠣᠭᠤᠯᠵᠤ ᠭᠠᠷᠭᠠᠬᠤ ᠬᠡᠮᠵᠢᠶ᠎ᠡ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠴᠢᠨᠠᠷᠵᠢᠩᠭᠤᠢ ᠬᠥᠭᠵᠢᠬᠦ ᠶᠢ ᠠᠬᠢᠭᠤᠯᠤᠨ᠎ᠠ᠃ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠢ ᠵᠣᠷᠢᠭᠵᠢᠭᠤᠯᠵᠤ ᠬᠤᠳᠠᠯᠳᠤᠭᠠᠨ ᠤ ᠵᠠᠭᠪᠤᠷ ᠪᠠ ᠡᠵᠡᠩᠨᠡᠯᠲᠡ ᠶᠢᠨ ᠬᠡᠯᠪᠡᠷᠢ ᠳᠤ ᠰᠢᠨ᠎ᠡ ᠶᠢ ᠡᠭᠦᠳᠴᠦ᠂ ᠬᠤᠸᠠ ᠵᠦ ᠪᠦᠯᠦᠭᠯᠡᠯ᠂ ᠸᠠᠨ ᠬᠤᠤ ᠪᠦᠯᠦᠭᠯᠡᠯ ᠳᠤ ᠲᠦᠰᠢᠭᠯᠡᠨ ᠲᠡᠭᠡᠳᠤ ᠲᠡᠰ ᠤᠨ ᠪᠠᠭᠤᠳᠠᠯ ᠢ ᠣᠷᠣᠭᠤᠯᠤᠨ ᠠᠪᠴᠢᠷᠠᠵᠤ᠂ ᠡᠯ᠎ᠡ ᠠᠵᠢᠯ ᠲᠥᠷᠥᠯ ᠤᠨ ︽ᠵᠠᠭᠤᠨ ᠳᠡᠯᠭᠡᠭᠦᠷ ᠮᠢᠩᠭᠠᠨ ᠫᠦᠰᠡ ᠪᠠᠷ ᠠᠮᠢᠳᠤᠷᠠᠯ ᠳᠤ ᠠᠰᠢᠭ ᠬᠦᠷᠲᠡᠭᠡᠬᠦ︾ ᠵᠡᠷᠭᠡ ᠬᠤᠳᠠᠯᠳᠤᠭᠠᠨ ᠤ ᠨᠡᠷᠡᠲᠦ ᠲᠥᠷᠥᠯ ᠲᠡᠮᠳᠡᠭ ᠢ ᠡᠬᠦᠳᠴᠦ᠂ ᠬᠡᠷᠡᠭᠯᠡᠭᠡ ᠶᠢᠨ ᠴᠡᠴᠡᠭᠯᠡᠨ ᠬᠥᠭᠵᠢᠭᠰᠡᠨ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ︽ᠰᠣᠶᠣᠯ ᠵᠢᠭᠤᠯᠴᠢᠯᠠᠯ +︾ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ ᠬᠥᠭᠵᠢᠭᠦᠯᠵᠦ᠂ ᠬᠦᠨᠳᠡᠯᠡᠨ ᠤ ᠴᠠᠨᠠᠯᠠᠯᠳᠠ ᠶᠢᠨ ᠲᠠᠯᠠᠪᠠᠢ ᠶᠢᠨ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠬᠦᠨᠳᠡᠯᠡᠨ ᠭᠤᠤᠯ ᠴᠡᠴᠡᠷᠯᠢᠭ ᠢ ︽ᠪᠤᠭᠤᠳᠤ ᠬᠤᠲᠠ ᠶᠢᠨ ᠠᠭᠤᠯᠵᠠᠯᠲᠠ ᠶᠢᠨ ᠲᠢᠩᠬᠢᠮ︾ ᠪᠣᠯᠭᠠᠨ ᠲᠦᠷᠭᠡᠳᠬᠡᠨ ᠪᠠᠶᠢᠭᠤᠯᠤᠨ᠎ᠠ᠃ ᠭᠠᠷᠠᠭ ᠤᠨ ᠰᠡᠭᠦᠯᠴᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠦᠨᠳᠡᠯᠡᠨ ᠭᠤᠤᠯ ᠤᠨ ᠦᠵᠡᠮᠵᠢ ᠳᠤ ᠲᠦᠰᠢᠭᠯᠡᠨ ᠬᠡᠭᠡᠷ᠎ᠡ ᠪᠠᠭᠤᠳᠠᠯᠯᠠᠬᠤ ᠰᠤᠳᠤᠨ ᠰᠠᠭᠤᠷᠢᠨ ᠢ ᠪᠠᠶᠢᠭᠤᠯᠵᠤ᠂ ᠤᠯᠠᠯᠵᠢ ᠬᠤᠶᠠᠳᠤᠭᠠᠷ᠂ ᠭᠤᠷᠪᠠᠳᠤᠭᠠᠷ ᠲᠣᠰᠬᠤᠨ ᠤ ᠬᠥᠳᠡᠭᠡ ᠲᠣᠰᠬᠤᠨ ᠤ ᠵᠤᠭ᠎ᠠ ᠰᠡᠯᠡᠭᠦᠴᠡᠯ   ᠤᠨ ᠵᠢᠭᠤᠯᠴᠢᠯᠠᠯ ᠤᠨ ᠵᠠᠮ ᠱᠤᠭᠤᠮ ᠢ ᠨᠠᠷᠢᠯᠢᠭ ᠬᠦᠭᠵᠢᠬᠦᠯᠦᠨ᠎ᠡ᠃  ᠳᠥᠷᠪᠡ ᠳᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ᠃ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢ ᠬᠦᠴᠦᠯᠡᠨ ᠬᠥᠭᠵᠢᠭᠦᠯᠦᠨ᠎ᠡ᠃ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠶᠢ ᠪᠠᠷᠢᠮᠲᠠᠯᠠᠵᠤ᠂ ᠪᠤᠷᠬᠠᠨᠲᠤ ᠪᠠᠯᠭᠠᠰᠤᠨ ᠤ ᠤᠨᠴᠠᠯᠢᠭᠳᠤ ᠲᠠᠷᠢᠮᠠᠯ ᠤᠨ ᠠᠵᠤ ᠦᠶᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠮᠢᠬᠠᠨ ᠶᠢᠨ ᠬᠤᠨᠢᠨ ᠤ ᠠᠵᠤ ᠦᠶᠯᠡᠰ ᠤᠨ ᠬᠤᠯᠪᠣᠭᠠᠲᠤ ᠴᠣᠭᠴᠠ ᠶᠢ ᠳᠡᠮᠵᠢᠨ ᠬᠥᠭᠵᠢᠭᠦᠯᠵᠦ᠂ ᠲᠡᠵᠢᠭᠡᠨ ᠦᠷᠡᠵᠢᠭᠦᠯᠬᠦ — ᠡᠳ᠋ᠰᠢᠭᠦᠯᠬᠦ — ᠪᠣᠷᠣᠯᠠᠭᠤᠯᠬᠤ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠮᠢ ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ ︽ᠤᠯᠠᠯᠵᠢ ᠶᠢᠨ ᠰᠠᠭᠤᠭᠳᠠᠯ︾᠂ ︽ᠪᠤᠷᠬᠠᠨᠲᠤ ᠰᠢᠨ᠎ᠡ ᠮᠢᠬᠠᠨ ᠤ ᠪᠡᠯᠡᠭ︾ ᠵᠡᠷᠭᠡ ᠲᠦᠷᠦᠯ ᠲᠡᠮᠳᠡᠭ ᠤᠨ ᠳᠡᠭᠡᠳᠦ ᠳᠡᠰᠵᠢᠯᠲᠡ᠂ ᠨᠠᠷᠢᠯᠢᠭᠵᠢᠯᠲᠠ ᠶᠢ ᠦᠷᠭᠦᠯᠵᠢᠯᠡᠨ ᠠᠬᠢᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠡᠵᠡᠩᠨᠡᠯᠲᠡ ᠶᠢᠨ ᠴᠢᠨᠠᠷᠲᠠᠶ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢ ᠬᠦᠭᠵᠢᠯᠳᠠ ᠶᠢᠨ ᠢᠷᠡᠭᠡᠳᠦᠢ ᠲᠠᠢ ᠠᠵᠤ ᠦᠶᠯᠡᠰ ᠪᠣᠯᠭᠠᠨ ᠬᠦᠭᠵᠢᠬᠦᠯᠦᠨ᠎ᠠ᠃ ᠬᠤᠲᠠ ᠬᠥᠳᠡᠭᠡ ᠶᠢᠨ ᠬᠦᠢᠲᠡᠨ ᠢᠶᠠᠷ ᠬᠦᠷᠬᠡᠬᠦ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠪᠦᠷᠢᠨᠰᠢᠬᠦᠯᠦᠨ᠎ᠡ᠃ ︽ᠺᠣᠮᠫᠠᠨᠢ + ᠬᠤᠷᠰᠢᠶ᠎ᠠ + ᠰᠠᠭᠤᠷᠢᠨ + ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢ ᠳᠡᠯᠭᠡᠷᠡᠭᠦᠯᠵᠦ᠂ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠬᠡ ᠶᠢᠨ ᠲᠤᠨᠤᠭ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠡᠾᠧ ᠫᠢᠩ ᠲᠣᠰᠬᠤᠨ ᠤ ᠬᠦᠶᠲᠡᠨ ᠬᠡᠯᠬᠢᠶᠡᠲᠦ ᠰᠠᠭᠤᠷᠢᠨ ᠤ ᠪᠠᠭᠲᠠᠭᠠᠮᠵᠢ ᠶᠢ ᠥᠷᠭᠡᠳᠬᠡᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠣᠯᠠᠨ ᠠᠷᠭ᠎ᠠ ᠵᠠᠮ ᠢᠶᠠᠷ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠰᠢᠭᠤᠳ ᠪᠣᠷᠣᠯᠠᠭᠤᠯᠬᠤ ᠳᠡᠯᠭᠡᠭᠦᠷ ᠢ ᠪᠠᠶᠢᠭᠤᠯᠵᠤ᠂ ᠦᠶᠯᠡᠳᠪᠦᠷᠢᠯᠡᠯ᠂  ᠬᠦᠮᠦᠷᠬᠡᠯᠡᠨ ᠬᠠᠳᠠᠭᠠᠯᠠᠬᠤ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ᠂ ᠪᠣᠷᠣᠯᠠᠭᠤᠯᠭ᠎ᠠ ᠵᠡᠷᠭᠡ ᠡᠯ᠎ᠡ ᠲᠥᠷᠥᠯ ᠤᠨ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠶᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠣᠶᠢᠷ᠎ᠠ ᠲᠡᠭᠦᠷᠭᠡ ᠶᠢᠨ ᠲᠠᠷᠢᠶᠠᠯᠠᠩ ᠮᠠᠯ ᠠᠵᠤ ᠠᠬᠤᠶ ᠶᠢᠨ ᠣᠷᠣᠨ ᠪᠠᠶᠢᠷᠢᠯᠠᠯ ᠤᠨ ᠳᠠᠪᠠᠭᠤᠯᠢᠭ ᠢ ᠪᠠᠳᠠᠷᠠᠭᠤᠯᠵᠤ᠂ ︽ᠰᠣᠶᠣᠯ + ᠲᠠᠷᠢᠶᠠᠯᠠᠩ + ᠵᠢᠭᠤᠯᠴᠢᠯᠠᠯ︾ ᠵᠡᠷᠭᠡ ᠬᠥᠭᠵᠢᠯᠲᠡ ᠶᠢᠨ ᠵᠠᠭᠪᠤᠷ ᠢ ᠦᠷᠭᠦᠯᠵᠢᠯᠡᠨ ᠳᠡᠯᠭᠡᠷᠡᠭᠦᠯᠵᠦ᠂ ᠵᠤᠭ᠎ᠠ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠣᠯᠠᠨ ᠲᠦᠮᠡᠨᠴᠢ ᠬᠡᠷᠡᠭᠯᠡᠭᠡ  ᠶᠢᠨ ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠭᠰᠠᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠦᠵᠡᠮᠵᠢ ᠶᠢᠨ ᠤᠷᠤᠨ ᠢᠶᠠᠷ ᠵᠢᠭᠤᠯᠴᠢᠯᠠᠬᠤ᠂ ᠲᠠᠷᠢᠶᠠᠯᠠᠩ ᠤᠨ ᠶᠠᠪᠤᠳᠠᠯ ᠢ ᠪᠡᠶᠡᠳᠠᠨ ᠣᠶᠢᠯᠠᠭᠠᠬᠤ᠂ ᠪᠠᠶᠢᠭᠠᠯᠢ ᠲᠠᠢ ᠤᠶᠢᠷᠠᠳᠤᠨ ᠰᠤᠳᠤᠯᠤᠨ ᠰᠤᠷᠤᠯᠴᠠᠬᠤ ᠶᠢ ᠨᠢᠭᠡ ᠴᠣᠭᠴᠠᠵᠢᠭᠤᠯᠤᠭᠰᠠᠨ ︽2.0︾ ᠬᠡᠪ ᠤᠨ ᠣᠨᠴᠠᠯᠢᠭᠲᠤ ᠰᠣᠶᠣᠯ ᠵᠢᠭᠤᠯᠴᠢᠯᠠᠯ ᠤᠨ ᠬᠥᠳᠡᠭᠡ ᠲᠣᠰᠬᠤᠨ ᠢ ᠪᠥᠬᠦ ᠬᠦᠴᠦᠨ ᠢᠶᠠᠷ ᠢᠶᠠᠨ ᠪᠦᠳᠦᠬᠡᠨ ᠪᠠᠶᠢᠭᠤᠯᠤᠨ᠎ᠠ᠃     ︵ᠭᠤᠷᠪᠠ︶ ᠥᠭᠡᠷᠡᠴᠢᠯᠡᠯᠲᠡ ᠬᠢᠵᠤ ᠰᠢᠨ᠎ᠡ ᠶᠢ ᠡᠬᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠤᠢ ᠪᠣᠯᠭᠠᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠪᠡᠶᠡᠯᠡᠬᠦᠯᠬᠦ ᠶᠢ ᠪᠠᠷᠢᠮᠲᠠᠯᠠᠵᠤ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠴᠢᠨᠠᠭᠰᠢᠳᠠ ᠳᠡᠭᠡᠭᠰᠢᠯᠡᠭᠦᠯᠵᠦ᠂ ᠳᠣᠲᠣᠭᠠᠳᠤ ᠬᠥᠳᠡᠯᠭᠡᠬᠦ ᠬᠦᠴᠦᠨ ᠢ ᠨᠡᠩ ᠶᠡᠭᠡ ᠡᠷᠴᠢᠮ ᠢᠶᠠᠷ ᠬᠥᠭᠵᠢᠭᠡᠵᠦ᠂ ᠬᠥᠭᠵᠢᠯᠲᠡ ᠶᠢᠨ ᠡᠬᠢ ᠪᠠᠶᠠᠯᠢᠭ ᠢ ᠴᠢᠨᠠᠭᠰᠢᠳᠠ ᠲᠥᠪᠯᠡᠷᠡᠭᠦᠯᠵᠦ᠂ ᠬᠥᠭᠵᠢᠯᠲᠡ ᠶᠢᠨ ᠳᠠᠪᠠᠭᠤᠯᠢᠭ ᠢ ᠪᠠᠬᠢᠵᠢᠬᠦᠯᠦᠨ᠎ᠡ᠃     ᠨᠢᠭᠡ ᠳᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠦᠷᠭᠦᠯᠵᠢᠯᠡᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠶ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠲᠤᠰᠬᠠᠢ ᠲᠥᠷᠥᠯ ᠤᠨ ᠪᠡᠯᠡ ᠮᠥᠩᠭᠦ ᠶᠢ 2000 ᠲᠦᠮᠡᠨ ᠲᠥᠭᠦᠷᠢᠭ ᠲᠤᠬᠢᠷᠠᠭᠤᠯᠵᠤ᠂ ᠠᠵᠤ ᠠᠬᠤᠶᠢᠯᠠᠯ ᠢ ᠵᠢᠯᠣᠭᠤᠳᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠶᠢ 2.68% ᠳᠤ ᠬᠦᠷᠭᠡᠬᠦ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠠᠬᠤᠶᠢᠯᠠᠯ  ︵ᠢᠨᠵᠧᠨᠧᠷᠢᠩ︶ ᠤᠨ ᠮᠡᠷᠭᠡᠵᠢᠯ ᠤᠨ ᠲᠥᠪ 4᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 1 ᠶᠢ ᠪᠤᠶᠢᠵᠢᠭᠤᠯᠤᠨ ᠬᠢᠨᠠᠨ ᠲᠤᠬᠳᠠᠭᠠᠵᠤ᠂ ᠲᠡᠮᠦᠷᠯᠢᠭ ᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠤᠯᠭᠠᠨ ᠡᠭᠦᠳᠦᠨ ᠪᠠᠶᠢᠭᠤᠯᠤᠨ᠎ᠠ᠃ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ︽ᠤᠷᠤᠯᠳᠤᠭᠠᠨ ᠢᠶᠠᠷ ᠴᠢᠳᠠᠪᠤᠷᠢᠲᠠᠨ ᠢ ᠲᠠᠲᠠᠬᠤ᠂ ᠠᠵᠤ ᠦᠢᠯᠡᠰ ᠮᠥᠩᠭᠦᠨ ᠭᠦᠢᠯᠭᠡᠬᠡᠨ ᠢᠶᠠᠷ ᠡᠨᠧᠷᠭᠢ ᠣᠯᠭᠤᠬᠤ︾ ᠠᠭᠤᠰᠤᠯᠴᠠᠨ ᠬᠥᠭᠵᠢᠬᠦ ᠠᠷᠭ᠎ᠠ ᠵᠠᠮ ᠢ ᠭᠦᠨᠵᠡᠭᠡᠶᠢᠷᠡᠭᠦᠯᠵᠦ᠂ ᠬᠤᠶᠠᠳᠤᠭᠠᠷ ᠬᠤᠭᠤᠴᠠᠭᠠᠨ ᠤ ︽ᠳᠤᠮᠳᠠᠳᠤ ᠤᠯᠤᠰ · ᠪᠤᠭᠤᠲᠤ  ᠶᠢᠨ ᠪᠦᠬᠦ ᠪᠥᠮᠪᠥᠷᠴᠡᠭ ᠤᠨ ᠰᠢᠨ᠎ᠡ ᠶᠢ ᠡᠭᠦᠳᠴᠦ ᠦᠢᠯᠡᠰ ᠪᠤᠰᠬᠠᠬᠤ ᠤᠷᠤᠯᠳᠤᠭᠠᠨ︾ ᠢ ᠨᠠᠷᠢᠨ ᠨᠢᠮᠪᠠᠢ ᠰᠠᠶᠢᠲᠤᠷ ᠡᠷᠬᠢᠯᠡᠵᠦ ᠂ ᠲᠡᠭᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠵᠢᠯ ᠤᠨ ᠳᠣᠲᠣᠷ᠎ᠠ ᠲᠡᠭᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 110 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠯᠧᠮᠧᠨ᠋ᠲ ᠢ ᠲᠦᠪᠯᠡᠷᠡᠬᠦᠯᠬᠦ ᠶᠢ ᠴᠢᠩᠭᠠᠳᠬᠠᠨ᠎ᠠ᠃ ᠤᠮᠠᠷᠠᠲᠤ ᠶᠢᠨ ᠴᠢ ᠴᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠲᠦᠷᠦᠯ ᠲᠡᠮᠳᠡᠭ ᠢ ᠥᠨᠳᠥᠷ ᠪᠠᠷᠢᠮᠵᠢᠶ᠎ᠠ ᠪᠠᠷ ᠡᠬᠦᠳᠦᠨ ᠪᠠᠶᠢᠭᠤᠯᠵᠤ᠂ ᠵᠢᠯ ᠤᠨ ᠳᠣᠲᠣᠷ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 70 ᠠᠵᠤ ᠠᠬᠤᠶᠢᠯᠠᠯ᠂ 6  ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠢᠯᠡᠴᠢᠯᠡᠭᠡᠨ ᠤ 20 ᠪᠠᠶᠢᠭᠤᠯᠤᠮᠵᠢ ᠶᠢ ᠤᠷᠤᠭᠤᠯᠤᠨ ᠠᠪᠴᠢᠷᠠᠨ᠎ᠠ᠃ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠤᠯᠤᠰ ᠤᠨ ᠮᠡᠷᠭᠡᠵᠢᠯ ᠢ ᠰᠢᠯᠵᠢᠭᠦᠯᠬᠦ ᠲᠥᠪ ᠵᠡᠷᠭᠡ ᠲᠠᠭᠠᠭᠤᠯᠤᠬᠴᠢ ᠠᠵᠤ ᠠᠬᠤᠶᠢᠯᠠᠯ ᠳᠤ ᠲᠦᠰᠢᠭᠯᠡᠨ᠂ ᠮᠡᠷᠭᠡᠵᠢᠯ ᠢ ᠰᠢᠯᠵᠢᠭᠦᠯᠬᠦ ᠠᠷᠠᠯᠵᠢᠶ᠎ᠠ᠂ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠶᠯᠭᠡᠬᠡᠨ᠂ ᠰᠤᠳᠤᠯᠤᠨ ᠨᠡᠭᠡᠭᠡᠬᠦ ᠳᠤᠮᠳᠠᠬᠢ ᠲᠤᠷᠰᠢᠯᠲᠠ ᠬᠢᠵᠦ ᠨᠡᠪᠴᠢᠭᠦᠯᠬᠦ ᠵᠡᠷᠭᠡ ᠲᠠᠪᠤᠨ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠲᠠᠪᠴᠠᠩ ᠢ ᠪᠠᠶᠢᠭᠤᠯᠤᠨ᠎ᠡ᠃ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠨᠳᠤᠤᠰᠢᠭᠤᠯᠬᠤ ᠶᠢ ᠠᠬᠢᠭᠤᠯᠤᠨ᠎ᠠ᠃ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠨᠳᠤᠤᠰᠢᠭᠤᠯᠬᠤ ᠶᠢ 10 ᠵᠦᠶᠯ ᠠᠴᠠ ᠳᠡᠭᠡᠭᠰᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠭᠡᠷ᠎ᠡ  ᠶᠢᠨ ᠠᠷᠠᠯᠵᠢᠶ᠎ᠡ ᠶᠢᠨ ᠬᠡᠮᠵᠢᠶ᠎ᠡ ᠶᠢ 30% ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠬᠤᠸᠠ ᠷᠦᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠡᠯᠡ ᠤᠷᠤᠭᠤᠯᠤᠯᠳᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠠᠺᠠᠳᠧᠮᠢᠴᠢ ᠶᠢᠨ ᠠᠵᠢᠯ ᠤᠨ ᠥᠷᠲᠡᠭᠡ ᠶᠢ ᠪᠠᠶᠢᠭᠤᠯᠬᠤ ᠶᠢ ᠠᠬᠢᠭᠤᠯᠵᠤ᠂ ᠰᠤᠷᠭᠠᠭᠤᠯᠢ ᠭᠠᠵᠠᠷ ᠣᠷᠣᠨ ᠠᠵᠤ ᠠᠬᠤᠶᠢᠯᠠᠯ ᠬᠠᠮᠲᠤᠷᠠᠨ ᠨᠢᠭᠡ ᠪᠦᠯᠦᠭ ᠵᠠᠪᠰᠠᠷ ᠤᠨ ᠴᠢᠨᠡᠷᠳᠡᠢ ᠲᠤᠷᠰᠢᠯᠲᠠ ᠶᠢᠨ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠤᠨ᠎ᠠ᠃ ᠪᠤᠭᠤᠲᠤ ᠶᠢᠨ ᠪᠣᠯᠣᠳ ᠲᠡᠮᠦᠷ ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠪᠠ ᠤᠮᠠᠷᠠᠲᠤ ᠶᠢᠨ ᠴᠢ ᠴᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠮᠡᠷᠭᠡᠵᠢᠯ ᠤᠨ ᠬᠠᠮᠲᠤᠷᠠᠯᠴᠠᠭ᠎ᠠ᠂ ᠡᠬᠢ ᠪᠠᠶᠠᠯᠢᠭ ᠤᠨ ᠬᠠᠷᠢᠯᠴᠠᠨ ᠨᠥᠬᠦᠪᠥᠷᠢᠯᠡᠬᠦ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠤᠨ᠎ᠠ᠃ ᠪᠦᠬᠦ ᠶᠠᠪᠤᠴᠠ ᠶᠢᠨ ᠰᠢᠨᠵᠢᠯᠡᠬᠦ ᠲᠧᠭᠨᠢᠭ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠶᠢ ᠬᠡᠷᠡᠭᠯᠡᠬᠦ ᠬᠡᠪᠴᠢᠶ᠎ᠡ ᠶᠢ ᠴᠢᠩᠭᠠᠳᠬᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ e ᠵᠢᠭᠡᠯᠡᠯᠭᠡ︾ ᠶᠢᠨ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠦᠢᠯᠡᠳᠬᠦᠨ ᠢ ᠨᠠᠶᠢᠳᠡᠯᠡᠵᠤ᠂ ᠨᠢᠭᠲᠠᠯᠠᠨ ᠪᠤᠳᠤᠭᠴᠢ᠂ ᠭᠠᠶᠢᠯᠢ ᠶᠢᠨ ᠶᠠᠪᠤᠳᠠᠯ ᠤᠨ ᠮᠡᠷᠭᠡᠵᠢᠯᠲᠡᠨ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠪᠥᠬᠦ ᠬᠦᠴᠦᠨ ᠵᠦᠶᠯ ᠤᠨ ᠲᠤᠰᠬᠠᠶ ᠦᠶᠯᠡᠴᠢᠯᠡᠭᠡ ᠬᠠᠩᠭᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠭᠦᠨᠵᠡᠭᠡᠶᠢᠷᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠲᠠᠢ ᠨᠢᠬᠳᠠ ᠤᠶᠠᠯᠳᠤᠭᠤᠯᠤᠨ ᠴᠢᠳᠠᠪᠤᠷᠢᠲᠠᠨ ᠤ ᠬᠡᠯᠬᠢᠶ᠎ᠡ ᠶᠢ ᠪᠠᠶᠢᠷᠢᠰᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠴᠢᠳᠠᠪᠤᠷᠢᠲᠠᠨ ᠢ ᠤᠷᠢᠵᠤ ᠤᠷᠤᠭᠤᠯᠬᠤ ᠪᠠ ᠬᠥᠮᠦᠵᠢᠭᠦᠯᠬᠦ ᠶᠢ ᠴᠢᠩᠭᠠᠳᠬᠠᠵᠤ᠂ ᠰᠠᠢ ᠴᠤᠸᠠᠩ ᠪᠣᠯᠪᠠᠰᠤᠷᠠᠭᠤᠯᠤᠯ  ᠤᠨ ᠳᠡᠭᠡᠳᠦ ᠰᠤᠷᠭᠠᠭᠤᠯᠢ᠂ ᠵᠢᠢ ᠴᠤᠸᠠᠩ ᠬᠦ᠋᠂  ᠯᠢᠶᠠᠨ ᠸᠠᠨ ᠬᠤᠳᠠᠯᠳᠤᠭᠠᠨ ᠤᠨ ᠤᠬᠠᠭᠠᠨ ᠵᠡᠷᠭᠡ ᠲᠠᠪᠴᠠᠩ ᠢ ᠪᠠᠶᠢᠭᠤᠯᠵᠤ᠂ ᠵᠢᠯ ᠤᠨ ᠳᠣᠲᠣᠷ᠎ᠠ ᠲᠡᠭᠡᠳᠤ ᠲᠡᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ 220 ᠴᠢᠳᠠᠪᠤᠷᠢᠲᠠᠨ ᠢ ᠬᠥᠮᠦᠵᠢᠭᠦᠯᠦᠨ᠂ 200 ᠨᠡᠷ᠎ᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠢᠨ᠎ᠡ ᠪᠠᠷ ᠨᠡᠮᠡᠭᠳᠡᠭᠦᠯᠦᠨ᠎ᠡ᠃  ᠬᠤᠶᠠᠷ ᠲᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠠ ᠲᠤᠰᠬᠠᠶᠢᠵᠢᠭᠤᠯᠤᠨ ᠨᠡᠶᠢᠳᠬᠡᠬᠦ ᠶᠢ ᠳᠡᠮᠵᠢᠵᠦ᠂ ᠭᠡᠷ᠎ᠡ ᠶᠢᠨ ᠬᠠᠮᠢᠶᠠᠷᠤᠯᠲᠠ ᠪᠠᠷ ᠭᠤᠤᠯ ᠪᠣᠯᠭᠠᠭᠰᠠᠨ ᠵᠠᠬ᠎ᠠ ᠳᠡᠯᠭᠡᠭᠦᠷᠴᠢᠯᠡᠭᠰᠡᠨ ᠠᠵᠢᠯᠴᠢᠨ ᠬᠡᠷᠡᠭᠯᠡᠬᠦ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠤᠰ ᠤᠨ ᠥᠮᠴᠢᠯᠠᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠬᠢᠷᠢ ᠪᠦᠲᠦᠮᠵᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯᠯᠠᠭᠠᠨ ᠤ ᠦᠷ᠎ᠡ ᠠᠰᠢᠭ ᠪᠠ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠨᠢᠬᠳᠠᠷᠠᠬᠰᠠᠨ ᠬᠡᠯᠪᠡᠷᠢ ᠶᠢᠨ ᠬᠤᠲᠠ ᠶᠢᠨ ᠡᠮ ᠡᠮᠨᠡᠯᠬᠡ ᠶᠢᠨ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠠᠵᠢᠯᠯᠠᠭᠠᠨ ᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠥᠬᠦ ᠣᠷᠣᠨ ᠪᠦᠰᠡ ᠶᠢᠨ ᠨᠢᠭᠡ ᠴᠣᠭᠴᠠᠵᠢᠭᠰᠠᠨ ᠦᠷᠭᠦᠯᠵᠢᠯᠡᠬᠦ ᠴᠢᠨᠠᠷᠲᠠᠶ ᠡᠮᠴᠢᠯᠡᠭᠡᠨ ᠤ ᠦᠶᠯᠡᠴᠢᠯᠡᠭᠡ ᠶᠢ ᠪᠡᠶᠡᠯᠡᠭᠦᠯᠵᠦ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠦᠪᠰᠢᠨ ᠪᠠ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠤᠴᠢᠷ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠮᠡᠳᠡᠭᠳᠡᠬᠦ ᠠᠮᠠᠯᠲᠠᠬᠤ ᠬᠢᠨᠠᠨ ᠵᠥᠪᠰᠢᠶᠡᠷᠡᠬᠦ︾᠂ ︽ᠭᠡᠷᠡᠴᠢ ᠦᠨᠡᠮᠯᠡᠯ ᠢ ᠰᠠᠯᠭᠠᠬᠤ︾᠂ ︽ᠨᠢᠭᠡ ᠠᠵᠢᠯ ᠲᠥᠷᠥᠯ ᠳᠤ ᠨᠢᠭᠡ ᠦᠨᠡᠮᠯᠡᠯ ᠲᠠᠢ ᠪᠠᠶᠢᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠬᠦᠷᠢᠶᠡᠨ ᠳᠠᠬᠢ ᠠᠵᠤ ᠠᠬᠤᠶᠢᠯᠠᠯ ᠳᠤ ᠬᠤᠯᠪᠣᠭᠳᠠᠬᠰᠠᠨ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ ᠠᠷᠠᠯᠵᠢᠶ᠎ᠡ ᠶᠢᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠨᠠᠩ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠣᠷᠣᠬᠤ ᠶᠢ ᠵᠥᠪᠰᠢᠶᠡᠷᠡᠭᠰᠡᠨ ᠲᠠᠷᠤᠢ ᠡᠵᠡᠩᠨᠡᠬᠦ ᠶᠢ ᠵᠥᠪᠰᠢᠶᠡᠷᠡᠬᠦ︾ ᠶᠢ ᠪᠡᠶᠡᠯᠡᠭᠦᠯᠬᠦ ᠶᠢ ᠪᠠᠲᠤᠯᠠᠵᠤ᠂ ᠪᠦᠬᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 8500 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃   ᠭᠤᠷᠪᠠ ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠳᠥᠭᠦᠮ ᠳᠥᠲᠡ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠤ ᠠᠬᠤᠶᠢᠯᠠᠯ ᠪᠠᠶᠢᠭᠤᠯᠬᠤ᠂ ᠬᠦᠴᠦᠨ ᠥᠬᠡᠶ ᠪᠣᠯᠭᠠᠬᠤ ᠵᠡᠷᠭᠡ ᠭᠤᠤᠯᠳᠠᠯᠭ᠎ᠠ ᠲᠠᠢ ᠥᠨᠳᠥᠷ ᠳᠠᠪᠲᠠᠮᠵᠢᠲᠤ ᠵᠦᠶᠯᠡᠰ ᠤᠨ ︽ᠨᠢᠭᠡ ᠶᠠᠪᠤᠳᠠᠯ︾ ᠤᠨ ᠲᠦᠪᠯᠡᠷᠡᠭᠰᠡᠨ ᠦᠶᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠢᠯ ᠶᠠᠪᠤᠳᠠᠯ ᠭᠦᠶᠴᠡᠳᠬᠡᠬᠦ  ᠲᠡᠰ ᠲᠠᠷᠠᠭᠠᠯᠠᠯ ᠢ ᠰᠢᠯᠢᠳᠡᠭᠵᠢᠭᠦᠯᠦᠨ ᠳᠠᠬᠢᠨ ᠵᠤᠬᠢᠶᠠᠵᠤ᠂ ︽ᠲᠤᠭ᠎ᠠ ᠪᠠᠷᠢᠮᠲᠠ ᠶᠢ ᠭᠦᠶᠦᠯᠭᠡᠬᠦ︾ ᠪᠠᠷ ︽ᠣᠯᠠᠨ ᠲᠦᠮᠡᠨ ᠢ ᠭᠦᠶᠦᠯᠭᠡᠬᠦ︾ ᠶᠢ ᠣᠷᠣᠯᠠᠭᠤᠯᠤᠨ᠎ᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢ ᠭᠦᠨᠵᠡᠭᠡᠶᠢᠷᠡᠭᠦᠯᠵᠦ᠂ ︽ᠮᠥᠩᠬᠡ ᠰᠤᠪᠠᠭ︾  ᠦᠶᠯᠡᠴᠢᠯᠡᠭᠡ ᠶᠢ  ᠲᠦᠪᠯᠡᠷᠡᠬᠦᠯᠬᠦ᠂ ᠲᠤᠭ᠎ᠠ ᠪᠠᠷᠢᠮᠲᠠ ᠶᠢᠨ ᠲᠦᠪᠯᠡᠷᠡᠯ ᠤᠨ ᠳᠠᠪᠠᠭᠤᠯᠢᠭ ᠢ ᠪᠠᠳᠠᠷᠠᠭᠤᠯᠤᠨ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ᠰᠦᠯᠵᠢᠶᠡᠨ ᠳᠡᠭᠡᠷ᠎ᠡ ᠭᠦᠶᠴᠡᠳᠬᠡᠬᠦ ᠵᠦᠶᠯᠡᠰ ᠢ ᠬᠥᠳᠡᠯᠦᠩᠭᠦᠶ ᠪᠠᠷ ᠰᠢᠨᠡᠳᠬᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 1192 ᠵᠦᠶᠯ ᠢ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ ᠪᠡᠶᠡᠯᠡᠭᠦᠯᠦᠨ᠂ ︽ᠳᠠᠭᠠᠭᠤᠯᠤᠨ ᠭᠦᠶᠴᠡᠳᠬᠡᠬᠦ︾᠂ ︽ᠬᠠᠪᠰᠤᠷᠤᠨ ᠭᠦᠶᠴᠡᠳᠬᠡᠬᠦ︾᠂ ︽ᠣᠷᠣᠯᠠᠨ ᠭᠦᠶᠴᠡᠳᠬᠡᠬᠦ︾ ᠦᠶᠯᠡᠴᠢᠯᠡᠭᠡ ᠶᠢ ᠨᠠᠷᠢᠯᠢᠭᠵᠢᠭᠤᠯᠵᠤ᠂  ᠲᠡᠷᠢᠬᠦᠨ ᠵᠡᠷᠬᠡ ᠶᠢᠨ ᠬᠤᠳᠠᠯᠳᠤᠭ᠎ᠠ ᠡᠷᠬᠢᠯᠡᠬᠦ ᠲᠣᠭᠠᠴᠢᠯᠠᠭᠰᠠᠨ ᠣᠷᠴᠢᠨ ᠨᠥᠬᠦᠴᠡᠯ ᠢ ᠪᠣᠶ ᠪᠣᠯᠭᠠᠨ᠎ᠠ᠃ ᠲᠦᠪ ᠭᠤᠤᠯᠴᠢ ᠬᠠᠦᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠬᠢᠨᠠᠨ ᠵᠦᠪᠰᠢᠶᠡᠷᠡᠬᠦ ᠪᠠ ᠬᠢᠨᠠᠨ ᠬᠠᠮᠢᠶᠠᠷᠬᠤ ᠬᠠᠷᠢᠯᠴᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠢᠲᠡᠭᠡᠮᠵᠢ ᠶᠢᠨ ᠠᠮᠠᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ︽ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ︾ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠢᠲᠡᠭᠡᠮᠵᠢ ᠲᠠᠢ ᠪᠠᠶᠢᠬᠰᠠᠳ ᠠᠮᠠᠷᠬᠠᠨ ᠪᠤᠯᠬᠤ +︾ ᠬᠡᠷᠡᠭᠯᠡᠭᠡᠨ ᠤ ᠦᠵᠡᠭᠳᠡᠯ ᠲᠠᠯᠠᠪᠤᠷ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠠᠵᠤ ᠠᠬᠤᠶᠢᠯᠠᠯ ᠤᠨ ᠲᠥᠷᠥᠯ ᠬᠤᠪᠢᠶᠠᠨ ᠬᠠᠮᠲᠤᠷᠠᠨ ᠬᠥᠳᠡᠯᠦᠯᠴᠡᠬᠦ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠡᠷᠬᠡ ᠲᠡᠭᠰᠢ᠂ ᠲᠥᠪ ᠭᠤᠤᠯᠴᠢ᠂ ᠵᠢᠱᠢᠵᠤ ᠪᠤᠯᠬᠤᠶᠢᠴᠠ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠶᠯᠡᠴᠢᠯᠡᠭᠡ ᠶᠢ ᠴᠢᠩᠭᠠᠷᠠᠭᠤᠯᠤᠨ᠎ᠠ᠃ ︽ᠬᠦᠷᠢᠶᠡᠯᠡᠩ ᠲᠣᠭᠤᠷᠢᠭ ᠤᠨ ᠠᠷᠪᠠᠨ ᠵᠤᠷᠪᠤᠰ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ᠬᠤᠷᠢᠨ ᠭᠤᠷᠪᠠᠨ ᠵᠤᠷᠪᠤᠰ︾᠂ ︽ᠴᠢᠳᠠᠪᠤᠷᠢᠲᠠᠨ ᠤ ᠲᠤᠬᠠᠢ ᠠᠷᠪᠠᠨ ᠵᠤᠷᠪᠤᠰ︾  ᠵᠡᠷᠬᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ ︽ᠠᠵᠤ ᠠᠬᠤᠶᠢᠯᠠᠯ ᠭᠠᠵᠠᠷ ᠣᠷᠣᠨ ᠢ ᠠᠭᠤᠰᠤᠯᠴᠠᠭᠤᠯᠬᠤ ᠶᠠᠷᠢᠯᠴᠠᠬᠤ ᠬᠤᠷᠠᠯ︾᠂ ︽ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ︾ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳᠤ ᠲᠥᠬᠦᠮ ᠦᠵᠡᠭᠦᠯᠬᠦ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠳᠥᠷᠪᠡ ᠳᠤ᠂ ᠬᠦᠷᠢᠶᠡᠯᠡᠩ ᠲᠣᠭᠤᠷᠢᠭ ᠤᠨ ᠴᠢᠨᠠᠷ ᠴᠢᠨᠰᠠᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠩ ᠬᠤᠸᠠ ᠵᠡᠭᠡᠯᠢ ᠵᠡᠷᠭᠡ 3 ᠵᠤᠷᠪᠤᠰ 5.2 ᠺᠢᠯᠦᠮᠧᠲᠷ ᠤᠨ ᠵᠠᠮ ᠪᠠ 14.5 ᠺᠢᠯᠦᠮᠧᠲᠷ ᠤᠨ ᠤᠰᠤ ᠲᠠᠲᠠᠬᠤ ᠬᠤᠭᠤᠯᠠᠢ᠂ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠵᠢᠯ ᠤᠨ ᠳᠣᠲᠣᠷ᠎ᠠ 4000 ᠮᠤ᠋ ᠭᠠᠵᠠᠷ ᠰᠢᠷᠣᠢ ᠶᠢ ᠬᠤᠷᠢᠶᠠᠨ ᠨᠥᠭᠡᠴᠡᠯᠡᠵᠦ᠂ ᠪᠠᠷᠢᠮᠵᠢᠶᠠᠵᠢᠭᠰᠠᠨ ᠦᠶᠯᠡᠳᠪᠦᠷᠢ ᠶᠢᠨ ᠪᠠᠶᠢᠰᠢᠩ ᠢ 7.5 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ᠂ ᠠᠵᠤ ᠠᠬᠤᠶᠢᠯᠠᠯ ᠤᠨ ︽ᠰᠢᠭᠤᠳ ᠣᠷᠣᠵᠤ ᠰᠠᠭᠤᠪᠠᠯ ᠪᠤᠯᠴᠢᠬᠠᠬᠤ︾ ᠶᠢ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠴᠠᠬᠢᠭᠤᠷ ᠤᠨ ᠠᠵᠤ ᠦᠢᠯᠡᠰ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠵᠦ  ᠡᠬᠡᠬᠦᠯᠦᠨ ᠬᠡᠷᠡᠭᠯᠡᠬᠦ ᠦᠢᠯᠡᠳᠪᠦᠷᠢ᠂ ᠬᠦᠷᠢᠶᠡᠯᠡᠩ ᠲᠣᠭᠤᠷᠢᠭ ᠤᠨ ᠪᠣᠬᠢᠷ ᠤᠰᠤᠨ ᠤ ᠪᠠᠴᠢᠮ ᠪᠠᠶᠢᠳᠠᠯ ᠢ ᠠᠷᠭᠠᠴᠠᠭᠠᠬᠤ ᠠᠳᠡᠯ ᠤᠨ ᠤᠰᠤᠨ ᠴᠥᠭᠦᠷᠥᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠪᠤᠷᠬᠠᠨᠲᠤ ᠶᠢᠨ 500KV ᠤᠨ  ᠬᠤᠪᠢᠰᠬᠠᠭᠤᠷ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠤᠰᠤ ᠴᠠᠬᠢᠯᠭᠠᠨ ᠤ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠴᠢᠳᠠᠪᠤᠷᠢ ᠶᠢᠨ ᠲᠡᠰ ᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠭᠠᠯ ᠰᠡᠷᠬᠡᠶᠢᠯᠡᠵᠤ ᠭᠠᠯ ᠤᠨᠲᠠᠷᠠᠭᠠᠬᠤ ᠬᠠᠮᠢᠶᠠᠷᠤᠯᠲᠠ ᠶᠢ ᠴᠢᠩᠭᠠᠳᠬᠠᠨ᠂ ᠳᠤᠲᠠᠭᠤᠳᠠᠯ ᠢ ᠨᠥᠬᠦᠪᠥᠷᠢᠯᠡᠬᠦ ᠡᠯ᠎ᠡ ᠵᠦᠶᠯ ᠤᠨ ᠡᠭᠦᠷᠭᠡ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠢᠮᠢ ᠶᠢᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ︵ᠬᠡᠰᠡᠭ︶ ᠤᠨ ᠬᠢᠨᠠᠨ ᠲᠣᠭᠲᠠᠭᠠᠯᠲᠠ ᠶᠢ ᠤᠯᠬᠤ ᠪᠠᠷ ᠴᠢᠷᠮᠠᠶᠢᠨ᠎ᠠ᠃ ︽ᠮᠦ ᠨᠢᠬᠡᠴᠢ ᠶᠢᠨ ᠦᠷ᠎ᠠ ᠠᠰᠢᠭ ᠢᠶᠠᠷ ᠪᠠᠭᠠᠲᠤᠷ ᠢ ᠦᠨᠡᠯᠡᠬᠦ︾  ᠲᠤᠬᠳᠠᠴᠠ ᠶᠢ ᠴᠢᠩᠭᠠᠳᠬᠠᠵᠤ᠂ ᠵᠥᠪ ᠴᠢᠭᠯᠡᠯ ᠢᠶᠠᠷ ᠵᠣᠷᠢᠭᠵᠢᠭᠤᠯᠬᠤ ᠪᠠ ᠡᠰᠡᠷᠭᠦ ᠴᠢᠭᠯᠡᠯ ᠢᠶᠠᠷ ᠰᠢᠬᠠᠮᠳᠠᠭᠤᠯᠬᠤ ᠲᠤᠬᠳᠠᠴᠠ ᠶᠢ ᠴᠢᠩᠭᠠᠳᠬᠠᠵᠤ᠂ ᠳᠣᠣᠷ᠎ᠠ ᠦᠷ᠎ᠡ ᠠᠰᠢᠭᠲᠤ ᠰᠤᠯᠠ ᠪᠠᠶᠢᠭ᠎ᠠ ᠭᠠᠵᠠᠷ ᠰᠢᠷᠣᠢ ᠶᠢ ᠵᠠᠰᠠᠨ ᠴᠡᠭᠴᠡᠯᠡᠬᠦ ᠶᠢ ᠲᠦᠷᠭᠡᠳᠬᠡᠵᠦ᠂ ᠪᠡᠯᠡ ᠣᠷᠣᠭᠤᠯᠤᠯᠲᠠ ᠶᠢᠨ ᠬᠦᠴᠦᠯᠡᠴᠡ ᠶᠢ 270 ᠲᠦᠮᠡᠨ ᠲᠥᠭᠦᠷᠢᠭ / ᠮᠤ᠋᠂ ᠦᠢᠯᠡᠳᠬᠦᠨ ᠤ ᠥᠷᠲᠡᠭ ᠢ 335 ᠲᠦᠮᠡᠨ ᠲᠥᠭᠦᠷᠢᠭ / ᠮᠤ᠋᠂ ᠭᠠᠶᠢᠯᠢ ᠶᠢᠨ ᠣᠷᠣᠯᠭ᠎ᠠ   ᠶᠢ 14.5 ᠲᠦᠮᠡᠨ ᠲᠥᠭᠦᠷᠢᠭ / ᠮᠤ᠋ ᠬᠦᠷᠬᠡᠬᠦ ᠪᠠᠷ ᠴᠢᠷᠮᠠᠶᠢᠵᠤ᠂ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠬᠥᠭᠵᠢᠭᠡᠨ᠎ᠡ᠃ ᠤᠶᠤᠨᠳᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠨᠢᠭᠡ ᠴᠣᠠᠠᠴᠠᠵᠢᠭᠤᠯᠥᠠᠠᠰᠠᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠪᠠ ᠣᠶᠤᠨᠴᠢᠯᠠᠭᠰᠠᠨ ᠠᠴᠢᠶᠠᠯᠠᠪᠤᠷᠢ ᠶᠢ ᠪᠠᠶᠢᠭᠤᠯᠵᠤ᠂ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ᠂ ᠳᠠᠭᠠᠭᠠᠴᠠ ᠠᠴᠠ ᠬᠡᠲᠦᠷᠡᠲᠡᠯ᠎ᠡ ᠲᠡᠬᠡᠬᠡᠪᠦᠷᠢᠯᠡᠬᠦ ᠶᠢ ᠵᠠᠰᠠᠬᠤ ᠰᠢᠰᠲ᠋ᠧᠮ᠂ ᠭᠠᠵᠠᠷ ᠳᠤᠤᠷᠠᠬᠢ ᠬᠤᠭᠤᠯᠠᠶ ᠶᠢᠨ ᠲᠤᠤᠷ ᠭᠤᠷᠪᠠᠨ ᠬᠡᠮᠵᠢᠯᠳᠦ ᠵᠠᠭᠪᠤᠷ ᠢ ᠪᠠᠶᠢᠭᠤᠯᠬᠤ ᠪᠠ ᠲᠣᠭᠤᠷᠢᠨ ᠡᠵᠡᠮᠳᠡᠬᠦ᠂ ᠲᠠᠷᠬᠠᠮᠠᠯ ᠮᠠᠶ᠋ᠢᠭ ᠤᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ᠂ ᠬᠦᠷᠢᠶᠡᠯᠡᠩ ᠲᠣᠭᠤᠷᠢᠭ ᠤᠨ ᠲᠡᠮᠳᠡᠭ ᠫᠠᠶᠢᠰᠠ ᠶᠢᠨ ᠪᠠᠶᠢᠭᠤᠯᠤᠯᠲᠠ᠂ ᠬᠡᠷᠡᠯ ᠲᠠᠳᠠᠯᠭ᠎ᠠ ᠶᠢ ᠪᠦᠷᠬᠦᠬᠦᠯᠦᠨ ᠤᠬᠰᠠᠷᠠᠬᠤ ᠵᠡᠷᠭᠡ ᠵᠢᠷᠭᠤᠭᠠᠨ ᠶᠡᠭᠡ ᠢᠨᠵᠧᠨᠧᠷᠢᠩ ᠢ ᠱᠠᠲᠤ ᠳᠠᠷᠠᠭᠠᠯᠠᠨ ᠠᠬᠢᠭᠤᠯᠵᠤ᠂ ᠠᠵᠤ ᠦᠶᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ  ᠲᠦᠪᠰᠢᠨ ᠢ ᠳᠡᠭᠡᠭᠰᠢᠯᠡᠭᠦᠯᠦᠨ᠎ᠡ᠃    ︵ᠲᠦᠷᠪᠡ︶  ᠦᠢᠯᠡᠳᠦᠯ ᠴᠢᠳᠠᠪᠬᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠥᠭᠵᠢᠯᠲᠡ ᠶᠢ ᠪᠡᠶᠡᠯᠡᠬᠦᠯᠬᠦ ᠶᠢ ᠠᠬᠢᠭᠤᠯᠤᠨ᠎ᠠ᠃ ᠠᠷᠠᠳ ᠤᠨ ᠬᠤᠳᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠳᠠ ᠨᠢ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠳᠠᠯᠠᠵᠤ᠂ 41.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠲᠤᠯᠤᠭᠠᠨ ᠶᠡᠭᠡ ᠲᠦᠷᠦᠯ ᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠤ᠂ ᠣᠷᠣᠨ ᠪᠦᠰᠡ ᠶᠢᠨ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠦᠯᠦᠪᠵᠢᠬᠦᠯᠬᠦ ᠳᠤᠮᠳᠠ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠳᠠᠨ ᠴᠢᠨᠠᠷᠲᠠᠢ ᠣᠳᠣᠬᠢᠴᠢᠯᠠᠭᠰᠠᠨ ᠬᠤᠳᠠ ᠶᠢ ᠪᠠᠶᠢᠭᠤᠯᠤᠨ᠎ᠠ᠃    ᠨᠢᠭᠡ ᠳᠤ᠂ ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠦᠯᠦᠪᠵᠢᠬᠦᠯᠦᠨ ᠬᠦᠳᠦᠯᠦᠨ ᠲᠠᠭᠠᠭᠤᠯᠵᠤ ᠰᠢᠯᠢᠳᠡᠭᠵᠢᠭᠦᠯᠤᠨ᠎ᠠ᠃ ᠤᠯᠤᠰ ᠤᠨ ᠨᠤᠳᠤᠭ ᠲᠡᠪᠢᠰᠬᠡᠷ ᠤᠨ ᠣᠷᠣᠨ ᠵᠠᠶ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠪᠠ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠤᠯ ᠲᠤᠭᠤᠷᠢᠭ ᠢ ᠳᠡᠭᠡᠭᠰᠢᠯᠡᠭᠦᠯᠬᠦ᠂ ᠬᠤᠶᠢᠳᠤ ᠭᠡᠰᠡᠭ ᠢ ᠨᠡᠭᠡᠭᠡᠨ ᠬᠥᠭᠵᠢᠭᠦᠯᠬᠦ᠂ ᠡᠮᠦᠨ᠎ᠡ ᠬᠡᠰᠡᠭ ᠢ ᠲᠡᠭᠦᠯᠳᠡᠷᠵᠢᠭᠦᠯᠬᠦ᠂ ᠪᠠᠷᠠᠭᠤᠨ ᠭᠡᠰᠡᠭ ᠢ ᠬᠥᠭᠵᠢᠭᠦᠯᠬᠦ︾ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠬᠤᠲᠠ ᠶᠢᠨ ︽ᠬᠤᠤᠰ ᠵᠠᠰᠠᠯᠲᠠ︾ ᠶᠢ ᠪᠥᠬᠦ ᠲᠠᠯ᠎ᠠ ᠪᠠᠷ ᠠᠬᠢᠭᠤᠯᠤᠨ᠎ᠠ᠃ ᠣᠯᠠᠨ ᠨᠡᠶᠢᠲᠡ ᠶᠢᠨ ᠰᠠᠭᠤᠷᠢ ᠲᠦᠬᠦᠬᠡᠷᠦᠮᠵᠢ ᠶᠢ ᠳᠡᠭᠡᠭᠰᠢᠯᠡᠭᠦᠯᠦᠨ ᠲᠡᠭᠦᠯᠳᠡᠷᠵᠢᠭᠦᠯᠬᠦ ᠢᠨᠵᠧᠨᠧᠷᠢᠩ ᠲᠠᠢ ᠤᠶᠠᠯᠳᠤᠭᠤᠯᠤᠨ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ᠂ ᠪᠦᠷᠢᠨ ᠪᠦᠳᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠬᠤᠲᠠ ᠶᠢᠨ ᠣᠨᠴᠠᠯᠢᠭᠲᠤ ᠳᠦᠷᠢ ᠲᠥᠷᠬᠦ ᠶᠢ ᠨᠠᠷᠢᠨ ᠨᠢᠮᠪᠠᠢ ᠱᠤᠭᠤᠵᠤ᠂ ᠵᠤᠭ᠎ᠠ ᠴᠡᠩᠭᠡᠯ᠂ ᠪᠡᠶ᠎ᠡ ᠴᠢᠭᠢᠷᠠᠭᠵᠢᠭᠤᠯᠬᠤ᠂ ᠨᠡᠶᠢᠭᠡᠮ ᠤᠨ ᠬᠠᠷᠢᠯᠴᠠᠭ᠎ᠠ᠂ ᠰᠣᠶᠣᠯ᠂ ᠬᠤᠲᠠ ᠶᠢᠨ ᠦᠶᠯᠡᠴᠢᠯᠡᠭᠡᠨ ᠤ ᠴᠢᠳᠠᠮᠵᠢ ᠶᠢ ᠪᠦᠷᠢᠳᠦᠬᠦᠯᠵᠤ᠂ ᠣᠯᠠᠨ ᠲᠦᠮᠡᠨ ᠳᠤ ᠳᠥᠭᠦᠮ ᠳᠥᠲᠡ ᠲᠤᠰᠠᠳᠠᠢ ᠠᠮᠢᠳᠤᠷᠠᠯ ᠤᠨ ᠵᠤᠭ᠎ᠠ ᠰᠡᠯᠡᠭᠦᠴᠡᠯ ᠤᠨ ᠣᠷᠣᠨ ᠵᠠᠶ ᠶᠢ ᠬᠠᠩᠭᠠᠨ᠎ᠠ᠃    ᠬᠤᠶᠠᠷ ᠲᠤ᠂ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ ᠪᠣᠯᠭᠠᠵᠤ ᠬᠤᠲᠠ ᠶᠢᠨ ᠰᠢᠨᠡᠴᠢᠯᠡᠯᠲᠡ ᠶᠢ ᠠᠬᠢᠭᠤᠯᠤᠨ᠎ᠠ᠃ ᠬᠤᠲᠠ ᠶᠢᠨ ᠶᠠᠪᠤᠳᠠᠯ ᠤᠨ ᠰᠠᠭᠤᠷᠢ ᠲᠦᠬᠦᠬᠡᠷᠦᠮᠵᠢ ᠶᠢ ᠲᠡᠭᠦᠯᠳᠡᠷᠵᠢᠭᠦᠯᠦᠨ᠎ᠡ᠃ ᠬᠦᠨᠳᠡᠯᠡᠨ ᠦᠢᠯᠡᠳᠪᠦᠷᠢᠴᠢᠨ ᠤ ᠡᠮᠦᠨ᠎ᠡ ᠵᠠᠮ ᠵᠡᠷᠭᠡ 3.2 ᠺᠢᠯᠣᠮᠧᠲᠷ ᠤᠨ 8 ᠵᠤᠷᠪᠤᠰ ᠵᠠᠮ ᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ ᠪᠠᠶᠠᠨ ᠤᠪᠤᠭ᠎ᠠ ᠵᠠᠮ ︵ ᠵᠡᠪᠰᠡᠭ ᠦᠢᠯᠡᠳᠪᠦᠷᠢ ᠶᠢᠨ ᠵᠠᠮ —  110 ᠤᠯᠤᠰ ᠤᠨ ᠵᠠᠮ︶᠂  ᠵᠤᠤ ᠶᠤᠸᠠᠨ ᠵᠠᠮ ︵ᠤᠳᠠᠨ ᠰᠡᠬᠦᠳᠡᠷᠳᠤ ᠡᠮᠦᠨ᠎ᠡ ᠵᠠᠮ —  ᠪᠠᠶᠠᠨ ᠤᠪᠤᠭ᠎ᠠ ᠵᠠᠮ︶᠂  ᠵᠠᠪᠰᠡᠭ ᠦᠢᠯᠡᠳᠪᠦᠷᠢ ᠶᠢᠨ ᠵᠠᠮ ᠤᠨ ᠪᠠᠷᠠᠭᠤᠨ ᠬᠥᠪᠡᠭᠡ ︵ ᠤᠳᠠᠨ ᠰᠡᠬᠦᠳᠡᠷᠳᠤ ᠵᠠᠮ — ᠪᠠᠶᠠᠨ ᠤᠪᠤᠭ᠎ᠠ ᠵᠠᠮ ︶ ᠵᠡᠷᠭᠡ 3 ᠵᠤᠷᠪᠤᠰ ᠭᠤᠤᠯ ᠱᠤᠭᠤᠮ ᠵᠠᠮ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠬᠤᠲᠠ ᠶᠢᠨ ᠲᠣᠭᠤᠷᠢᠭ ᠤᠨ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠤᠨ᠎ᠠ᠃ ᠭᠠᠵᠠᠷ ᠳᠤᠤᠷᠠᠬᠢ ᠬᠤᠭᠤᠯᠠᠶ ᠶᠢᠨ ᠲᠤᠤᠷ ᠢ 5 ᠵᠤᠷᠪᠤᠰ 5.7 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ ᠰᠠᠭᠤᠭᠠᠯᠢ ᠠᠷᠠᠳ ᠤᠨ ᠰᠢᠲᠠᠮᠠᠬᠠᠶ ᠬᠡᠶ ᠶᠢᠨ ᠮᠡᠷᠭᠡᠵᠢᠯ ᠢᠶᠠᠷ ᠰᠡᠷᠭᠡᠶᠢᠯᠡᠬᠦ ᠲᠤᠨᠤᠭ ᠲᠦᠬᠦᠬᠡᠷᠦᠮᠵᠢ ᠤᠭᠰᠠᠷᠠᠬᠤ ᠶᠢ ᠲᠡᠭᠦᠯᠳᠡᠷᠵᠢᠭᠦᠯᠦᠨ᠂ ︽ᠤᠶᠠᠨ ᠬᠠᠳᠠᠨ ᠴᠢᠨᠠᠷᠲᠠᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠴᠢᠩᠭᠠᠷᠠᠭᠤᠯᠤᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠭᠤᠷᠪᠠ ᠶᠢ ᠠᠷᠠᠳ ᠠᠴᠠ ᠠᠰᠠᠭᠤᠬᠤ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ 4.52 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 95 ᠬᠡᠰᠡᠭ ᠲᠤ᠂ 276.44 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠨᠥᠬᠦᠷᠯᠡᠯ 19  ᠳ᠋ᠤᠬᠡᠷ ᠬᠤᠷᠢᠶᠠᠯᠠᠯ ᠢ ᠤᠯᠤᠰ ᠤᠨ ᠪᠦᠷᠢᠨ ᠪᠦᠳᠦᠨ ᠨᠡᠶᠢᠭᠡᠮ ᠲᠣᠭᠤᠷᠢᠭ ᠤᠨ ᠲᠤᠷᠰᠢᠯᠲᠠ ᠶᠢᠨ ᠴᠡᠭ ᠪᠤᠯᠭᠠᠨ ᠡᠬᠦᠳᠦᠨ ᠪᠠᠶᠢᠭᠤᠯᠬᠤ ᠶᠢ ᠠᠬᠢᠭᠤᠯᠵᠤ᠂ ᠵᠢᠶᠦ᠋ᠨ ᠡᠾᠧ ᠶᠢᠨ ᠴᠧᠨ ᠹᠦ᠋᠂ ᠪᠦᠦ ᠯᠢ ᠲᠢᠶᠠᠨ ᠡᠾᠦ᠋ᠢ ᠵᠡᠷᠭᠡ ᠭᠡᠷ ᠭᠠᠵᠠᠷ ᠤᠨ ᠬᠥᠷᠥᠩᠭᠡ ᠶᠢᠨ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠷᠭᠦᠯᠵᠢᠯᠡᠨ ᠠᠬᠢᠭᠤᠯᠤᠨ᠎ᠠ᠃ 3480 ᠲᠦᠮᠡᠨ ᠲᠥᠭᠦᠷᠢᠭ ᠤᠨ ᠪᠡᠯᠡ ᠣᠷᠣᠭᠤᠯᠵᠤ ᠣᠷᠣᠨ ᠪᠦᠰᠡ ᠶᠢᠨ ᠪᠦᠬᠦᠯᠢ ᠴᠣᠭᠴᠠ ᠶᠢᠨ ᠨᠣᠭᠤᠭᠠᠷᠠᠭᠤᠯᠤᠯᠲᠠ ᠶᠢ ᠠᠬᠢᠭᠤᠯᠵᠤ᠂ 60 ᠵᠤᠷᠪᠤᠰ ᠵᠠᠮ ᠲᠠᠭᠠᠤ ᠶᠢᠨ ᠨᠥᠬᠦᠵᠦ ᠲᠠᠷᠢᠵᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠵᠠᠪᠰᠠᠷ ᠵᠠᠢ ᠶᠢ ᠨᠢ ᠦᠵᠡᠵᠤ 30 ᠬᠠᠷᠮᠠᠨ ᠴᠡᠴᠡᠷᠯᠢᠭ ᠢ ᠪᠠᠶᠢᠭᠤᠯᠵᠤ᠂ ᠵᠢᠵᠢᠭ ᠬᠡᠯᠪᠡᠷᠢ ᠶᠢᠨ ᠨᠤᠭᠤᠭᠠᠷᠠᠭᠤᠯᠤᠯᠳᠠ ᠶᠢᠨ ᠬᠡᠰᠡᠭ ᠢ ᠨᠡᠮᠡᠭᠳᠡᠬᠦᠯᠦᠨ ᠥᠷᠭᠡᠳᠬᠡᠵᠤ᠂ ︽ᠵᠠᠮ ᠢ ᠳᠠᠭᠠᠵᠤ ᠨᠣᠭᠤᠭᠠᠷᠠᠭᠤᠯᠬᠤ᠂ ᠨᠡᠶᠢᠳᠡᠮ ᠨᠣᠭᠤᠭᠠᠷᠠᠭᠤᠯᠬᠤ︾ ᠶᠢ ᠪᠡᠶᠡᠯᠡᠭᠦᠯᠦᠨ᠎ᠡ᠃     ᠭᠤᠷᠪᠠ ᠳᠤ᠂ ᠨᠠᠷᠢᠯᠢᠭ ᠪᠥᠭᠡᠳ ᠣᠶᠤᠨᠴᠢ ᠪᠠᠷ ᠬᠤᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠤᠲᠠ ᠶᠢᠨ ᠳᠦᠷᠢ ᠲᠥᠷᠬᠦ ᠶᠢ ᠪᠠᠬᠢᠵᠢᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠶ ᠥᠷᠨᠢᠭᠦᠯᠦᠨ᠂ ᠬᠤᠲᠠ ᠶᠢᠨ ᠲᠤᠳᠤᠷᠠᠬᠢ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠵᠠᠰᠠᠮᠠᠯ ᠵᠠᠮ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠵᠠᠮ ᠢ ᠡᠵᠡᠯᠡᠨ ᠡᠵᠡᠩᠨᠡᠬᠦ᠂ ᠬᠤᠲᠠ ᠶᠢᠨ ︽ᠵᠢᠷᠭᠤᠭᠠᠨ ᠡᠷᠦᠢ ᠬᠤᠷᠤᠢ ᠦᠬᠡᠢ ᠪᠠᠶᠢᠬᠤ︾᠂ ᠠᠮᠢᠳᠤᠷᠠᠯ ᠤᠨ ᠱᠤᠤᠬᠢᠶᠠᠨ᠂ ᠲᠣᠰᠣ ᠤᠲᠤᠭ᠎ᠠ ᠶᠢᠨ ᠪᠣᠬᠢᠷᠲᠤᠯ ᠢ ᠪᠠᠶᠢᠩᠭᠤᠵᠢᠭᠤᠯᠤᠨ ᠵᠠᠰᠠᠵᠤ᠂ ᠴᠡᠪᠡᠷ ᠲᠡᠭᠰᠢ ᠲᠣᠬᠢᠯᠢᠭ ᠰᠠᠶᠢᠬᠠᠨ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠮᠠᠯ ᠵᠠᠮ ᠢ ᠲᠣᠭᠤᠷᠢᠨ ᠠᠷᠠᠴᠢᠯᠠᠬᠤ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠠᠵᠢᠯ ᠢ ᠵᠠᠬ᠎ᠠ ᠳᠡᠯᠭᠡᠭᠦᠷᠴᠢᠯᠡᠬᠦ ᠲᠣᠭᠲᠠᠴᠠ ᠶᠢ ᠰᠢᠯᠢᠳᠡᠭᠵᠢᠭᠦᠯᠦᠨ᠂ ᠭᠤᠤᠯ ᠵᠠᠮ ᠱᠤᠭᠤᠮ ᠤᠨ ᠬᠡᠰᠡᠭ ᠲᠠᠬᠢ 8 ᠰᠠᠭᠤᠷᠢ ᠤᠭᠰᠠᠷᠠᠮᠠᠯ ᠮᠠᠶ᠋ᠢᠭ ᠤᠨ ᠨᠡᠶᠢᠲᠡ ᠶᠢᠨ ᠵᠣᠷᠯᠣᠩ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠲᠡᠬᠢᠨ ᠠᠰᠢᠬᠯᠠᠵᠤ ᠪᠤᠯᠬᠤ ᠡᠬᠢ ᠪᠠᠶᠠᠯᠢᠭ ᠢ ᠬᠤᠷᠢᠶᠠᠨ ᠠᠪᠬᠤ ᠥᠷᠲᠡᠭᠡ ︵ᠴᠡᠭ︶ ᠶᠢ ᠴᠡᠪᠡᠷᠯᠡᠨ ᠴᠡᠭᠴᠡᠯᠡᠬᠦ ᠶᠢ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠬᠦ ᠲᠤᠨᠤᠭ ᠲᠦᠬᠦᠬᠡᠷᠦᠮᠵᠢ ᠶᠢ ᠲᠡᠭᠦᠯᠳᠡᠷᠵᠢᠭᠦᠯᠦᠨ᠂ ᠭᠤᠤᠯ ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠤᠶᠤᠨᠲᠤ ᠬᠥᠨᠳᠡᠯᠡᠨ ᠬᠤᠲᠠ ᠶᠢᠨ ᠪᠦᠬᠦ ᠬᠡᠪᠴᠢᠶᠡᠨ ᠤ ᠵᠠᠰᠠᠯᠲᠠ ᠶᠢᠨ ᠲᠠᠪᠴᠠᠩ ᠳᠤ ᠲᠦᠰᠢᠭᠯᠡᠨ᠂ ᠬᠤᠲᠠ ᠶᠢᠨ ᠠᠵᠢᠯᠯᠠᠭᠠᠨ ᠤ ᠲᠣᠭᠠᠴᠢᠯᠠᠭᠰᠠᠨ ᠵᠢᠯᠣᠭᠤᠳᠤᠨ ᠲᠣᠬᠢᠷᠠᠭᠤᠯᠬᠤ ᠰᠢᠰᠲ᠋ᠧᠮ ᠢ ᠪᠠᠶᠢᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃   ᠳᠥᠷᠪᠡ ᠳᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠬᠦᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠬᠦᠳᠡᠭᠡ ᠲᠤᠰᠬᠤᠨ ︵ᠮᠠᠯᠵᠢᠬᠤ ᠣᠷᠣᠨ︶ ᠤ ᠥᠪᠡᠰᠦᠪᠡᠨ ᠪᠠᠶᠢᠭᠤᠯᠵᠤ ᠡᠵᠡᠩᠨᠡᠬᠦ ᠲᠥᠷᠥᠯ ᠤᠨ ᠬᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠥᠷᠥᠯ ᠬᠤᠪᠢᠶᠠᠨ ᠥᠷᠨᠢᠭᠦᠯᠵᠦ᠂ ᠨᠤᠷᠠᠬᠤ ᠠᠶᠤᠯᠲᠠᠶ ᠬᠡᠷ ᠪᠠᠶᠢᠰᠢᠩ ᠢ ᠬᠥᠳᠡᠯᠦᠩᠭᠦᠶ ᠪᠠᠷ ᠦᠭᠡᠶᠢᠰᠬᠡᠬᠦ ᠶᠢ ᠪᠡᠶᠡᠯᠡᠭᠦᠯᠦᠨ᠎ᠡ ᠃ ᠡᠷᠦᠬᠡ ᠶᠢᠨ ᠵᠣᠷᠯᠣᠩ 500 ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ︵ᠮᠠᠯᠵᠢᠬᠤ ᠣᠷᠣᠨ︶ ᠤ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠷᠬᠦᠬᠦᠯᠬᠦ ᠨᠣᠷᠮ᠎ᠠ ᠶᠢ 75% ᠠᠴᠠ ᠳᠡᠭᠡᠭᠰᠢ ᠳᠤ ᠬᠦᠷᠭᠡᠵᠦ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠬᠤᠣᠷ ᠥᠬᠡᠶᠢᠳᠡᠭᠦᠯᠦᠨ ᠰᠢᠢᠳᠪᠦᠷᠢᠯᠡᠬᠦ ᠶᠢ ᠪᠦᠬᠦᠨ ᠢ ᠪᠦᠷᠬᠦᠭᠦᠯᠬᠦ ᠶᠢ ᠪᠡᠶᠡᠯᠡᠬᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠵᠢᠱᠢᠶ᠎ᠡ ᠦᠵᠡᠭᠦᠯᠬᠦ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ 3 ᠲᠥᠷᠥᠯ ᠤᠨ 10 ᠵᠦᠢᠯ ᠤᠨ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠠᠵᠢᠯ ᠢ ᠲᠥᠷᠥᠯ ᠬᠤᠪᠢᠶᠠᠨ ᠬᠡᠷᠡᠭᠵᠢᠭᠦᠯᠦᠨ᠎ᠡ᠃ ᠪᠣᠯᠪᠠᠰᠤᠨ ᠨᠤᠲᠤᠭ ᠤᠨ ᠰᠤᠷᠲᠠᠯ ᠢ ᠪᠤᠢ ᠪᠤᠯᠭᠠᠬᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ︵ᠭᠠᠵᠠᠷ︶ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠬᠡᠷ ᠤᠨ ᠰᠤᠷᠲᠠᠯ᠂ ᠡᠬᠡᠯ ᠪᠣᠷᠣᠭᠵᠢᠭᠤᠨ ᠠᠷᠠᠳ ᠤᠨ ᠰᠤᠷᠲᠠᠯ ᠢ ᠪᠣᠶ ᠪᠣᠯᠭᠠᠨ᠎ᠠ᠃ ᠥᠪᠡᠷᠲᠡᠭᠡᠨ ᠵᠠᠰᠠᠬᠤ᠂ ᠮᠣᠷᠠᠯ ᠢᠶᠠᠷ ᠵᠠᠰᠠᠬᠤ᠂ ᠬᠠᠤᠯᠢ ᠪᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ︽ᠲᠠᠪᠤ ᠶᠢ ᠵᠠᠰᠠᠬᠤ︾ ᠲᠤᠬᠠᠢ ᠠᠷᠠᠳ ᠤᠨ ᠰᠠᠨᠠᠭ᠎ᠠ ᠶᠢ ᠥᠷᠭᠡᠨ ᠢᠶᠠᠷ ᠴᠤᠭᠯᠠᠭᠤᠯᠤᠨ ᠰᠢᠢᠳᠪᠦᠷᠢᠯᠡᠵᠦ᠂ ᠡᠶ᠎ᠡ ᠵᠣᠬᠢᠴᠠᠩᠭᠤᠢ ᠲᠣᠭᠲᠠᠭᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃    ︵ᠲᠠᠪᠤ︶ ᠠᠮᠢ ᠠᠬᠤᠢ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠠᠬᠢᠵᠢᠬᠦᠯᠦᠨ᠎ᠡ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠪᠣᠯᠤᠨ ᠡᠬᠢ ᠪᠠᠶᠠᠯᠢᠭ ᠤᠨ ᠠᠰᠢᠭᠯᠠᠯᠲᠠ ᠶᠢᠨ ᠬᠢᠵᠠᠭᠠᠷ ᠱᠤᠭᠤᠮ ᠢ ᠴᠢᠩᠭ᠎ᠠ ᠰᠠᠬᠢᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠤᠨ᠎ᠡ᠃    ᠨᠢᠭᠡ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ︽ᠬᠡᠯᠪᠡᠷᠢ ᠪᠠᠨ ᠬᠤᠪᠢᠷᠠᠭᠤᠯᠬᠤ᠂ ᠬᠡᠢ ᠶᠢ ᠵᠠᠰᠠᠬᠤ᠂ ᠨᠡᠭᠦᠷᠡᠰᠦ ᠶᠢ ᠪᠠᠭᠠᠰᠬᠠᠬᠤ᠂ ᠲᠣᠭᠤᠰᠣ ᠶᠢ ᠬᠤᠷᠢᠭᠯᠠᠬᠤ︾ ᠰᠢᠷᠢᠰ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠤᠭᠤᠲᠤ ᠶᠢᠨ ᠪᠣᠯᠣᠳ ᠲᠡᠮᠦᠷ ᠤᠨ ᠨᠢᠮᠭᠡᠨ ᠬᠠᠪᠲᠠᠰᠦ ᠶᠢᠨ ᠦᠢᠯᠡᠳᠪᠦᠷᠢ ᠶᠢᠨ ᠲᠡᠮᠦᠷᠯᠢᠭ ᠪᠣᠯᠪᠠᠰᠤᠷᠠᠭᠤᠯᠬᠤ ᠣᠷᠣᠨ ᠪᠦᠰᠡ ᠶᠢᠨ ᠬᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠵᠡᠷᠭᠡ 11 ᠵᠦᠢᠯ ᠤᠨ ᠠᠵᠤ ᠦᠢᠯᠡᠳᠪᠦᠷᠢ ᠶᠢᠨ ᠪᠣᠬᠢᠷᠲᠤᠯ ᠢ ᠭᠦᠨᠵᠡᠭᠡᠢ ᠵᠠᠰᠠᠬᠤ ᠰᠢᠷᠢᠰ ᠢᠨᠵᠧᠨᠧᠷᠢᠩ ᠢ ᠬᠡᠷᠡᠭᠵᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠬᠢᠷᠢ ᠪᠦᠲᠦᠮᠵᠢ ᠶᠢ ᠱᠠᠲᠤ ᠬᠤᠪᠢᠶᠠᠨ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠬᠤᠲᠠ ᠶᠢᠨ ᠣᠯᠠᠨ ᠡᠬᠢᠳᠤ ᠪᠤᠬᠢᠷᠳᠤᠯ᠂ ᠰᠢᠯᠵᠢᠮᠡᠯ ᠪᠤᠬᠢᠷᠳᠤᠯ ᠤᠨ ᠡᠬᠢ ᠪᠠ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠴᠡᠪᠡᠷ ᠡᠨᠧᠷᠭᠢ ᠪᠠᠷ 3200 ᠡᠷᠦᠬᠡ᠂ 28.8 ᠲᠦᠮᠡᠨ ᠲᠡᠭᠰᠢ ᠳᠥᠷᠪᠡᠯᠵᠢᠨ ᠮᠧᠲᠷ ᠲᠡᠯᠡᠪᠡᠢ ᠶᠢ ᠣᠷᠣᠯᠠᠭᠤᠯᠬᠤ ᠶᠢ ᠬᠡᠷᠡᠭᠵᠢᠭᠦᠯᠵᠦ᠂ ᠠᠭᠠᠷ ᠤᠨ ᠶᠠᠰᠤ ᠴᠢᠨᠠᠷ ᠰᠢᠯᠢᠳᠡᠭ ᠪᠠᠶᠢᠬᠤ ᠨᠣᠷᠮ᠎ᠠ ᠶᠢ  ᠬᠤᠲᠠ ᠠᠴᠠ ᠪᠠᠭᠤᠯᠭᠠᠬᠰᠠᠨ ᠬᠠᠷᠠᠯᠲᠠ ᠳᠤ ᠬᠦᠷᠭᠡᠬᠦ ᠶᠢ ᠪᠠᠲᠤᠯᠠᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠪᠤᠭᠤᠲᠤ ᠶᠢᠨ ᠪᠣᠯᠣᠳ ᠲᠡᠮᠦᠷ ᠤᠨ ᠹᠯᠣᠷᠲᠤ ᠨᠢᠭᠡᠳᠪᠦᠷᠢ ᠶᠢ ᠪᠠᠭᠠᠰᠬᠠᠬᠤ᠂ ᠡᠴᠦᠰ ᠤᠨ ᠪᠤᠭᠤᠮᠳᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠵᠡᠷᠭᠡ ᠤᠰᠤᠨ ᠤ ᠪᠣᠬᠢᠷᠲᠤᠯ ᠢ ᠵᠠᠰᠠᠬᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠨᠳᠡᠯᠡᠨ ᠭᠤᠣᠯ ᠤᠨ ᠬᠥᠨᠳᠡᠯᠡᠨ ᠲᠣᠭᠤᠷᠢᠭ ᠲᠠᠬᠢ ᠬᠡᠰᠡᠭ ᠢ ᠶᠡᠷᠦᠩᠬᠡᠶᠢᠯᠡᠨ ᠵᠠᠰᠠᠬᠤ ᠰᠡᠭᠦᠯ ᠬᠤᠷᠢᠶᠠᠬᠤ ᠢᠨᠵᠧᠨᠧᠷᠢᠩ ᠢ ᠪᠡᠶᠡᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠲᠠᠬᠢᠨ ᠠᠰᠢᠬᠯᠠᠵᠤ ᠪᠤᠯᠬᠤ ᠤᠰᠤ ᠶᠢ ᠠᠰᠢᠭᠯᠠᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠡᠬᠢ ᠠᠪᠤᠬᠰᠠᠨ ᠭᠠᠵᠠᠷ ᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠤᠤᠭᠤᠬᠤ ᠤᠰᠤᠨ ᠤ ᠡᠬᠢ ᠠᠪᠤᠬᠰᠠᠨ ᠭᠠᠵᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠬᠡᠬᠦ ᠶᠢ ᠦᠨᠡᠨᠬᠦ ᠪᠠᠲᠤᠯᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠳᠠᠯᠠᠵᠤ᠂ ᠲᠠᠷᠢᠶᠠᠯᠠᠩ᠂ ᠮᠠᠯ ᠠᠵᠤ ᠠᠬᠤᠶ᠂ ᠦᠶᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠬᠥᠷᠥᠰᠥ ᠰᠢᠷᠣᠶ ᠶᠢ ᠪᠣᠬᠢᠷᠲᠤᠭᠤᠯᠬᠤ ᠶᠢ ᠵᠠᠰᠠᠬᠤ ᠠᠵᠢᠯ ᠢ ᠰᠠᠶᠢᠲᠤᠷ ᠬᠢᠵᠦ᠂ ︽ᠬᠠᠶᠠᠭᠳᠠᠮᠠᠯ ᠥᠬᠡᠶ ᠬᠤᠲᠠ︾ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠥᠷᠭᠡᠳᠬᠡᠵᠦ᠂ ᠬᠤᠶᠠᠳᠤᠭᠠᠷ ᠡᠬᠡᠯᠵᠢ ᠶᠢᠨ ᠵᠢᠷᠭᠤᠳᠤᠭᠠᠷ ᠪᠦᠯᠦᠭ ᠤᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃    ᠬᠤᠶᠠᠷ ᠲᠤ᠂ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠤᠯᠤᠰ ᠤᠨ ᠨᠤᠳᠤᠭ ᠲᠠᠪᠢᠰᠬᠡᠷ ᠤᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ 9000 ᠮᠥ ᠣᠶ ᠰᠢᠭᠤᠶ ᠶᠢ ᠠᠷᠠᠴᠢᠯᠠᠨ ᠪᠤᠶᠢᠵᠢᠭᠤᠯᠬᠤ᠂ 3400 ᠮᠥ ᠬᠥᠮᠦᠨ ᠤ ᠬᠦᠴᠦ ᠪᠠᠷ ᠣᠶᠢᠵᠢᠭᠤᠯᠬᠤ ᠶᠢ ᠪᠡᠶᠡᠯᠡᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠬᠦᠨᠳᠡᠯᠡᠨ ᠭᠤᠤᠯ ᠤᠨ ᠨᠤᠭᠤ ᠭᠠᠵᠠᠷ ᠤᠨ ᠴᠡᠴᠡᠷᠯᠢᠭ ᠢ ᠲᠠᠰ ᠳᠡᠪᠰᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠲᠠᠷᠤᠭ᠎ᠠ ᠶᠢᠨ ᠲᠦᠷᠢᠮ ᠤᠨ ᠠᠵᠢᠯ ᠤᠨ ᠰᠢᠰᠲ᠋ᠧᠮ ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠶ ᠰᠢᠭᠤᠶ᠂  ᠡᠪᠡᠰᠦ ᠪᠡᠯᠴᠢᠭᠡᠷ᠂ ᠣᠶᠢᠲᠤ ᠭᠠᠵᠠᠷ᠂ ᠨᠤᠭᠤ ᠭᠠᠵᠠᠷ ᠵᠡᠷᠭᠡ ᠶᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠶᠠᠪᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠵᠠᠰᠠᠬᠤ ᠪᠠ ᠪᠢᠲᠡᠭᠦᠮᠵᠢᠯᠡᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠣᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ᠎ᠠ᠃   ᠭᠤᠷᠪᠠ ᠳᠤ᠂ ︽ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠶᠢ ᠭᠦᠨᠵᠡᠭᠡᠢ ᠠᠬᠢᠭᠤᠯᠤᠨ᠎ᠠ᠃ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠬᠠᠶ ᠬᠦᠴᠦᠨ ᠢ ᠣᠷᠣᠭᠤᠯᠤᠨ ᠠᠪᠴᠢᠷᠠᠵᠤ ᠨᠡᠭᠦᠷᠡᠰᠦᠲᠥ᠋ᠷᠥᠭᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢ ᠪᠠᠶᠢᠭᠤᠯᠵᠤ᠂ ᠪᠣᠬᠢᠷᠲᠤᠯ ᠥᠬᠡᠶ ᠡᠳ᠋ ᠬᠥᠷᠥᠩᠭᠡ ᠶᠢ ᠨᠡᠭᠡᠭᠡᠨ ᠬᠥᠭᠵᠢᠭᠦᠯᠬᠦ᠂ ᠬᠠᠮᠢᠶᠠᠷᠬᠤ᠂ ᠠᠷᠠᠯᠵᠢᠶᠠᠯᠠᠬᠤ᠂ ᠢᠵᠢ ᠪᠥᠷᠢᠳᠦᠭᠦᠯᠬᠦ ᠠᠵᠤ ᠦᠶᠯᠡᠰ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠢᠨᠠᠨ ᠬᠡᠮᠵᠢᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ 20 ᠨᠢᠭᠡᠴᠢ ᠶᠢ ᠲᠤᠷᠰᠢᠯᠳᠠ ᠶᠢᠨ ᠴᠡᠭ ᠪᠤᠯᠭᠠᠨ ᠬᠢᠨᠠᠨ ᠬᠡᠮᠵᠢᠵᠦ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠵᠤ ᠠᠬᠤᠶᠢᠯᠠᠯ ᠤᠨ ᠤᠶᠤᠨᠴᠢ ᠭᠠᠳᠠᠭᠰᠢᠯᠠᠭᠤᠯᠤᠯᠲᠠ ᠶᠢ ᠪᠠᠭᠠᠰᠬᠠᠬᠤ᠂ ᠤᠯᠠᠨ ᠨᠡᠶᠢᠲᠡ ᠶᠢᠨ ᠪᠣᠬᠢᠷᠲᠤᠯ ᠦᠭᠡᠢ ᠠᠮᠢᠳᠤᠷᠠᠯ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠭᠠᠳᠠᠬᠰᠢᠯᠠᠭᠤᠯᠬᠤ ᠶᠢ ᠪᠠᠭᠠᠰᠬᠠᠬᠤ ᠶᠢ ᠬᠠᠮᠵᠢᠯᠴᠠᠨ ᠵᠠᠰᠠᠬᠤ ᠶᠢ ᠠᠬᠢᠭᠤᠯᠤᠨ᠎ᠠ᠃ ᠪᠤᠭᠤᠲᠤ ᠶᠢᠨ ᠪᠣᠯᠣᠳ ᠲᠡᠮᠦᠷ ᠤᠨ ᠨᠢᠮᠭᠡᠨ ᠬᠠᠪᠲᠠᠰᠦ  ᠶᠢᠨ ᠦᠶᠯᠡᠳᠪᠦᠷᠢ ᠶᠢᠨ CSP  ᠪᠠᠶᠢᠰᠢᠩ ᠤᠨ ᠣᠷᠣᠶ ᠶᠢᠨ ᠬᠡᠷᠡᠯᠴᠢ ᠴᠡᠨᠡᠭ᠂ ᠪᠤᠭᠤᠲᠤ ᠶᠢᠨ ᠪᠣᠯᠣᠳ ᠲᠡᠮᠦᠷ ᠤᠨ ᠰᠢᠨ᠎ᠡ ᠰᠢᠰᠲ᠋ᠧᠮᠳᠤ ᠴᠠᠶᠢᠷ ᠰᠠᠭᠤᠯᠭᠠᠬᠰᠠᠨ ᠦᠶᠯᠡᠳᠪᠦᠷᠢ ᠶᠢᠨ ᠪᠠᠶᠢᠰᠢᠩ ᠤᠨ ᠣᠷᠣᠶ ᠳᠠᠬᠢ ᠬᠡᠷᠡᠯᠴᠢ ᠴᠡᠨᠡᠭ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠲᠤᠭ᠎ᠠ ᠪᠠᠷ ᠥᠪᠡᠷᠲᠡᠭᠡᠨ ᠴᠠᠬᠢᠯᠭᠠᠨ ᠭᠠᠷᠭᠠᠵᠤ ᠦᠪᠡᠷᠳᠡᠬᠡᠨ ᠬᠡᠷᠡᠭᠯᠡᠬᠦ ᠰᠢᠨ᠎ᠡ ᠡᠨᠧᠷᠭᠢ ᠶᠢᠨ 8 ᠲᠥᠷᠥᠯ ᠵᠦᠶᠯ ᠢ ᠪᠥᠬᠦ ᠲᠠᠯ᠎ᠠ ᠪᠠᠷ ᠠᠬᠢᠭᠤᠯᠵᠤ᠂ ᠰᠢᠶᠧ ᠰᠢᠨ ᠴᠠᠬᠢᠯᠭᠠᠨ ᠭᠠᠷᠠᠮ᠂ ᠨᠢᠩ ᠫᠦ᠋ ᠴᠠᠭ ᠦᠶ᠎ᠡ ᠳ᠋ᠢᠶᠠᠨ ᡂᠢ ᠰᠣᠯᠢᠬᠤ ᠬᠦᠨᠳᠦ ᠠᠴᠢᠶᠠᠨ ᠤ ᠮᠠᠰᠢᠨ ᠵᠡᠷᠭᠡ ᠪᠣᠬᠢᠷᠲᠤᠯ ᠥᠬᠡᠶ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠷᠥᠯ ᠵᠦᠶᠯ ᠢ ᠡᠮᠬᠢ ᠲᠢᠭᠯᠢᠮ ᠲᠠᠢ ᠪᠠᠷ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢᠵᠢᠭᠦᠯᠬᠦ ᠠᠷᠭ᠎ᠠ ᠪᠠᠷ ᠪᠣᠯᠣᠳ ᠲᠡᠮᠦᠷ ᠤᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ᠂ ᠰᠢᠲᠠᠭᠠᠨ ᠪᠠᠷᠢᠯᠳᠤᠭᠤᠯᠤᠭᠰᠠᠨ ᠣᠲᠤᠭ᠎ᠠ ᠶᠢᠨ ᠬᠦᠬᠦᠷ ᠥᠬᠡᠶᠢᠳᠡᠭᠦᠯᠦᠭᠰᠡᠨ ᠪᠦᠲᠦᠭᠡᠭᠳᠡᠬᠦᠨ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ 9 ᠭᠤᠤᠯᠳᠠᠯᠭ᠎ᠠ ᠲᠠᠢ ᠲᠥᠷᠥᠯ ᠵᠦᠶᠯ ᠢ ᠦᠷᠭᠦᠯᠵᠢᠯᠡᠨ ᠠᠬᠢᠭᠤᠯᠤᠨ᠎ᠠ᠃ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠬᠠᠮᠢᠶᠠᠷᠤᠯᠲᠠ ᠶᠢ ᠴᠢᠩᠭᠠᠳᠬᠠᠨ᠎ᠠ᠃ ᠲᠡᠮᠦᠷᠯᠢᠭ ᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ ︽ᠴᠠᠬᠢᠯᠭᠠᠨ ᠭᠠᠷᠭᠠᠬᠤ᠂ ᠬᠦᠷᠭᠡᠬᠦ᠂ ᠡᠨᠧᠷᠭᠢ ᠬᠠᠳᠠᠭᠠᠯᠠᠬᠤ᠂ ᠪᠠᠭᠳᠠᠭᠠᠨ ᠰᠢᠩᠭᠡᠭᠡᠬᠦ︾ ᠶᠢ ᠨᠢᠭᠡ ᠴᠣᠭᠴᠠᠵᠢᠭᠤᠯᠤᠭᠰᠠᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨ᠎ᠡ ᠡᠨᠧᠷᠭᠢ ᠶᠢᠨ ᠡᠷᠬᠢᠯᠳᠡᠳᠤ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠬᠡᠴᠢ ᠶᠢᠨ ᠡᠨᠧᠷᠭᠢ ᠠᠷᠪᠢᠯᠠᠬᠤ ᠶᠢ ᠮᠠᠭᠠᠳᠯᠠᠨ ᠣᠨᠣᠰᠢᠯᠠᠬᠤ ᠲᠣᠭᠲᠠᠴᠠ ᠶᠢ ᠪᠠᠶᠢᠭᠤᠯᠤᠨ᠂ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠵᠦᠢ ᠵᠣᠬᠢᠰᠲᠠᠶ ᠪᠠᠲᠤᠯᠠᠨ᠎ᠠ᠃ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠵᠡᠷᠭᠡ ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠬᠢ ᠪᠠᠶᠠᠯᠢᠭ ᠢ ᠠᠷᠪᠢᠯᠠᠬᠤ ᠶᠢ ᠴᠢᠩᠭᠠᠷᠠᠭᠤᠯᠤᠨ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠬᠠᠷᠠᠯᠳᠠᠳᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    ︵ᠵᠢᠷᠭᠤᠭ᠎ᠠ︶  ᠦᠨᠳᠦᠰᠦᠨ ᠠᠷᠠᠳ ‍ᠤᠨ‌ᠠᠮᠢᠳᠤᠷᠠᠯ ᠢ ᠶᠡᠬᠡᠪᠡᠷ ᠰᠠᠶᠢᠵᠢᠷᠠᠭᠤᠯᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠠᠬᠢᠨ ᠰᠢᠨ᠎ᠡ ᠦᠨᠳᠦᠷᠴᠡ ᠳᠤ ᠭᠠᠷᠬᠤ ᠶᠢ ᠠᠬᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠡᠷᠡᠰ ᠭᠤᠶᠢᠪᠢᠰᠢ ᠦᠭᠡᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠴᠢᠨᠠᠷ ᠰᠠᠶᠢᠲᠠᠢ ᠠᠮᠢᠳᠤᠷᠠᠯ ᠤᠨ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃        ᠨᠢᠭᠡ ᠳᠤ᠂ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠳᠤ ᠠᠵᠢᠯ ᠣᠯᠭᠤᠯᠲᠠ ᠶᠢᠨ ᠲᠤᠰᠠᠯᠠᠮᠵᠢ ᠦᠵᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ︽ᠤᠷ᠎ᠠ ᠴᠢᠳᠠᠪᠤᠷᠢ ᠶᠢᠨ ᠥᠪᠥᠷ ᠮᠣᠩᠭᠤᠯ ᠤᠨ ᠠᠵᠢᠯᠯᠠᠭ᠎ᠠ︾ ᠶᠢ ᠬᠡᠷᠡᠭᠵᠢᠭᠦᠯᠦᠨ᠂ ᠵᠠᠰᠠᠭ  ᠤᠨ ᠤᠷᠳᠤᠨ ᠰᠤᠷᠭᠠᠭᠤᠯᠢ ᠠᠵᠤ ᠠᠬᠤᠶᠢᠯᠠᠯ ᠤᠨ ᠬᠤᠷᠰᠢᠯᠴᠠᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠰᠢᠨ᠎ᠡ ᠬᠡᠯᠪᠡᠷᠢ ᠶᠢᠨ ᠱᠠᠪᠢ ᠣᠷᠣᠬᠤ ᠲᠦᠷᠢᠮ ᠪᠠ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠥᠷᠨᠢᠭᠦᠯᠦᠨ᠎ᠡ᠃ ᠬᠤᠲᠠ ᠪᠠᠯᠭᠠᠰᠤ ᠶᠢᠨ 8000 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠵᠦ᠂ ᠠᠵᠢᠯ ᠲᠠᠢ ᠬᠥᠮᠦᠨ ᠥᠬᠡᠶ ᠬᠡᠷ ᠪᠦᠯᠢ ᠳᠤ ᠬᠥᠳᠡᠯᠦᠩᠭᠦᠶ ᠪᠠᠷ ᠠᠵᠢᠯ ᠣᠯᠭᠤᠬᠤ ᠶᠢ ᠪᠠᠲᠤᠯᠠᠨ᠎ᠠ᠃ ᠦᠢᠯᠡᠰ ᠪᠣᠰᠬᠠᠬᠤ ᠶᠢ ᠴᠢᠩᠭᠠᠳᠬᠠᠵᠤ ᠠᠵᠢᠯ ᠣᠯᠭᠤᠯᠲᠠ ᠶᠢ ᠳᠠᠶᠢᠴᠢᠯᠠᠨ᠎ᠠ᠃ ︽ᠦᠢᠯᠡᠰ ᠪᠤᠰᠬᠠᠬᠤ ᠥᠪᠥᠷ ᠮᠣᠩᠭᠤᠯ ᠤᠨ ᠠᠵᠢᠯᠯᠠᠭ᠎ᠠ︾ ᠶᠢ ᠬᠡᠷᠡᠭᠵᠢᠭᠦᠯᠦᠨ᠂ ᠦᠢᠯᠡᠰ ᠪᠤᠰᠬᠠᠬᠤ ᠬᠦᠷᠢᠶᠡᠯᠡᠩ ᠤᠨ 2 ᠨᠡᠪᠴᠢᠭᠦᠯᠬᠦ ᠰᠠᠭᠤᠷᠢᠨ ᠢ ᠰᠢᠨ᠎ᠡ ᠪᠠᠷ ᠪᠠᠶᠢᠭᠤᠯᠵᠤ᠂ 800 ᠬᠥᠮᠦᠨ ᠠᠴᠠ ᠳᠡᠭᠡᠭᠰᠢ ᠦᠢᠯᠡᠰ ᠪᠤᠰᠬᠠᠬᠰᠠᠳ ᠶᠢ ᠪᠣᠯᠪᠠᠰᠤᠷᠠᠭᠤᠯᠤᠨ᠂ 6000 ᠲᠦᠮᠡᠨ ᠲᠥᠭᠦᠷᠢᠭ ᠠᠴᠠ ᠳᠡᠭᠡᠭᠰᠢ ᠦᠢᠯᠡᠰ ᠪᠤᠰᠬᠠᠬᠤ ᠵᠢᠭᠡᠯᠡᠯᠭᠡ ᠲᠠᠯᠪᠢᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠨᠡᠶᠢᠭᠡᠮᠯᠢᠭ᠂ ᠠᠵᠢᠯ ᠣᠯᠭᠤᠬᠤ ᠳᠠᠳᠤᠯᠭ᠎ᠠ ᠦᠢᠯᠡᠳᠦᠯᠭᠡ ᠬᠢᠭᠡᠳ ᠦᠢᠯᠡᠴᠢᠯᠡᠭᠡᠨ ᠤ ᠲᠥᠪ ᠵᠡᠷᠭᠡ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠵᠤ ᠠᠪᠴᠢᠷᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠷᠭ᠎ᠠ ᠵᠠᠮ ᠢ ᠥᠷᠬᠡᠳᠭᠡᠨ᠎ᠡ᠃   ᠬᠤᠶᠠᠷ ᠲᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠴᠢᠷᠮᠠᠶᠢᠨ ᠡᠷᠬᠢᠯᠡᠨ᠎ᠠ᠃ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠢᠳᠡᠪᠬᠢᠲᠡᠶ ᠬᠥᠭᠵᠢᠭᠦᠯᠵᠦ᠂ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠴᠢᠳᠠᠪᠤᠷᠢᠲᠠᠨ ᠬᠥᠮᠦᠵᠢᠭᠦᠯᠬᠦ᠂ ᠰᠢᠨ᠎ᠡ ᠴᠠᠭ ᠦᠶ᠎ᠡ ᠵᠡᠷᠭᠡ 4 ᠬᠡᠦᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠵᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠵᠦ᠂ 7.1 ᠳ᠋ᠦᠩᠰᠢᠭᠤᠷ ᠲᠥᠭᠦᠷᠢᠭ ᠣᠷᠣᠭᠤᠯᠵᠤ ᠪᠤᠭᠤᠲᠤ ᠶᠢᠨ ᠪᠤᠯᠤᠳ ᠲᠡᠮᠤᠷ ᠤᠨ ᠨᠠᠢᠮᠠᠳᠤᠭᠠᠷ ᠳᠤᠮᠳᠠᠳᠤ ᠰᠤᠷᠭᠠᠭᠤᠯᠢ᠂ ᠪᠤᠭᠤᠳᠤ ᠶᠢᠨ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠬᠦᠨᠳᠡᠯᠡᠨ ᠲᠤᠭᠤᠷᠢᠭ ᠤᠨ ᠡᠮᠦᠨ᠎ᠡ ᠬᠤᠪᠢᠶᠠᠷᠢ ᠰᠤᠷᠭᠠᠭᠤᠯᠢ ᠵᠡᠷᠬᠡ 16 ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ ᠂ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠯᠭᠠᠬᠤ ᠵᠢᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠰᠢᠭᠤᠯᠤᠯᠳᠠ ᠳᠤ ᠲᠤᠬᠢᠷᠠᠭᠤᠯᠤᠯᠳᠠ ᠬᠢᠬᠦ ᠶᠢ ᠰᠠᠶᠢᠲᠤᠷ ᠬᠢᠵᠦ᠂ ᠡᠮᠦᠨ᠎ᠡ ᠬᠤᠶᠢᠳᠤ ᠬᠡᠰᠡᠭ ᠤᠨ ᠰᠤᠷᠭᠠᠭᠤᠯᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠦᠨ᠎ᠡ᠃ ᠰᠢᠨ᠎ᠡ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠨ᠎ᠡ ᠬᠢᠴᠢᠶᠡᠯ ᠤᠨ ᠥᠭᠡᠷᠡᠴᠢᠯᠡᠯᠲᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠥᠪᠡᠷᠮᠢᠴᠡ ᠣᠨᠴᠠᠯᠢᠭ ᠲᠠᠢ ᠤᠯᠠᠨ ᠶᠠᠩᠵᠤ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠬᠥᠭᠵᠢᠭᠦᠯᠵᠦ᠂ ᠪᠤᠭᠤᠲᠤ ᠶᠢᠨ ᠪᠤᠯᠤᠳ ᠲᠡᠮᠤᠷ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠨᠴᠠᠯᠢᠬᠳᠤ ᠰᠤᠷᠭᠠᠭᠤᠯᠢ  ᠶᠢ ᠪᠠᠶᠢᠭᠤᠯᠵᠤ᠂ ᠪᠤᠰᠤᠳ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠷᠠᠯᠢᠭ᠂ ᠪᠡᠶ᠎ᠡ ᠶᠢᠨ ᠲᠠᠮᠢᠷ᠂ ᠪᠠᠭ᠎ᠠ ᠬᠡᠯᠡᠨ ᠤ ᠲᠦᠷᠦᠯ ᠵᠦᠢᠯ ᠵᠡᠷᠭᠡ ᠤᠨᠴᠠᠯᠢᠬᠳᠤ ᠲᠦᠷᠦᠯ ᠵᠦᠢᠯ ᠢ ᠬᠦᠭᠵᠢᠬᠦᠯᠵᠤ᠂ ᠴᠢᠨᠠᠷ ᠰᠠᠶᠢᠲᠠᠢ ᠤᠨᠴᠠᠯᠢᠬᠳᠤ ᠬᠢᠴᠢᠶᠡᠯ ᠤᠨ ᠰᠢᠰᠲ᠋ᠧᠮ ᠢ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠥᠷᠨᠢᠭᠦᠯᠦᠨ᠎ᠡ᠃ ︽ᠬᠤᠶᠠᠷ ᠢ ᠬᠦᠩᠬᠡᠷᠡᠬᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠴᠢᠶᠡᠯ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ︽ᠲᠠᠪᠤᠨ ᠲᠠᠯ᠎ᠠ ᠶᠢᠨ ᠬᠦᠮᠦᠵᠢᠯ ᠢ ᠠᠭᠤᠰᠤᠯᠴᠠᠭᠤᠯᠵᠤ︾  ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠬᠥᠭᠵᠢᠭᠦᠯᠦᠨ᠎ᠡ᠃ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠶᠢ ᠭᠦᠨᠵᠡᠭᠡᠶᠢᠷᠡᠭᠦᠯᠵᠦ᠂ ︽ᠶᠡᠭᠡ ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠣᠭᠴᠠᠵᠢᠭᠤᠯᠬᠤ︾ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠵᠦ᠂ ᠲᠤᠭᠤᠷᠢᠭ ᠰᠤᠷᠭᠠᠭᠤᠯᠢ ᠨᠢᠭᠡ ᠴᠣᠭᠴᠠᠵᠢᠭᠰᠠᠨ ᠰᠤᠷᠭᠠᠨ ᠬᠥᠮᠦᠵᠢᠯ ᠤᠨ ᠲᠥᠪ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ 85 ᠲᠠᠰᠤᠯᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠺᠣᠮᠫᠢᠦ᠋ᠲ᠋ᠧᠷ ᠤᠨ ᠬᠡᠷ᠂ 60 ᠲᠠᠰᠤᠯᠭ᠎ᠠ ᠠᠩᠬ᠎ᠠ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ᠂ 60 ᠲᠠᠰᠤᠯᠭ᠎ᠠ ᠲᠠᠭᠤ ᠲᠦᠷᠰᠦ ᠰᠢᠩᠭᠡᠭᠡᠵᠤ ᠨᠡᠪᠲᠡᠷᠡᠭᠦᠯᠬᠦ ᠬᠢᠴᠢᠶᠡᠯ ᠤᠨ ᠬᠡᠷ ᠢ ᠰᠢᠨᠡᠳᠬᠡᠵᠦ᠂ ︽ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠲᠠᠪᠴᠠᠩ ᠤᠨ ᠲᠤᠷᠰᠢᠯᠲᠠ ᠶᠢᠨ ᠲᠣᠭᠤᠷᠢᠭ︾᠂ ︽ᠤᠯᠤᠰ ᠤᠨ ᠰᠤᠷᠭᠠᠨ ᠬᠥᠮᠦᠵᠢᠯ ᠤᠨ ᠲᠣᠮᠣ ᠳ᠋ᠠᠶᠢᠲ᠋ᠠ ᠶᠢᠨ ᠵᠢᠱᠢᠶ᠎ᠡ ᠦᠵᠡᠭᠦᠯᠬᠦ ᠲᠣᠭᠤᠷᠢᠭ︾ ᠢ ᠴᠢᠷᠮᠠᠶᠢᠨ  ᠪᠠᠶᠢᠭᠤᠯᠤᠨ᠎ᠠ᠃ ᠳᠤᠮᠳᠠ ᠤᠷᠳᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠥᠷᠭᠡᠨ ᠤᠯᠠᠨ ᠵᠠᠯᠠᠭᠤᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ ᠥᠭᠭᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ︽ᠨᠠᠷᠠᠲᠤ ᠰᠤᠷᠭᠠᠭᠤᠯᠢ᠂ ᠨᠠᠷᠠᠲᠤ ᠰᠤᠷᠭᠠᠭᠤᠯᠢ ᠶᠢᠨ ᠵᠠᠬᠢᠷᠤᠯ᠂ ᠨᠠᠷᠠᠲᠤ ᠪᠠᠭᠰᠢ ᠶᠢᠨ ᠠᠵᠢᠯ ᠤᠨ ᠲᠠᠰᠤᠭ︾ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠨ᠂ ᠪᠥᠬᠦ ᠪᠠᠭᠰᠢ ᠨᠡᠷ ᠤᠨ ︽ᠳᠥᠷᠪᠡ ᠪᠠᠶᠢᠬᠤ ᠰᠠᠶᠢᠨ ᠪᠠᠭᠰᠢ︾ ᠪᠣᠯᠬᠤ ᠪᠠᠷ ᠴᠢᠷᠮᠠᠶᠢᠬᠤ ᠶᠢ ᠤᠷᠮᠠᠰᠢᠭᠤᠯᠵᠤ᠂ ᠪᠠᠭᠰᠢ ᠶᠢᠨ ᠡᠩᠨᠡᠭᠡ ᠶᠢᠨ ᠵᠢᠭᠠᠨ ᠰᠤᠷᠭᠠᠬᠤ ᠲᠦᠪᠰᠢᠨ ᠢ ᠲᠠᠰᠤᠷᠠᠯᠲᠠ ᠥᠬᠡᠶ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠵᠡᠷᠬᠡ ᠶᠢᠨ ᠰᠤᠷᠭᠠᠨ ᠬᠥᠮᠦᠵᠢᠯ ᠤᠨ ᠬᠦᠴᠦᠷᠬᠡᠭ  ᠲᠤᠭᠤᠷᠢᠭ ᠢ ᠪᠥᠬᠦ ᠬᠦᠴᠦᠨ ᠢᠶᠠᠷ ᠢᠶᠠᠨ  ᠪᠠᠶᠢᠭᠤᠯᠤᠨ᠎ᠠ᠃  ᠭᠤᠷᠪᠠ ᠳᠤ᠂ ᠡᠷᠡᠭᠦᠯ ᠡᠩᠬᠡ ᠬᠥᠨᠳᠡᠯᠡᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠨᠠᠰᠤᠲᠠᠶᠢᠴᠤᠳ ᠪᠣᠯᠤᠨ ᠬᠠᠭᠤᠴᠢᠨ ᠡᠪᠡᠳᠴᠢᠨ ᠲᠠᠢ ᠡᠪᠡᠳᠴᠢᠲᠡᠨ ᠵᠡᠷᠭᠡ ᠭᠤᠣᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠵᠦ ᠡᠮᠴᠢ ᠰᠤᠪᠢᠯᠠᠭᠴᠢᠳ ᠢ ᠬᠠᠯᠠᠮᠵᠢᠯᠠᠨ᠎ᠠ᠃ ᠡᠪᠡᠳᠴᠢᠨ ᠦᠵᠡᠭᠦᠯᠬᠦ  ᠲᠡᠰ ᠲᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠮᠴᠢᠯᠡᠭᠡᠨ ᠤ ᠡᠳ᠋ ᠪᠣᠳᠠᠰ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠶᠢ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠩᠭᠠᠵᠤ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠰᠠᠶᠢᠲᠤᠷ ᠬᠠᠮᠠᠭᠠᠯᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠷᠢᠶ᠎ᠡ ᠣᠷᠣᠨ ᠤ ᠭᠤᠷᠪᠠᠳᠤᠭᠠᠷ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠲᠤᠭᠤᠷᠢᠭ ᠤᠨ ᠳᠣᠲᠣᠷᠠᠬᠢ ᠡᠮ ᠡᠮᠨᠡᠯᠬᠡ ᠶᠢᠨ ᠡᠬᠢ ᠪᠠᠶᠠᠯᠢᠭ ᠢ ᠨᠡᠶᠢᠳᠭᠡᠵᠤ᠂ ᠨᠢᠭᠲᠠᠷᠠᠭᠰᠠᠨ ᠬᠡᠯᠪᠡᠷᠢ ᠶᠢᠨ ᠡᠮᠴᠢᠯᠡᠬᠡᠨ ᠤ ᠬᠤᠯᠪᠣᠭᠠᠲᠤ ᠴᠣᠭᠴᠠ ᠶᠢ ᠪᠠᠶᠢᠭᠤᠯᠤᠨ᠂ ᠪᠤᠷᠬᠠᠨᠲᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠥᠨᠳᠡᠯᠡᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠡᠨᠡ ᠵᠢᠯ ᠠᠰᠢᠭᠯᠠᠯᠲᠠ ᠳᠤ ᠣᠷᠣᠬᠤ ᠶᠢ ᠠᠬᠢᠭᠤᠯᠵᠤ᠂ 12 ᠰᠢᠯᠢᠳᠡᠭ ᠬᠡᠯᠪᠡᠷᠢ ᠶᠢᠨ᠂ 2 ᠵᠢᠱᠢᠶ᠎ᠡ ᠦᠵᠡᠭᠦᠯᠬᠦ ᠬᠡᠯᠪᠡᠷᠢ ᠶᠢᠨ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠢ ᠪᠠᠶᠢᠭᠤᠯᠵᠤ᠂ ᠬᠥᠨᠳᠡᠯᠡᠨ ᠲᠣᠭᠤᠷᠢᠭ ᠤᠨ ᠰᠡᠳᠬᠢᠴᠡ ᠶᠢᠨ ᠦᠶᠯᠡᠴᠢᠯᠡᠭᠡᠨ ᠤ ᠲᠥᠪ ᠢ ᠪᠠᠶᠢᠭᠤᠯᠤᠨ᠎ᠠ ᠃ ︽ᠨᠠᠰᠤᠳᠠᠶᠢᠣᠤᠳ ᠪᠠ ᠨᠢᠯᠬᠠᠰ︾ ᠲᠤ ᠦᠢᠯᠡᠴᠢᠯᠡᠬᠦ ᠲᠦᠪᠰᠢᠨ ᠢ ᠰᠠᠶᠢᠵᠢᠷᠠᠭᠤᠯᠤᠨ᠎ᠠ᠃ ᠴᠢᠨᠠᠷ ᠰᠠᠶᠢᠲᠠᠶ ᠨᠠᠰᠤᠵᠢᠯ ᠤᠨ ᠠᠰᠠᠷᠠᠮᠵᠢ ᠶᠢᠨ ᠦᠶᠯᠡᠳᠬᠦᠨ ᠪᠠ ᠨᠠᠶᠢᠳᠠᠨ ᠬᠥᠮᠦᠵᠢᠭᠦᠯᠬᠦ ᠦᠶᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠥᠷᠭᠡᠳᠬᠡᠵᠦ᠂ ᠠᠯᠪᠠᠨ ᠠᠴᠠ ᠪᠠᠶᠢᠭᠤᠯᠤᠭᠰᠠᠨ ᠨᠠᠶᠢᠳᠠᠨ ᠬᠥᠮᠦᠵᠢᠭᠦᠯᠬᠦ ᠦᠶᠯᠡᠴᠢᠯᠡᠭᠡᠨ ᠤ ᠲᠥᠪ ᠢ ᠪᠠᠶᠢᠭᠤᠯᠤᠨ᠂ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ 26 ᠨᠡᠶᠢᠭᠡᠮ ᠲᠣᠭᠤᠷᠢᠭ ᠢ ᠪᠠᠶᠢᠭᠤᠯᠵᠤ᠂ ᠨᠥᠬᠦᠷᠯᠡᠯ 19 ᠳ᠋ᠤᠭᠡᠷ ᠬᠤᠷᠢᠶᠠᠯᠠᠯ ᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠵᠠᠭᠪᠤᠷ ᠤᠨ ᠦᠯᠢᠬᠡᠷ ᠵᠢᠱᠢᠶ᠎ᠡ ᠪᠣᠯᠭᠠᠨ ᠪᠠᠶᠢᠭᠤᠯᠵᠤ᠂ ᠬᠡᠦᠬᠡᠳ ᠲᠤ ᠨᠥᠬᠦᠷᠰᠡᠭ᠂ ᠵᠠᠯᠠᠭᠤᠴᠤᠳ ᠤᠨ ᠢᠷᠡᠬᠦ ᠲᠤᠷᠠᠳᠠᠢ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠵᠣᠯ ᠵᠢᠷᠭᠠᠯᠲᠤ ᠬᠤᠲᠠ ᠶᠢᠨ ᠲᠣᠭᠤᠷᠢᠭ ᠢ ᠪᠠᠶᠢᠭᠤᠯᠤᠨ᠎ᠠ᠃     ᠳᠥᠷᠪᠡ ᠳᠤ᠂ ᠨᠠᠩ ᠪᠦᠷᠢᠨ ᠲᠡᠭᠦᠯᠳᠡᠷ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ᠬᠦᠨᠳᠦ ᠶᠡᠭᠡ ᠡᠪᠡᠳᠴᠢᠨ ᠡᠮᠭᠡᠭ ᠤᠨ ᠡᠮ ᠡᠮᠨᠡᠯᠬᠡ ᠶᠢᠨ ᠳᠠᠭᠠᠳᠬᠠᠯ ᠪᠠ ᠠᠪᠤᠷᠠᠨ ᠲᠤᠰᠠᠯᠠᠬᠤ᠂ ᠤᠨᠳᠤᠤ ᠭᠠᠵᠠᠷ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠳᠠᠭᠠᠳᠬᠠᠯ ᠳᠤ ᠣᠷᠣᠯᠴᠠᠬᠤ ᠶᠢ ᠪᠦᠷᠬᠦᠬᠦᠯᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠳᠠᠪᠬᠤᠷᠭ᠎ᠠ ᠲᠥᠷᠥᠯ ᠬᠤᠪᠢᠶᠠᠬᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠪᠠᠶᠢᠩᠭᠤᠵᠢᠬᠰᠠᠨ ᠬᠠᠪᠰᠤᠷᠤᠨ ᠲᠡᠳᠬᠦᠬᠦ ᠬᠢᠬᠡᠳ ᠲᠦᠷ ᠴᠠᠭ ᠠᠪᠤᠷᠠᠨ ᠲᠤᠰᠠᠯᠠᠬᠤ ᠶᠢᠨ ︽ᠬᠤᠶᠠᠷ ᠦᠨᠳᠦᠰᠦᠨ ᠵᠦᠢᠯ ᠢ ᠪᠠᠳᠤᠯᠬᠠᠤ ︾ ᠶᠢ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠶᠢ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠶᠢ ᠠᠬᠢᠭᠤᠯᠵᠤ᠂ ᠨᠠᠩ ᠳᠥᠭᠦᠮ ᠳᠥᠲᠡ ᠨᠡᠶᠢᠭᠡᠮ ᠤᠨ ᠳᠠᠭᠠᠳᠬᠠᠯ ᠢ ᠰᠢᠯᠵᠢᠭᠦᠯᠦᠨ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃    ᠲᠠᠪᠤ ᠳᠤ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠰᠣᠶᠣᠯ ᠤᠨ ᠬᠦᠴᠦᠷᠬᠡᠭ ᠲᠤᠭᠤᠷᠢᠭ ᠤᠨ ᠪᠠᠶᠢᠭᠤᠯᠤᠯᠲᠠ ᠶᠢ ᠠᠬᠢᠭᠤᠯᠤᠨ᠎ᠠ᠃ ︽ᠭᠠᠶᠢᠬᠠᠮᠰᠢᠬᠳᠤ ᠬᠥᠨᠳᠡᠯᠡᠨ︾ ᠲᠦᠷᠦᠯ ᠲᠡᠮᠳᠡᠭᠳᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ︽ᠪᠦᠬᠦ ᠠᠷᠠᠳ ᠤᠨ ᠤᠩᠰᠢᠯᠭ᠎ᠠ ︾ ᠶᠢᠨ ᠰᠣᠶᠣᠯ ᠤᠨ ᠠᠵᠢᠯᠯᠠᠭ᠎ᠠ ᠶᠢ 450 ᠭᠠᠷᠤᠢ ᠲᠠᠯᠠᠪᠠᠢ ᠥᠷᠨᠢᠭᠦᠯᠦᠨ᠎ᠡ᠃ 7 ᠲᠣᠭᠠᠴᠢᠯᠠᠭᠰᠠᠨ ᠰᠣᠶᠣᠯ ᠤᠨ ᠶᠡᠷᠦᠩᠬᠡᠢ ᠬᠤᠪᠢᠶᠠᠷᠢ ᠣᠷᠳᠣᠨ ᠢ ᠰᠠᠶᠢᠲᠤᠷ ᠠᠰᠢᠭᠯᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠴᠢᠩᠭᠠᠳᠬᠠᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠶᠢᠯᠠᠭᠠᠬᠳᠠᠬᠤᠨ ᠢ ᠳᠡᠯᠭᠡᠷᠡᠭᠦᠯᠦᠨ᠎ᠡ᠃ ︽1 + 1 + N︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠴᠡᠴᠡᠷᠯᠢᠭ᠂ ᠠᠭᠤᠳᠠᠮ ᠲᠠᠯᠠᠪᠠᠶ᠂ ᠬᠤᠷᠢᠶᠠᠯᠠᠯ ᠤᠨ ᠲᠤᠳᠤᠷᠠᠬᠢ ᠣᠷᠣᠨ ᠵᠠᠶ ᠶᠢᠨ ᠡᠬᠢ ᠪᠠᠶᠠᠯᠢᠭ ᠢ ᠨᠡᠶᠢᠳᠬᠡᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠤᠨᠤᠭ ᠲᠦᠬᠦᠬᠡᠷᠦᠮᠵᠢ ᠶᠢ ᠰᠢᠨ᠎ᠡ ᠪᠠᠷ ᠨᠡᠮᠡᠭᠳᠡᠭᠦᠯᠦᠨ ᠳᠣᠭᠢᠷᠠᠭᠤᠯᠵᠤ᠂ ᠪᠠᠶᠢᠷᠢᠰᠢᠭᠤᠯᠤᠯᠳᠠ ᠨᠢ ᠵᠦᠶ ᠵᠣᠬᠢᠰᠲᠠᠶ᠂ ᠬᠠᠮᠤᠷᠬᠤ ᠬᠡᠪᠴᠢᠶ᠎ᠡ ᠨᠢ ᠥᠷᠭᠡᠨ᠂ ᠲᠦᠬᠡᠮᠡᠯ ᠬᠠᠷᠠᠭᠠᠯᠵᠠᠬᠤ ᠴᠢᠨᠠᠷ ᠢᠶᠠᠷ ᠴᠢᠩᠭ᠎ᠠ᠂ ᠴᠡᠭ ᠱᠤᠭᠤᠮ ᠪᠠ ᠨᠡᠶᠢᠳᠡᠮ ᠢ ᠤᠶᠠᠯᠳᠤᠭᠤᠯᠤᠭᠰᠠᠨ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠪᠣᠶ ᠪᠣᠯᠭᠠᠨ᠎ᠠ᠃ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠲᠤ ᠪᠣᠶ ᠪᠣᠯᠭ᠋ᠨ᠎ᠡ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠶᠯᠡᠳᠦᠯᠭᠡᠵᠢᠭᠦᠯᠵᠦ᠂ ᠪᠥᠬᠦ ᠠᠷᠠᠳ ᠢᠶᠠᠷ ᠢᠶᠠᠨ ᠨᠣᠮ ᠤᠩᠰᠢᠬᠤ᠂ ᠶᠠᠪᠠᠭᠠᠨ ᠬᠥᠮᠦᠨ ᠳᠤ ᠶᠣᠰᠣᠷᠬᠠᠭ ᠢᠶᠠᠷ ᠨᠠᠶᠢᠷ ᠲᠠᠯᠪᠢᠬᠤ᠂ ᠫᠢᠯᠠ ᠬᠤᠭᠤᠰᠣᠯᠠᠬᠤ ᠠᠵᠢᠯᠯᠠᠭ᠎ᠠ᠂ ᠲᠡᠷᠭᠡ ᠵᠣᠭᠰᠣᠬᠤ ᠶᠢ ᠵᠢᠷᠤᠮᠵᠢᠭᠤᠯᠬᠤ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠪᠣᠯᠪᠠᠰᠤᠨ ᠰᠢᠨ᠎ᠡ ᠬᠡᠪ ᠰᠤᠷᠲᠠᠯ ᠢ ᠶᠡᠬᠡᠪᠡᠷ ᠰᠠᠨᠠᠭᠠᠴᠢᠯᠠᠵᠤ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠣᠯᠪᠠᠰᠤᠨ ᠦᠶᠯᠡ ᠠᠵᠢᠯᠯᠠᠭ᠎ᠠ ᠳᠠᠳᠬᠠᠯ ᠲᠠᠢ ᠪᠣᠯᠭᠠᠨ᠂ ᠡᠷᠡᠭᠦᠯ ᠰᠠᠷᠠᠭᠤᠯ ᠠᠮᠢᠳᠤᠷᠠᠯ ᠤᠨ ᠬᠡᠯᠪᠡᠷᠢ  ᠶᠢ ᠪᠤᠢ ᠪᠣᠯᠭᠠᠵᠤ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠦᠵᠡᠯᠲᠡ ᠶᠢ ᠪᠣᠶ ᠪᠣᠯᠭᠠᠨ᠎ᠠ᠃    ︵ᠳᠣᠯᠤᠭ᠎ᠠ︶ ᠬᠥᠭᠵᠢᠯᠲᠡ ᠪᠠ ᠠᠮᠤᠷ ᠲᠦᠪᠰᠢᠨ ᠢ ᠪᠥᠬᠦ ᠲᠠᠯ᠎ᠠ ᠪᠠᠷ ᠴᠢᠩᠭ᠎ᠠ ᠠᠳᠬᠤᠵᠤ᠂ ᠡᠯ᠎ᠡ ᠲᠥᠷᠥᠯ ᠤᠨ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠬᠡᠬᠦ ︽ᠬᠤᠶᠠᠷ ᠶᠡᠭᠡ ᠶᠠᠪᠤᠳᠠᠯ︾ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠮᠤᠭ ᠤᠨ ᠡᠷᠡᠰ ᠪᠠᠲᠤ ᠣᠪᠣᠷ ᠢᠶᠠᠷ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠲᠣᠭᠲᠠᠭᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃     ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠪᠦᠬᠦ ᠨᠡᠶᠢᠭᠡᠮ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠬᠦᠴᠦᠨ ᠤ ᠠᠶᠤᠯᠭᠦᠢ ᠦᠢᠯᠡᠳᠪᠦᠷᠢᠯᠡᠯ ᠢ ᠠᠩᠬᠠᠷᠬᠤ᠂ ᠬᠢᠨᠠᠯᠲᠠ ᠲᠠᠯᠪᠢᠬᠤ᠂ ᠣᠷᠣᠯᠴᠠᠬᠤ ᠶᠢ ᠵᠣᠷᠢᠭᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ ᠃ ᠪᠠᠴᠢᠮ ᠪᠠᠶᠢᠳᠠᠯ ᠢ ᠠᠷᠭᠠᠴᠠᠭᠠᠬᠤ ᠲᠤᠨᠤᠭ ᠲᠦᠬᠦᠬᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃   ᠬᠤᠶᠠᠷ ᠲᠤ᠂ ᠥᠷᠢ ᠥᠭᠴᠡᠭᠡ ᠶᠢᠨ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠥᠷᠢ ᠥᠭᠴᠡᠭᠡ ᠶᠢᠨ ᠲᠣᠭᠲᠠᠴᠠ ᠶᠢ ᠵᠢᠷᠤᠮᠵᠢᠭᠤᠯᠵᠤ᠂ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠨᠡᠶᠢᠭᠡᠮ ᠨᠡᠶᠢᠲᠡ ᠶᠢᠨ ᠬᠠᠤᠯᠢ ᠴᠠᠭᠠᠵᠠ ᠶᠢᠨ ᠤᠬᠠᠮᠰᠠᠷ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠬᠠᠤᠯᠢ ᠪᠤᠰᠤ ᠪᠠᠷ ᠪᠠᠯᠠ ᠴᠤᠬᠯᠠᠭᠤᠯᠬᠤ ᠪᠠ ᠬᠠᠤᠯᠢ ᠪᠤᠰᠤ ᠮᠥᠩᠭᠦᠨ ᠭᠦᠶᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠪᠠ ᠢᠨᠲ᠋ᠧᠷ ᠰᠦᠯᠵᠢᠶᠡᠨ ᠤ ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠡᠬᠦᠰᠬᠦ  ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃   ᠭᠤᠷᠪᠠ ᠳᠤ᠂ ᠠᠮᠤᠭᠤᠯᠠᠩᠳᠤ ᠬᠥᠨᠳᠡᠯᠡᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠡ᠃ ᠤᠯᠤᠰ ᠲᠦᠷᠦ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠲᠦᠷᠦ ᠶᠢᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃ ᠨᠡᠶᠢᠭᠡᠮ ᠤᠨ ᠠᠮᠤᠷ ᠢ ᠬᠠᠮᠠᠭᠠᠯᠠᠬᠤ ᠶᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ᠂ ᠬᠥᠮᠦᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠶᠢ ᠤᠶᠠᠯᠳᠤᠭᠤᠯᠬᠤ᠂ ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠬᠤ ᠡᠵᠡᠮᠳᠡᠬᠦ ᠶᠢ ᠨᠢᠭᠡ ᠴᠣᠭᠴᠠᠵᠢᠭᠤᠯᠤᠭᠰᠠᠨ ︽ᠶᠡᠭᠡ ᠰᠡᠷᠭᠡᠶᠢᠯᠡᠨ ᠡᠵᠡᠮᠳᠡᠬᠦ︾ ᠪᠠᠶᠢᠷᠢᠰᠢᠯ ᠢ ᠪᠠᠶᠢᠭᠤᠯᠤᠨ ᠪᠦᠷᠢᠯᠳᠦᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠬᠤᠯᠠᠭᠠᠶᠢᠯᠠᠬᠤ ᠪᠤᠯᠢᠶᠠᠬᠤ ᠮᠡᠬᠡᠯᠡᠬᠦ᠂ ᠨᠠᠰᠤᠵᠢᠯ ᠤᠨ ᠠᠰᠠᠷᠠᠮᠵᠢ ᠪᠠ ᠴᠠᠬᠢᠯᠭᠠᠨ ᠴᠢᠮᠡᠭᠡ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠳᠤ ᠬᠤᠯᠪᠣᠭᠳᠠᠭᠰᠠᠨ ᠠᠵᠤ ᠠᠬᠤᠶ ᠶᠢᠨ ᠶᠠᠯᠠᠲᠤ ᠠᠵᠢᠯᠯᠠᠭ᠎ᠠ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠨ ᠢ ᠪᠤᠵᠠᠭᠠᠶᠢᠷᠠᠭᠤᠯᠵᠤ᠂ ︽ᠶᠡᠷᠦᠩᠬᠡᠶᠢᠯᠡᠨ ᠵᠠᠰᠠᠬᠤ ᠲᠥᠪ + ᠬᠠᠷᠢᠶ᠎ᠡ ᠣᠷᠣᠨ ᠤ ᠠᠷᠠᠳ ᠤᠨ ᠴᠠᠭᠳᠠᠭ᠎ᠠ + ᠲᠤᠤᠷᠵᠢᠭᠤᠯᠤᠯᠳᠠ ᠶᠢᠨ ᠠᠵᠢᠯᠳᠠᠨ + ᠵᠢᠷᠤᠮ ᠤᠨ ᠴᠠᠭᠳᠠᠭ᠎ᠠ ᠶᠢᠨ ᠠᠩᠭᠢ + ᠣᠯᠠᠨ ᠲᠦᠮᠡᠨ︾ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠠᠭᠪᠤᠷ ᠢ ᠪᠠᠶᠢᠭᠤᠯᠤᠨ᠎ᠠ᠃    ᠳᠥᠷᠪᠡ ᠳᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠦᠬᠦ ᠬᠦᠴᠦᠨ ᠢᠶᠠᠷ ᠢᠶᠠᠨ ᠴᠢᠩᠭᠠᠳᠬᠠᠨ᠎ᠠ ᠃ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠤᠨ ᠲᠤᠤᠷᠵᠢᠭᠤᠯᠤᠯᠳᠠ ᠶᠢᠨ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠳ᠋ᠠᠶᠢᠲ᠋ᠠ ᠪᠠᠷ ᠬᠦᠴᠦᠨ ᠴᠢᠳᠠᠪᠤᠷᠢ ᠤᠯᠭᠤᠬᠤ ᠨᠡᠶᠢᠭᠡᠮ ᠤᠨ ᠵᠠᠰᠠᠯᠲᠠ ᠶᠢ ᠴᠢᠩᠭᠠᠷᠠᠭᠤᠯᠤᠨ᠂ ᠣᠶᠤᠨᠴᠢ ᠨᠠᠮ ᠤᠨ ᠪᠠᠶᠢᠭᠤᠯᠤᠯᠲᠠ᠂ ᠣᠶᠤᠨᠴᠢ ᠨᠡᠶᠢᠭᠡᠮ ᠲᠣᠭᠤᠷᠢᠭ ᠂ ᠣᠶᠤᠨᠴᠢ ᠬᠤᠲᠠ ᠶᠢᠨ ᠬᠠᠮᠢᠶᠠᠷᠤᠯᠲᠠ᠂ ᠣᠶᠤᠨᠴᠢ ᠬᠢᠨᠠᠯᠲᠠ ᠬᠠᠮᠢᠶᠠᠷᠤᠯᠲᠠ ᠵᠡᠷᠭᠡ ᠶᠢ ᠥᠷᠭᠡᠳᠬᠡᠨ ᠬᠡᠷᠡᠭᠯᠡᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠶᠡᠭᠡ ᠪᠠᠷ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠡᠮᠬᠢ ᠳᠢᠭᠯᠢᠮ ᠢ ᠬᠠᠤᠯᠢ ᠲᠣᠭᠲᠠᠭᠠᠯ ᠶᠣᠰᠣᠭᠠᠷ ᠬᠠᠮᠠᠭᠠᠯᠠᠨ᠎ᠡ᠃ ︽ᠡᠶ᠎ᠡ ᠵᠣᠬᠢᠴᠠᠩᠭᠤᠶ ᠪᠠᠷ ᠬᠠᠮᠲᠤ ᠶᠠᠪᠤᠬᠤ︾ ᠭᠤᠷᠪᠠᠨ ᠵᠢᠯ ᠤᠨ ᠠᠵᠢᠯᠯᠠᠭ᠎ᠠ ᠶᠢ ᠴᠢᠨᠠᠷ ᠰᠠᠶᠢᠲᠠᠶ ᠪᠡᠶᠡᠯᠡᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠪᠠᠶᠢᠬᠤ ᠶᠢ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃  ᠲᠠᠪᠤ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ ᠪᠠᠲᠤ ᠴᠣᠭᠴᠠᠯᠠᠨ᠎ᠡ᠃ ︽ᠤᠯᠠᠭᠠᠨ ᠠᠨᠠᠷ ᠦᠨᠳᠦᠰᠦᠲᠡᠨ ᠤ ᠰᠣᠶᠣᠯ ᠤᠨ ᠠᠭᠤᠳᠠᠮ ᠲᠠᠯᠠᠪᠠᠢ︾  ᠂  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠬᠥᠮᠦᠵᠢᠯ ᠤᠨ ᠰᠠᠭᠤᠷᠢᠨ︾ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠬᠦ ᠲᠠᠯ᠎ᠠ ᠪᠠᠷ ᠶᠠᠪᠤᠯᠴᠠᠬᠤ᠂ ᠥᠷᠭᠡᠨ ᠢᠶᠠᠷ ᠰᠣᠯᠢᠯᠴᠠᠬᠤ᠂ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ    ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠬᠤᠶᠠᠷ ᠢ ᠲᠣᠭᠲᠠᠭᠠᠬᠰᠠᠨ︾  ᠤ ᠬᠦᠨ ᠠᠭᠤᠯᠬᠤᠨ ᠢ ᠭᠦᠨᠵᠡᠭᠡᠶ ᠣᠶᠢᠯᠠᠭᠠᠵᠤ᠂ ᠤᠯᠤᠰ ᠲᠥᠷᠥ᠂ ᠦᠵᠡᠯ ᠰᠠᠨᠠᠭ᠎ᠠ᠂ ᠦᠶᠯᠡ ᠠᠵᠢᠯᠯᠠᠭ᠎ᠠ ᠳᠡᠭᠡᠷ᠎ᠡ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠤᠨᠤᠯ ᠢᠶᠠᠷ ᠵᠡᠪᠰᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠰᠡᠯᠡᠩ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠨᠠᠮ ᠤᠨ ᠬᠠᠮᠤᠭ ᠤᠨ ᠰᠢᠨ᠎ᠡ ᠤᠨᠤᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠵᠢᠯᠤᠭᠤᠳᠤᠭᠤᠯᠤᠨ᠎ᠠ᠃    ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠪᠠᠷᠢᠮᠲᠠᠯᠠᠨ᠎ᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠶᠳᠪᠦᠷᠢ ᠲᠣᠭᠲᠠᠭᠠᠯ ᠢ ᠬᠢᠨᠠᠮᠠᠭᠠᠶ ᠬᠡᠷᠡᠭᠵᠢᠭᠦᠯᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠠᠵᠢᠯ ᠤᠨ ᠬᠢᠨᠠᠯᠲᠠ ᠲᠠᠯᠪᠢᠬᠤ ᠪᠠ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ᠎ᠠ᠃ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠡᠯ᠎ᠡ ᠵᠦᠶᠯ ᠤᠨ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠡᠷᠬᠡ ᠪᠠ ᠡᠭᠦᠷᠭᠡ ᠶᠢ ᠬᠠᠤᠯᠢ ᠶᠣᠰᠣᠭᠠᠷ ᠭᠦᠶᠴᠡᠳᠬᠡᠨ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠢᠳᠡᠪᠬᠢᠲᠡᠶ ᠬᠡᠷᠡᠭᠵᠢᠭᠦᠯᠦᠨ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ  ᠶᠢᠨ ᠮᠡᠳᠡᠯᠬᠡ ᠶᠢ ᠲᠦᠭᠡᠮᠡᠯᠵᠢᠭᠦᠯᠬᠦ ᠶᠢ ᠭᠦᠨᠵᠡᠭᠡᠶ ᠠᠬᠢᠭᠤᠯᠵᠤ᠂ ᠬᠠᠤᠯᠢᠵᠢᠯ ᠤᠨ ᠬᠥᠨᠳᠡᠯᠡᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃   ᠭᠤᠷᠪᠠ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠦᠬᠦ ᠲᠠᠯ᠎ᠠ ᠪᠠᠷ ᠪᠠᠷᠢᠮᠲᠠᠯᠠᠨ᠎ᠠ᠃ ᠵᠣᠷᠢᠯᠲᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ︽ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠬᠢᠷᠢ ᠪᠠᠷ ᠢᠶᠠᠨ ᠬᠢᠬᠦ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠ ᠵᠠᠰᠠᠭ ᠶᠠᠪᠤᠭᠤᠯᠬᠤ ᠶᠠᠪᠤᠴᠠ ᠳᠤ ᠢᠮᠠᠭᠲᠠ ᠠᠷᠠᠳ ᠲᠦᠮᠡᠨ ᠢ ᠳᠡᠭᠡᠳᠦᠯᠡᠬᠦ ᠦᠵᠡᠯ ᠰᠠᠨᠠᠭ᠎ᠠ ᠶᠢ ᠪᠠᠷᠢᠮᠲᠠᠯᠠᠵᠤ᠂ ᠣᠯᠠᠨ ᠲᠦᠮᠡᠨ ᠤ ᠦᠨᠳᠦᠰᠦᠨ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠶᠳᠪᠦᠷᠢᠯᠡᠨ᠂ ᠠᠷᠠᠳ ᠤᠨ ᠠᠮᠢᠳᠤᠷᠠᠯ ᠤᠨ ᠦᠢᠯᠡᠰ ᠲᠠᠬᠢ ᠣᠷᠣᠭᠤᠯᠤᠯᠲᠠ ᠪᠠᠨ ᠲᠠᠰᠤᠷᠠᠯᠲᠠ ᠤᠶᠢᠭᠡᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠨᠡᠶᠢᠭᠡᠮ ᠤᠨ ᠬᠡᠷᠡᠭ ᠶᠠᠪᠤᠳᠠᠯ ᠢ ᠬᠠᠮᠲᠤ ᠪᠠᠷ ᠵᠠᠰᠠᠬᠤ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ ᠶᠢ ᠬᠦᠳᠦᠯᠦᠨ ᠵᠢᠯᠣᠭᠤᠳᠴᠤ᠂ ᠤᠯᠠᠨ ᠲᠦᠮᠡᠨ ᠤ ᠬᠦᠰᠡᠯ ᠵᠣᠷᠢᠭ ᠢ ᠭᠦᠢᠴᠡᠳ ᠢᠯᠡᠷᠡᠭᠦᠯᠦᠨ᠂ ᠤᠯᠠᠨ ᠲᠦᠮᠡᠨ ᠤ ᠪᠦᠲᠦᠭᠡᠯᠴᠢ ᠴᠢᠳᠠᠪᠤᠷᠢ ᠶᠢ ᠬᠥᠭᠵᠢᠭᠡᠨ᠎ᠡ᠃   ᠳᠥᠷᠪᠡ ᠳᠤ᠂ ᠠᠵᠢᠯ ᠤᠨ ᠰᠤᠷᠲᠠᠯ ᠢᠶᠠᠨ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠥᠷᠭᠡᠨ ᠣᠯᠠᠨ ᠺᠠᠳ᠋ᠷ ᠢ ᠬᠥᠮᠦᠵᠢᠭᠦᠯᠦᠨ ᠵᠢᠯᠣᠭᠤᠳᠴᠤ ᠰᠢᠨ᠎ᠡ ᠴᠠᠭ ᠬᠤᠭᠤᠴᠠᠭ᠎ᠠ ᠰᠢᠨ᠎ᠡ ᠪᠠᠶᠢᠳᠠᠯ ᠪᠣᠯᠤᠨ ᠡᠭᠦᠷᠭᠡ ᠶᠢᠨ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠢᠯ ᠤᠨ ᠪᠠᠶᠢᠷᠢ ᠳᠡᠭᠡᠷ᠎ᠡ ᠪᠠᠨ ᠲᠡᠷᠢᠭᠦᠨ ᠤ ᠬᠢ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠠᠵᠢᠯ ᠤᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠦᠶ᠎ᠡ︾ ᠭᠤᠤᠯ ᠰᠡᠳᠦᠪᠲᠦ ᠠᠵᠢᠯᠯᠠᠭ᠎ᠠ ᠳᠤᠮᠳᠠ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠣ ᠬᠤᠪᠢ ᠨᠡᠮᠡᠷᠢ ᠦᠵᠡᠬᠦᠯᠦᠨ᠎ᠡ᠃ ᠪᠣᠳᠠᠲᠠᠶ ᠠᠵᠢᠯᠯᠠᠬᠤ ᠵᠣᠷᠢᠭ ᠰᠠᠨᠠᠭ᠎ᠠ ᠶᠢ ᠴᠢᠩᠭᠠᠳᠬᠠᠵᠤ᠂ ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠶᠢ ᠪᠠᠲᠤ ᠪᠣᠶ ᠪᠣᠯᠭᠠᠵᠤ᠂ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠤᠳᠤᠷᠢᠳᠬᠤ ᠺᠠᠳ᠋ᠷ ᠲᠦᠷᠦᠭᠦᠯᠡᠨ ᠡᠮᠦᠨ᠎ᠡ ᠹᠷᠣᠨᠲ ᠲᠤ ᠭᠦᠨᠵᠡᠭᠡᠶᠢᠷᠡᠵᠦ ᠠᠵᠢᠯ ᠢ ᠠᠬᠢᠭᠤᠯᠵᠤ ᠠᠰᠠᠭᠤᠳᠠᠯ ᠢ ᠰᠢᠶᠳᠪᠦᠷᠢᠯᠡᠨ᠎ᠡ᠃ ᠬᠦᠢᠴᠡᠳᠬᠡᠬᠦ ᠬᠦᠴᠦᠨ ᠨᠠᠶᠢᠳᠠᠪᠤᠷᠢᠵᠢᠭᠤᠯᠬᠤ ᠬᠦᠴᠦᠨ ᠢᠶᠠᠨ ᠴᠢᠩᠭᠠᠳᠬᠠᠵᠤ᠂ ᠲᠤᠭᠤᠷᠢᠭ ᠤᠨ ᠵᠠᠰᠠᠭ ᠤᠨ ᠣᠷᠳᠣᠨ ᠤ ᠨᠢᠬᠡᠨᠳᠡ ᠲᠣᠭᠲᠠᠭᠠᠭᠰᠠᠨ ᠠᠵᠢᠯ ᠤᠨ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠲᠡᠮᠡᠴᠡᠯ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠲᠡᠮᠡᠴᠡᠯ ᠤᠨ ᠳᠤᠮᠳᠠ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃   ᠲᠠᠪᠤ ᠳᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠰᠠᠶᠢᠳᠤᠷ ᠭᠦᠶᠴᠡᠳᠬᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠬᠦᠷᠬᠡᠯᠡᠬᠦ︾ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠳᠥᠷᠪᠡᠨ ᠰᠤᠷᠲᠠᠯ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠠᠬᠢ ᠪᠣᠯᠬᠢᠴᠢᠯᠠᠬᠤ ᠠᠷᠠᠯᠵᠢᠶᠠᠯᠠᠬᠤ ︽ᠠᠷᠪᠠᠨ ᠨᠢᠭᠡᠨ ᠵᠦᠶᠯ ᠤᠨ ᠦᠵᠡᠭᠳᠡᠯ︾ ᠢ ᠡᠷᠡᠰ ᠬᠤᠷᠢᠭᠯᠠᠨ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠲᠥᠪ ᠤᠨ ᠨᠠᠢᠮᠠᠨ ᠲᠣᠭᠲᠠᠭᠠᠯ ᠵᠢᠴᠢ ᠲᠡᠬᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ︽ᠭᠤᠷᠪᠠᠨ ᠵᠦᠶᠯ ᠤᠨ ᠠᠯᠪᠠᠨ ᠵᠠᠷᠤᠳᠠᠯ︾ ᠪᠣᠯᠤᠨ ᠡᠩ ᠤᠨ ᠴᠢᠨᠠᠷᠲᠠᠶ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠨ᠎ᠠ᠃ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠡᠷᠡᠭᠯᠡᠯᠲᠡ ᠶᠢᠨ ᠦᠨᠡᠯᠡᠨ ᠵᠢᠱᠢᠬᠦ ᠶᠢ ᠴᠢᠩᠭᠠᠳᠬᠠᠵᠤ᠂ ︽ᠵᠣᠭᠤᠰ ᠵᠠᠷᠤᠪᠠᠯ ᠵᠠᠪᠠᠯ ᠦᠷ᠎ᠡ ᠪᠦᠲᠦᠮᠵᠢ ᠶᠢ ᠨᠢ ᠠᠰᠠᠭᠤᠬᠤ᠂ ᠦᠷ᠎ᠡ ᠪᠦᠲᠦᠮᠵᠢ ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ︾ ᠶᠢ ᠪᠡᠶᠡᠯᠡᠭᠦᠯᠵᠦ᠂  ᠨᠢᠬᠡ ᠮᠦᠩᠬᠦ ᠵᠣᠭᠤᠰ ᠢ ᠴᠥᠮ ᠴᠢᠬᠤᠯᠠᠲᠠᠢ ᠭᠠᠵᠠᠷ ᠲᠤᠨᠢ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠲᠥᠪ ᠪᠤᠰᠤ ᠰᠤᠷᠲᠠᠯ ᠢ ᠡᠷᠡᠰ ᠵᠠᠯᠠᠷᠠᠭᠤᠯᠤᠨ᠎ᠠ᠃    ᠲᠥᠯᠥᠭᠡᠯᠡᠭᠴᠢᠳ ᠡ᠂ ᠡᠬᠦᠷᠬᠡ ᠬᠦᠨᠳᠤ ᠵᠠᠮ ᠬᠤᠯᠠ ᠬᠦᠴᠢᠷ ᠪᠡᠷᠬᠡ ᠤᠯᠠᠨᠳᠠᠢ᠂ ᠲᠦᠷᠦᠬᠡ ᠴᠢᠩᠭᠠᠯᠠᠨ ᠵᠣᠷᠢᠭ ᠢᠶᠠᠨ ᠬᠥᠪᠴᠢᠯᠡᠵᠦ ᠮᠠᠷᠠᠶᠢᠨ ᠲᠡᠮᠡᠴᠡᠬᠦ ᠬᠡᠷᠡᠭᠳᠡᠢ᠃ ᠬᠥᠨᠳᠡᠯᠡᠨ ᠲᠣᠭᠤᠷᠢᠭ ᠤᠨ ᠬᠥᠭᠵᠢᠯᠲᠡ ᠶᠢᠨ ᠰᠢᠨ᠎ᠡ ᠠᠶᠠᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠰᠦᠷᠦᠨ ᠤᠷᠤᠭᠰᠢᠯᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠳᠠᠮᠠᠭᠠᠢ ᠠᠵᠢᠯᠯᠠᠵᠤ ᠴᠢᠳᠠᠮᠠᠭᠠᠢ ᠪᠦᠲᠦᠭᠡᠵᠦ᠂ ᠰᠢᠨ᠎ᠡ ᠴᠠᠭ ᠦᠶ᠎ᠡ ᠶᠢᠨ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾  ᠳᠠᠬᠢ ᠨᠡᠷ᠎ᠡ ᠦᠬᠡᠰ ᠤᠨ  ᠲᠠᠶᠢᠯᠪᠤᠷᠢ  ᠄  1. ︽ᠬᠠᠶᠠᠭᠳᠠᠮᠠᠯ ᠥᠬᠡᠶ ᠬᠤᠲᠠ︾᠄ ᠲᠤᠬᠠᠶᠢᠯᠠᠪᠠᠯ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠥᠬᠡᠶ ᠂ ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠤᠶᠢᠯᠠᠭᠠᠬᠳᠠᠬᠤᠨ ᠢᠶᠠᠷ ᠬᠥᠲᠥᠯᠦᠨ ᠳᠠᠭᠠᠭᠤᠯᠤᠬᠰᠠᠨ᠂ ᠪᠣᠬᠢᠷᠲᠤᠯ ᠥᠬᠡᠶ ᠬᠥᠭᠵᠢᠯᠲᠡ ᠶᠢᠨ ᠬᠡᠯᠪᠡᠷᠢ ᠪᠠ ᠠᠮᠢᠳᠤᠷᠠᠯ ᠤᠨ ᠬᠡᠯᠪᠡᠷᠢ ᠶᠢ ᠪᠦᠷᠢᠯᠳᠦᠬᠦᠯᠬᠦ ᠶᠢ ᠠᠬᠢᠭᠤᠯᠬᠤ ᠪᠠᠷ ᠳᠠᠮᠵᠢᠭᠤᠯᠤᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠳᠡᠯ᠎ᠡ ᠪᠠᠭᠠᠰᠬᠠᠬᠤ ᠬᠤᠲᠠ ᠶᠢᠨ ᠬᠥᠭᠵᠢᠯᠲᠡ ᠶᠢᠨ ᠵᠠᠭᠪᠤᠷ ᠢ ᠵᠢᠭᠠᠵᠤ ᠪᠣᠶ᠃   2. ︽ᠠᠷᠰᠠᠷ ᠠᠵᠢᠯ ᠤᠨ ᠤᠯᠠᠭ᠎ᠠ ᠥᠷᠲᠡᠭᠡ︾᠄ ᠡᠨᠡ ᠪᠣᠯ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠲᠠᠨᠢᠯᠴᠠᠭᠤᠯᠬᠤ᠂ ᠲᠤᠬᠠᠶ ᠶᠢᠨ ᠲᠠᠯᠠᠪᠤᠷ ᠲᠤ ᠠᠵᠢᠯᠲᠠᠨ ᠠᠵᠢᠯᠴᠢᠨ ᠤᠷᠢᠵᠤ ᠬᠡᠷᠡᠭᠯᠡᠬᠦ᠂ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠳᠡᠬᠡᠬᠦ᠂ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ ᠵᠡᠷᠭᠡ ᠣᠯᠠᠨ ᠨᠡᠶᠢᠲᠡ ᠶᠢᠨ ᠦᠶᠯᠡᠴᠢᠯᠡᠭᠡᠨ ᠤ ᠴᠢᠳᠠᠪᠬᠢ ᠶᠢ ᠨᠢᠭᠡ ᠴᠣᠭᠴᠠᠵᠢᠭᠤᠯᠤᠭᠰᠠᠨ ︽ᠨᠢᠭᠡ ᠥᠷᠲᠡᠭᠡᠴᠢᠯᠡᠭᠰᠡᠨ ᠮᠠᠶ᠋ᠢᠭ︾  ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠠᠪᠴᠠᠩ ᠢ ᠵᠢᠭᠠᠵᠤ ᠪᠤᠢ᠃   3. ᠲᠠᠪᠤ ᠶᠢ ᠲᠤᠶᠢᠯᠪᠤᠷᠢᠳᠠᠢ ᠪᠠᠶᠢᠴᠠᠭᠠᠬᠤ᠄ ᠲᠤᠬᠠᠶᠢᠯᠠᠪᠠᠯ ᠬᠢᠨᠠᠨ ᠵᠥᠪᠰᠢᠶᠡᠷᠡᠬᠦᠯᠬᠦ ᠪᠠᠷ ᠪᠠᠶᠢᠭ᠎ᠠ ᠲᠥᠷᠥᠯ ᠵᠦᠢᠯ᠂ ︽ᠬᠠᠭᠠᠰ ᠳᠤᠲᠠᠭᠤ ᠤᠷᠬᠢᠬᠰᠠᠨ︾  ᠪᠠᠷᠢᠯᠭ᠎ᠠ᠂ ᠰᠤᠯᠠ ᠪᠠᠶᠢᠭ᠎ᠠ ᠭᠠᠵᠠᠷ ᠰᠢᠷᠣᠶ᠂ ᠲᠤᠨᠤᠮᠠᠯ ᠪᠡᠯᠡ ᠮᠥᠩᠭᠦ᠂ ᠨᠡᠭᠡᠭᠡᠯᠲᠡ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠪᠠᠷ ᠲᠤᠶᠢᠯᠪᠤᠷᠢᠳᠠᠢ ᠪᠠᠶᠢᠴᠠᠭᠠᠬᠤ ᠶᠢ ᠵᠢᠭᠠᠵᠤ ᠪᠤᠢ᠃   4. ︽ᠭᠤᠷᠪᠠ ᠶᠢ ᠲᠡᠮᠡᠴᠡᠬᠦ︾᠄  ᠲᠤᠬᠠᠶᠢᠯᠠᠪᠠᠯ ᠲᠡᠭᠡᠳᠤ ᠱᠠᠲᠤᠨ ᠤ ᠪᠡᠯᠡ ᠮᠥᠩᠭᠦ ᠶᠢ ᠲᠡᠮᠡᠴᠡᠨ ᠤᠯᠬᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠲᠡᠮᠡᠴᠡᠨ ᠣᠯᠬᠤ᠂ ᠲᠤᠷᠰᠢᠯᠲᠠ ᠶᠢᠨ ᠴᠡᠭ ᠵᠢᠱᠢᠶ᠎ᠡ ᠦᠵᠡᠭᠦᠯᠬᠦ ᠭᠠᠵᠠᠷ  ᠢ ᠲᠡᠮᠡᠴᠡᠨ ᠣᠯᠬᠤ ᠶᠢ ᠵᠢᠭᠠᠵᠤ ᠪᠤᠢ᠃   5. ︽ᠤᠶᠠᠨ ᠬᠠᠳᠠᠨ ᠴᠢᠨᠠᠷᠳᠠᠢ ᠬᠤᠲᠠ︾᠄ ᠬᠤᠲᠠ ᠶᠢᠨ ᠥᠪᠡᠷ ᠤᠨ ᠴᠢᠳᠠᠪᠤᠷᠢ ᠳᠠᠭᠠᠨ ᠲᠦᠰᠢᠭᠯᠡᠨ ᠭᠠᠮᠰᠢᠭ ᠢ ᠬᠤᠷᠢᠭᠯᠠᠵᠤ᠂ ᠭᠠᠮᠰᠢᠭ ᠠᠴᠠ ᠪᠤᠯᠤᠬᠰᠠᠨ ᠬᠤᠬᠢᠷᠠᠯ ᠢ ᠪᠠᠭᠠᠰᠬᠠᠬᠤ ᠶᠢᠨ ᠬᠠᠮᠲᠤ ᠡᠬᠢ ᠪᠠᠶᠠᠯᠢᠭ ᠢ ᠵᠦᠢ ᠵᠣᠬᠢᠰᠲᠠᠢ ᠲᠤᠬᠢᠷᠠᠭᠤᠯᠤᠨ ᠭᠠᠮᠰᠢᠭ ᠤᠨ ᠳᠤᠮᠳᠠ ᠠᠴᠠ ᠦᠳᠳᠡᠷ ᠲᠦᠷᠭᠡᠨ ᠢᠶᠠᠷ ᠰᠡᠷᠭᠦᠭᠡᠵᠤ ᠢᠷᠡᠬᠦ ᠶᠢ ᠵᠢᠭᠠᠵᠤ ᠪᠤᠢ᠃  6 . ︽ᠭᠤᠷᠪᠠ ᠶᠢ ᠠᠷᠠᠳ ᠠᠴᠠ ᠠᠰᠠᠭᠤᠬᠤ︾᠄ ᠲᠤᠬᠠᠶᠢᠯᠠᠪᠠᠯ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠦᠷ᠎ᠡ ᠪᠦᠲᠦᠮᠵᠢ ᠶᠢ ᠠᠷᠠᠳ ᠠᠴᠠ ᠠᠰᠠᠭᠤᠬᠤ ᠶᠢ ᠵᠢᠭᠠᠵᠤ ᠪᠤᠢ   7. ᠬᠥᠳᠡᠭᠡ ᠲᠣᠰᠬᠤᠨ ᠤ ︽ᠲᠠᠪᠤ ᠶᠢ ᠵᠠᠰᠠᠬᠤ︾᠄  ᠲᠤᠬᠠᠶᠢᠯᠠᠪᠠᠯ ᠭᠡᠷ ᠪᠠᠶᠢᠰᠢᠩ ᠢ ᠵᠠᠰᠠᠬᠤ᠂ ᠤᠰᠤ ᠶᠢ ᠵᠠᠰᠠᠬᠤ᠂ ᠬᠤᠭ ᠨᠣᠪᠰᠢ ᠶᠢ ᠵᠠᠰᠠᠬᠤ᠂ ᠵᠣᠷᠯᠣᠩ ᠢ ᠵᠠᠰᠠᠬᠤ᠂ ᠰᠤᠷᠳᠠᠯ ᠢ ᠵᠠᠰᠠᠬᠤ ᠶᠢ ᠵᠢᠭᠠᠵᠤ ᠪᠤᠢ᠃  8 . ︽ᠲᠠᠪᠤᠨ ᠬᠥᠮᠦᠵᠢᠯ ᠢ ᠠᠭᠤᠰᠤᠯᠴᠠᠭᠤᠯᠬᠤ︾᠄ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠳᠤᠮᠳᠠ ᠶᠣᠰᠣ ᠰᠤᠷᠲᠠᠬᠤᠨ ᠤ ᠬᠥᠮᠦᠵᠢᠯ᠂ ᠣᠶᠤᠨ ᠤᠬᠠᠭᠠᠨ ᠤ ᠬᠥᠮᠦᠵᠢᠯ᠂ ᠪᠡᠶ᠎ᠡ ᠶᠢᠨ ᠲᠠᠮᠢᠷ ᠤᠨ ᠬᠦᠮᠦᠵᠢᠯ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠢ ᠴᠢᠬᠤᠯᠠᠴᠢᠯᠠᠨ ᠬᠡᠷᠡᠭᠵᠢᠭᠦᠯᠬᠦ ᠪᠠᠷ ᠳᠡᠮᠵᠢᠨ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠵᠢᠭ᠋ᠵᠤ ᠪᠤᠢ᠃    9. ︽ᠳᠥᠷᠪᠠ ᠪᠠᠶᠢᠬᠤ ᠰᠠᠶᠢᠨ ᠪᠠᠭᠰᠢ︾᠄ ᠲᠤᠬᠠᠶᠢᠯᠠᠪᠠᠯ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠰᠤᠷᠲᠠᠬᠤᠨ ᠦᠵᠡᠯ ᠰᠡᠳᠬᠢᠯᠭᠡ ᠲᠠᠢ᠂ ᠯᠠᠪᠳᠠᠭᠤᠨ ᠪᠠᠲᠤᠲᠠᠶ ᠡᠷᠳᠡᠮ ᠮᠡᠳᠡᠯᠭᠡ ᠲᠠᠢ᠂ ᠦᠷᠦᠪᠴᠢ ᠡᠨᠡᠷᠢᠩᠭᠦᠶ ᠰᠡᠳᠬᠢᠯ ᠲᠠᠢ ︽ᠳᠥᠷᠪᠡ ᠪᠠᠶᠢᠬᠤ︾ ᠰᠠᠶᠢᠨ ᠪᠠᠭᠰᠢ ᠶᠢ ᠵᠢᠭ᠋ᠵᠤ ᠪᠤᠢ᠃   10. ᠰᠤᠷᠭᠠᠭᠤᠯᠢ ᠶᠢᠨ ᠬᠦᠷᠢᠶᠡᠨ ᠤ ︽ᠭᠤᠷᠪᠠ ᠶᠢ ᠰᠡᠷᠭᠡᠶᠢᠯᠡᠬᠦ︾  ᠂ ︽ᠳᠥᠷᠪᠡᠨ100%︾᠄ ᠰᠤᠷᠭᠠᠭᠤᠯᠢ ᠶᠢᠨ ᠬᠦᠷᠢᠶᠡᠨ ᠤ ︽ᠭᠤᠷᠪᠠ ᠶᠢ ᠰᠡᠷᠭᠡᠶᠢᠯᠡᠬᠦ︾ ᠭᠡᠳᠡᠭ ᠨᠢ ︽ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ︾   ᠶᠢ ᠬᠡᠯᠡᠨ᠎ᠡ︔ ︽ᠳᠥᠷᠪᠡᠨ100%︾  ᠬᠡᠳᠡᠭ ᠨᠢ᠂  ᠲᠠᠷᠤᠢ ︽ᠲᠤᠰᠬᠠᠶ ᠲᠤᠰᠢᠶᠠᠯᠲᠤ ᠠᠮᠤᠷ ᠢ ᠬᠠᠮᠠᠭᠠᠯᠠᠬᠴᠢ ᠶᠢ ᠲᠣᠬᠢᠷᠠᠭᠤᠯᠤᠬᠰᠠᠨ ᠨᠣᠷᠮ᠎ᠠ ᠶᠢ 100% ᠳᠤ ᠬᠦᠷᠬᠡᠬᠦ᠂ ᠰᠤᠷᠤᠬᠴᠢᠳ ᠢ ᠬᠠᠮᠠᠭᠠᠯᠠᠬᠤ ᠠᠵᠢᠯ ᠤᠨ ᠪᠠᠶᠢᠷᠢ ᠶᠢ ᠪᠡᠶᠡᠯᠡᠭᠦᠯᠦᠭᠰᠡᠨ ᠨᠣᠷᠮ᠎ᠠ ᠶᠢ 100% ᠳᠤ ᠬᠦᠷᠬᠡᠬᠦ᠂ ᠰᠤᠷᠭᠠᠭᠤᠯᠢ ᠶᠢᠨ ᠬᠦᠷᠢᠶᠡᠨ ᠤ ᠪᠢᠲᠡᠭᠦᠮᠵᠢᠯᠡᠭᠰᠡᠨ ᠬᠠᠮᠢᠶᠠᠷᠤᠯᠲᠠ ᠶᠢ 100% ᠪᠠᠷ ᠪᠡᠶᠡᠯᠡᠬᠦᠯᠬᠦ᠂ ᠰᠤᠷᠭᠠᠭᠤᠯᠢ ᠶᠢᠨ ᠬᠦᠷᠢᠶᠡᠨ ᠤ ᠸᠢᠳᠢᠤ᠋ ᠪᠠᠷ ᠬᠢᠨᠠᠨ ᠡᠵᠡᠮᠳᠡᠬᠦ ᠬᠢᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ  ᠯᠤᠭ᠎ᠠ ᠰᠦᠯᠵᠢᠶ᠎ᠡ ᠪᠠᠷ ᠬᠤᠯᠪᠣᠬᠤ ᠶᠢ 100% ᠳᠤ ᠬᠦᠷᠬᠡᠬᠦ︾ ᠶᠢ ᠬᠡᠯᠡᠵᠤ ᠪᠤᠢ᠃     11. ᠲᠤᠩᠬᠠᠭ ᠨᠡᠶᠢᠳᠡᠯᠠᠨ ᠮᠠᠩᠯᠠᠶᠢᠯᠠᠬᠴᠢ ᠡᠯᠰᠡᠬᠦ᠄ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠷ ᠦᠨᠡᠯᠡᠵᠤ ᠵᠠᠷᠤᠳᠠᠯ ᠦᠭᠬᠦ‍ ᠨᠢᠬᠡ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠤᠷᠤᠭᠤᠯᠤᠯᠳᠠ ᠶᠢᠨ ᠪᠠᠶᠢᠭᠤᠯᠤᠮᠵᠢ ᠪᠣᠯᠤᠨ᠎ᠠ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠨᠡᠶᠢᠭᠡᠮ ᠨᠡᠶᠢᠲᠡ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠢᠯᠦᠬᠡᠳᠡᠢ ᠴᠤᠭᠯᠠᠭᠤᠯᠬᠤ ᠨᠢᠭᠡ ᠵᠦᠶᠯ ᠤᠨ ᠦᠶᠡᠯᠡᠯ ᠤᠨ ᠬᠤᠭᠤᠴᠠᠭᠠᠳᠤ ᠪᠤᠰᠤ ᠴᠢᠨᠠᠷᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠮᠵᠢ ᠶᠢᠨ ᠲᠣᠬᠢᠷᠠᠭᠤᠯᠤᠯᠲᠠ ᠪᠣᠯᠤᠨ᠎ᠠ᠃  12. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ᠄ ᠲᠤᠬᠠᠶᠢᠯᠠᠪᠠᠯ ᠵᠠᠰᠠᠭ ᠤᠨ ᠣᠷᠳᠣᠨ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠣᠯᠤᠨ ᠰᠢᠨ᠎ᠡ ᠶᠢ ᠡᠭᠦᠳᠦᠨ ᠦᠢᠯᠡᠰ ᠪᠤᠰᠬᠠᠬᠤ ᠪᠦᠯᠬᠦᠮ ᠨᠡᠶᠢᠲᠡ ᠳᠤ ᠰᠦᠢᠳᠬᠡᠯ ᠬᠤᠷᠢᠶᠠᠬᠤ ᠦᠭᠡᠶ ᠪᠠᠷ ᠣᠯᠭᠤᠬᠤ ᠡᠷᠬᠡ ᠠᠰᠢᠭ ᠤᠨ ᠭᠡᠷᠡᠴᠢ ᠪᠠᠷᠢᠮᠲᠠ ᠪᠣᠯᠤᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠣᠯᠤᠨ ᠰᠢᠨ᠎ᠡ ᠶᠢ ᠡᠭᠦᠳᠦᠨ ᠦᠢᠯᠡᠰ ᠪᠤᠰᠬᠠᠬᠤ ᠪᠦᠯᠬᠦᠮ ᠨᠡᠶᠢᠲᠡ ᠶᠢᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠳᠤ ᠬᠡᠷᠡᠭᠯᠡᠨ᠎ᠡ᠃    13 . ︽ᠤᠷᠢᠳ ᠢᠶᠠᠷ ᠡᠵᠡᠩᠨᠡᠯᠲᠡ ᠶᠢᠨ ᠦᠨᠡᠮᠯᠡᠯ ᠠᠪᠴᠤ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠠᠪᠬᠤ︾᠄ ᠤᠷᠢᠳ ᠢᠶᠠᠷ ᠡᠵᠡᠩᠨᠡᠯᠲᠡ ᠶᠢᠨ ᠦᠨᠡᠮᠯᠡᠯ ᠣᠯᠤᠭᠰᠠᠨ ᠤ ᠳᠠᠷᠠᠭ᠎ᠠ ᠳᠠᠬᠢᠨ ᠬᠤᠯᠪᠣᠭᠳᠠᠯ ᠪᠦᠬᠦᠢ ᠵᠥᠪᠰᠢᠶᠡᠷᠡᠯ ᠤᠨ ᠦᠨᠡᠮᠯᠡᠯ ᠠᠪᠬᠤ ᠶᠢ ᠵᠢᠭᠠᠵᠤ ᠪᠤᠢ᠃   14. ︽ᠬᠤᠶᠠᠷ ᠰᠢᠨ᠎ᠡ︾  ᠪᠠᠷ ᠤᠳᠤᠷᠢᠳᠤᠮᠵᠢ ᠪᠤᠯᠭᠠᠬᠤ᠄ ᠰᠢᠨ᠎ᠡ ᠪᠠᠷ ᠠᠵᠢᠯ ᠡᠬᠢᠯᠡᠭᠦᠯᠦᠭᠰᠡᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠢᠶᠠᠷ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ ᠶᠢ ᠪᠤᠳᠠᠳᠠᠢ ᠠᠳᠬᠤᠬᠰᠠᠨ ᠡᠰᠡᠬᠦ ᠶᠢ ᠦᠨᠡᠯᠡᠵᠤ ᠬᠡᠮᠵᠢᠨ ᠰᠢᠯᠭᠠᠬᠤ︔ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢᠶᠠᠷ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠳᠬᠤᠵᠤ ᠠᠮᠵᠢᠯᠳᠠ ᠤᠯᠤᠬᠰᠠᠨ ᠡᠰᠡᠬᠦ ᠶᠢ ᠦᠨᠡᠯᠡᠵᠤ ᠬᠡᠮᠵᠢᠨ ᠰᠢᠯᠭᠠᠬᠤ ᠶᠢ ᠵᠢᠭᠠᠵᠤ ᠪᠣᠶ᠃   15. ︽ᠨᠢᠭᠡ ᠰᠢᠨ᠎ᠡ ᠶᠢ ᠡᠬᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ᠄ ᠲᠤᠬᠠᠶᠢᠯᠠᠪᠠᠯ 2009 ᠣᠨ ᠤ 8 ᠰᠠᠷ᠎ᠠ ᠶᠢᠨ 23 ᠤ ᠡᠳᠦᠷ᠂ ᠲᠤᠬᠠᠶ ᠶᠢᠨ ᠦᠶ᠎ᠡ ᠳᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠡ ᠶᠢᠨ ᠪᠠᠶᠢᠩᠭᠤ ᠶᠢᠨ ᠭᠡᠰᠢᠭᠦᠨ᠂ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠱᠦᠵᠢ᠂ ᠤᠯᠤᠰ ᠤᠨ ᠳᠡᠳ᠋ ᠲᠡᠷᠢᠭᠦᠯᠡᠭᠴᠢ ᠪᠠᠶᠢᠬᠰᠠᠨ ᠰᠢ ᠶᠢᠨ ᠫᠢᠩ ᠪᠤᠭᠤᠲᠤ ᠳᠤ ᠪᠡᠶ᠎ᠡ ᠪᠠᠷ ᠢᠶᠠᠨ ᠢᠷᠡᠵᠤ ᠰᠢᠨᠵᠢᠯᠡᠨ ᠪᠠᠶᠢᠴᠠᠭᠠᠵᠤ᠂ ᠪᠢᠳᠡᠨ ᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠠᠯᠬᠤᠭ᠎ᠠ ᠪᠠᠨ ᠲᠦᠷᠭᠡᠳᠬᠡᠵᠦ᠂ ᠳᠠᠪᠠᠭᠤᠯᠢᠭ ᠠᠵᠤ ᠦᠢᠯᠡᠰ ᠤᠨ ᠮᠡᠷᠭᠡᠵᠢᠯ ᠤᠨ ᠲᠦᠪᠰᠢᠨ᠂ ᠥᠷᠢᠰᠥᠯᠳᠦᠬᠦ ᠴᠢᠳᠠᠪᠤᠷᠢ ᠪᠠ ᠬᠡᠪᠴᠢᠶ᠎ᠡ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠵᠦ᠂ ᠠᠵᠤ ᠦᠢᠯᠡᠰ ᠤᠨ ᠦᠷᠭᠦᠯᠵᠢᠯᠡᠬᠦ ᠴᠢᠳᠠᠪᠤᠷᠢ ᠪᠠ ᠠᠵᠤ ᠦᠢᠯᠡᠳᠪᠦᠷᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠲᠠ ᠦᠭᠡᠶ ᠴᠢᠩᠭᠠᠷᠠᠭᠤᠯᠬᠤ ᠬᠡᠷᠡᠭᠲᠡᠶ︔ ᠶᠡᠭᠡ ᠬᠦᠴᠦ ᠣᠷᠣᠭᠤᠯᠵᠤ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠤᠨ᠂ ᠠᠵᠤ ᠠᠬᠤᠢ ᠶᠢᠨ ᠡᠷᠬᠢᠯᠳᠡ ᠶᠢᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠷᠳᠤᠴᠠ ᠪᠠ ᠪᠦᠲᠦᠴᠡ ᠶᠠᠰᠤ ᠴᠢᠨᠠᠷ ᠦᠷ᠎ᠡ ᠠᠰᠢᠭ ᠤᠨ ᠨᠢᠭᠡᠳᠦᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠠᠵᠤ ᠠᠬᠤᠢ ᠶᠢᠨ ᠰᠠᠶᠢᠨ ᠪᠥᠭᠡᠳ ᠲᠦᠷᠭᠡᠨ ᠬᠥᠭᠵᠢᠯᠲᠡ ᠶᠢ ᠨᠢᠭᠡᠳᠦᠯᠲᠡᠢ ᠲᠦᠯᠦᠪᠵᠢᠬᠦᠯᠬᠦ ᠶᠢᠨ ᠬᠠᠮᠲᠤ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠭᠦᠯᠵᠦ᠂ ᠠᠵᠤ ᠠᠬᠤᠢ ᠶᠢᠨ ᠬᠥᠭᠵᠢᠯᠲᠡ ᠬᠢᠭᠡᠳ ᠨᠡᠶᠢᠭᠡᠮ ᠤᠨ ᠬᠥᠭᠵᠢᠯᠲᠡ ᠶᠢᠨ ᠬᠠᠷᠢᠯᠴᠠᠨ ᠵᠣᠬᠢᠴᠠᠩᠭᠤᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠢᠨ ᠬᠠᠮᠲᠤ ᠠᠮᠢ ᠠᠬᠤᠢ ᠶᠢᠨ ᠪᠣᠯᠪᠠᠰᠤᠨ ᠢ ᠢᠳᠡᠪᠬᠢᠲᠡᠢ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ ᠠᠮᠢ ᠠᠬᠤᠢ ᠣᠷᠴᠢᠨ ᠲᠤᠭᠤᠷᠢᠨ ᠤ ᠬᠠᠷᠢᠯᠴᠠᠨ ᠡᠶ᠎ᠡ ᠵᠣᠬᠢᠴᠠᠩᠭᠤᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠨᠡᠩ ᠴᠢᠨᠠᠷ ᠰᠠᠶᠢᠲᠠᠢ᠂ ᠨᠡᠩ ᠥᠨᠳᠥᠷ ᠲᠦᠪᠰᠢᠨ ᠪᠦᠬᠦᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃   16 . ᠨᠢᠭᠡ ᠭᠤᠤᠯᠯᠠᠬᠴᠢ ᠬᠤᠶᠠᠷ ᠬᠦᠷᠢᠶᠡᠯᠡᠩ᠂ ᠬᠤᠶᠠᠷ ᠬᠡᠯᠬᠢᠶ᠎ᠡ ᠳᠥᠷᠪᠡᠨ ᠪᠦᠯᠦᠭᠵᠢᠯ᠄ ᠲᠤᠬᠠᠶᠢᠯᠠᠪᠠᠯ ︽ᠨᠢᠭᠡ ᠭᠤᠤᠯᠯᠠᠬᠴᠢ︾  ᠬᠡᠳᠡᠭ ᠨᠢ ᠠᠵᠤ ᠦᠶᠯᠡᠳᠪᠦᠷᠢ ᠶᠢᠨ ᠬᠥᠭᠵᠢᠯᠲᠡ ᠪᠠᠷ ᠭᠤᠤᠯᠯᠠᠬᠴᠢ ᠪᠣᠯᠭᠠᠨ᠎ᠠ︔ ︽ᠬᠤᠶᠠᠷ ᠬᠦᠷᠢᠶᠡᠯᠡᠩ︾  ᠭᠡᠳᠡᠭ ᠨᠢ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠶᠯᠡᠳᠬᠦ ᠠᠵᠤ ᠦᠶᠯᠡᠰ ᠤᠨ ᠬᠦᠷᠢᠶᠡᠯᠡᠩ᠂ ᠣᠶᠤᠨᠴᠢ ᠦᠶᠯᠡᠳᠬᠦ ᠠᠵᠤ ᠦᠶᠯᠡᠰ ᠤᠨ ᠬᠦᠷᠢᠶᠡᠯᠡᠩ ᠢ ᠪᠤᠵᠠᠭᠠᠶᠢᠷᠠᠭᠤᠯᠤᠨ᠎ᠠ︔ ︽ᠬᠤᠶᠠᠷ ᠬᠡᠯᠬᠢᠶ᠎ᠡ︾  ᠭᠡᠳᠡᠭ ᠨᠢ ᠪᠣᠯᠣᠳ ᠲᠡᠮᠦᠷ ᠤᠨ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ ᠬᠡᠯᠬᠢᠶ᠎ᠡ᠂ ᠬᠤᠪᠣᠷ ᠰᠢᠷᠣᠶ ᠶᠢᠨ ᠰᠢᠨ᠎ᠡ ᠬᠡᠯᠪᠡᠷᠢ ᠶᠢᠨ ᠦᠢᠯᠡᠳᠦᠯᠳᠤ ᠮᠠᠲ᠋ᠧᠷᠢᠶᠠᠯ ᠤᠨ ᠠᠵᠤ ᠦᠶᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ᠎ᠡ︔ ︽ᠳᠥᠷᠪᠡᠨ ᠪᠦᠯᠦᠭᠵᠢᠯ︾  ᠭᠡᠳᠡᠭ ᠨᠢ ᠬᠡᠷᠡᠯᠴᠢ ᠴᠡᠨᠡᠭ ᠤᠨ ᠲᠣᠨᠣᠭᠯᠠᠯ ᠤᠨ ᠠᠵᠤ ᠦᠶᠯᠡᠰ ᠤᠨ ᠪᠦᠯᠦᠭᠵᠢᠯ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠠᠵᠤ ᠦᠶᠯᠡᠰ ᠤᠨ ᠪᠦᠯᠦᠭᠵᠢᠯ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠠᠵᠤ ᠦᠶᠯᠡᠰ ᠤᠨ ᠪᠦᠯᠦᠭᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠶ ᠶᠢᠨ ᠪᠦᠯᠦᠭᠵᠢᠯ ᠢ ᠰᠢᠯᠢᠳᠡᠭᠵᠢᠭᠦᠯᠦᠨ᠎ᠡ᠃   17. ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾   ᠤ ᠠᠰᠠᠭᠤᠳᠠᠯ᠄ ︽ᠭᠤᠷᠪᠠᠨ  ᠤᠯᠠᠨ︾ ᠪᠣᠯ ᠬᠤᠷᠠᠯ ᠤᠯᠠᠨ᠂ ᠠᠵᠢᠯᠯᠠᠭ᠎ᠠ ᠤᠯᠠᠨ᠂ ᠭᠠᠳᠠᠭᠰᠢ ᠭᠠᠷᠬᠤ ᠤᠯᠠᠨ︔ ︽ᠭᠤᠷᠪᠠᠨ ᠴᠥᠭᠡᠨ︾ ᠪᠣᠯ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠴᠥᠭᠡᠨ︔ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠬᠦᠳᠡᠯᠬᠦ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠬᠡᠯᠡᠵᠦ ᠪᠤᠢ᠃   18 . ︽ᠳᠣᠯᠤᠭ᠎ᠠ ᠶᠢ ᠲᠠᠶᠠᠭᠳᠠᠬᠤ︾᠄ ᠲᠤᠬᠠᠶᠢᠯᠠᠪᠠᠯ ︽ᠪᠢ ᠬᠥᠮᠦᠨ ᠢ ᠬᠦᠷᠬᠦ ᠦᠭᠡᠶ︾ ᠭᠡᠬᠦ ᠪᠣᠳᠣᠯ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ ᠦᠭᠡᠶ︾ ᠭᠡᠬᠦ ᠪᠣᠳᠣᠯ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠶ︾ ᠦᠵᠡᠯ ᠤᠬᠠᠮᠰᠠᠷ᠂ ︽ᠪᠡᠯᠡᠨ ᠵᠣᠷ ᠪᠠᠶᠢᠬᠤ ᠦᠭᠡᠶ ᠪᠣᠯ ᠡᠮ ᠥᠭᠬᠦ ᠵᠣᠷᠢᠭ ᠦᠭᠡᠶ︾ ᠪᠠᠶᠢᠬᠤ ᠬᠢᠳᠡᠯ᠂ ︽ᠨᠢᠳᠦᠨ ᠡᠮᠦᠨᠡᠬᠢ ᠪᠠᠨ ᠬᠠᠷᠠᠬᠤ ᠠᠴᠠ ᠪᠢᠰᠢ ᠬᠤᠯᠠ ᠶᠢ ᠬᠠᠷᠠᠬᠤ ᠦᠭᠡᠶ︾ ᠰᠡᠳᠬᠢᠬᠦᠶ᠂ ︽ᠨᠠᠷᠢᠨ ᠵᠦᠢᠯᠡᠰ ᠢ ᠡᠷᠬᠢᠮᠯᠡᠬᠦ ᠦᠭᠡᠶ᠂ ᠪᠠᠷᠤᠭ ᠲᠦᠯᠦᠪ ᠪᠠᠶᠢᠪᠠᠯ ᠪᠣᠯᠴᠢᠬᠠᠨ᠎ᠠ︾ ᠭᠡᠬᠦ ᠤᠪᠤᠷ᠂ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠲᠠᠶᠠᠬᠳᠠᠬᠤ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号