ᠲᠢᠶᠠᠨ ᠬᠤᠩ ᠴᠧᠩ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/11
    4 ᠰᠠᠷ᠎ᠠ ᠶᠢᠨ 7 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠪᠤᠭᠤᠲᠤ ᠶᠢᠨ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠲᠡᠮᠦᠷᠯᠢᠭ ᠢ ᠨᠠᠷᠢᠯᠢᠭ ᠡᠳ᠋ᠰᠢᠬᠦᠯᠬᠦ ᠠᠵᠤ ᠦᠢᠯᠡᠰ ᠤᠨ ᠬᠦᠷᠢᠶᠡᠯᠡᠩ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠ  ᠠᠶᠤᠯᠬᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃     ᠲᠦᠩ ᠸᠧᠢ ᠴᠠᠬᠢᠭᠤᠷ ᠤᠨ ᠡᠨᠧᠷᠭᠢ ᠶᠢᠨ 20 ᠲᠦᠮᠡᠨ ᠲᠣᠨ ᠤ ᠴᠤᠯ ᠴᠡᠪᠡᠷ ᠲᠠᠯᠠᠰᠲᠤ ᠴᠠᠬᠢᠭᠤᠷ ᠤᠨ ᠲᠥᠷᠥᠯ ᠵᠦᠢᠯ᠂ ︽ᠵᠦᠩ ᠶᠢᠦ ᠵᠦᠩ ᠪᠤᠤ︾ ᠶᠢᠨ ᠵᠢᠯ ᠳᠤ 40 ᠲᠦᠮᠡᠨ ᠲᠣᠨ ᠤᠷᠢᠶᠠᠮᠠᠭ / ᠰᠢᠯᠤᠭᠤᠨ ᠵᠠᠭᠠᠳᠠᠰᠤᠳᠤ ᠪᠣᠯᠣᠳ ᠬᠤᠭᠤᠯᠠᠢ ᠦᠢᠯᠡᠳᠪᠦᠷᠢᠯᠡᠬᠦ ᠵᠢᠴᠢ ᠳᠤᠯᠠᠭᠠᠨ ᠢ ᠬᠠᠳᠠᠭᠠᠯᠠᠵᠤ ᠢᠳᠡᠭᠳᠡᠬᠦ ᠶᠢ ᠰᠡᠷᠭᠡᠶᠢᠯᠡᠬᠦ ᠲᠥᠷᠥᠯ ᠵᠦᠢᠯ᠂ ᠯᠧ ᠴᠧᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠤᠮᠠᠷᠠᠲᠤ ᠶᠢᠨ ᠬᠤᠪᠣᠷ ᠰᠢᠷᠣᠢ ᠶᠢᠨ ᠪᠣᠬᠢᠷᠲᠤᠯ ᠦᠭᠡᠢ ᠪᠣᠯᠪᠠᠰᠤᠷᠠᠭᠤᠯᠵᠤ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠲᠢᠶᠠᠨ ᠬᠤᠩ ᠴᠧᠩ ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠲᠥᠷᠥᠯ ᠵᠦᠢᠯ ᠤᠨ ᠲᠥᠯᠥᠪᠵᠢᠭᠦᠯᠭᠡ ᠪᠠᠶᠢᠷᠢᠰᠢᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ᠂ ᠪᠡᠯᠡ ᠮᠥᠩᠭᠦ ᠶᠢᠨ ᠣᠷᠣᠭᠤᠯᠤᠯᠲᠠ ᠪᠠ ᠵᠠᠬ᠎ᠠ ᠳᠡᠯᠭᠡᠭᠦᠷ ᠤᠨ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠲᠤᠬᠠᠢ ᠶᠢᠨ ᠲᠠᠯᠠᠪᠠᠢ ᠳᠤ ᠠᠯᠪᠠᠯᠠᠵᠤ ᠵᠣᠬᠢᠴᠠᠭᠤᠯᠤᠨ ᠰᠢᠢᠳᠪᠦᠷᠢᠯᠡᠪᠠ᠃    ᠲᠢᠶᠠᠨ ᠬᠤᠩ ᠴᠧᠩ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠦᠴᠦᠲᠡᠶ ᠬᠥᠳᠡᠯᠭᠡᠭᠦᠷ ᠮᠥᠨ᠂ ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠃ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠩᠭ᠎ᠠ ᠲᠤᠯᠭᠠᠮ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠣᠳᠠᠲᠠᠶ ᠦᠷ᠎ᠡ ᠪᠦᠲᠦᠮᠵᠢ ᠪᠠᠷ ᠳᠠᠮᠵᠢᠭᠤᠯᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠴᠠᠭ ᠤᠨ ᠵᠠᠩᠭᠢᠯᠠᠭ᠎ᠠ ᠶᠢᠨ ᠴᠡᠭ ᠢ ᠨᠢᠬᠳᠠ ᠴᠢᠩᠭ᠎ᠠ ᠠᠩᠬᠠᠷᠴᠤ᠂ ᠲᠤᠰᠬᠠᠶ ᠠᠩᠭᠢ ᠪᠠᠶᠢᠭᠤᠯᠵᠤ ᠮᠥᠷᠳᠡᠨ ᠳᠠᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠨᠠᠷᠢᠨ ᠲᠠᠩᠰᠠ ᠶᠢᠨ ᠬᠡᠯᠪᠡᠷᠢ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠤᠨ ᠨᠡᠪᠲᠡᠷᠡᠯᠴᠡᠬᠦ ᠪᠠ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠠᠬᠢᠴᠠ ᠳᠤ ᠭᠠᠷᠠᠭ ᠤᠨ ᠲᠣᠬᠢᠷᠠᠭᠤᠯᠤᠯᠲᠠ᠂ ᠡᠳᠦᠷ ᠤᠨ ᠠᠬᠢᠭᠤᠯᠤᠯᠲᠠ ᠬᠢᠵᠦ᠂ ᠠᠷᠭ᠎ᠠ ᠪᠦᠬᠦᠨ ᠢ ᠰᠦᠪᠡᠭᠴᠢᠯᠡᠨ ᠪᠠᠯᠠ ᠮᠥᠩᠭᠦ᠂ ᠭᠠᠵᠠᠷ ᠰᠢᠷᠦᠢ ᠬᠡᠷᠡᠭᠯᠡᠬᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠴᠠᠭ ᠬᠤᠭᠤᠴᠠᠭ᠎ᠠ ᠶᠢᠨ ᠲᠠᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠪᠦᠷᠢᠨᠰᠢᠬᠦᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠦᠨᠡᠨ ᠬᠦ ᠲᠤᠭᠤᠰᠢᠯᠠᠭᠤᠯᠵᠤ᠂ ᠨᠠᠷᠢᠯᠢᠭ ᠬᠠᠮᠢᠶᠠᠷᠴᠤ᠂ ᠨᠠᠷᠢᠯᠢᠭ ᠠᠵᠢᠯᠯᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠠᠰᠢᠭᠲᠠᠢ ᠴᠠᠭ ᠮᠥᠴᠡ ᠶᠢ ᠠᠮᠵᠢᠵᠤ᠂ ᠪᠠᠷᠢᠯᠭ᠎ᠠ ᠶᠢᠨ ᠠᠮᠤᠷ ᠲᠦᠪᠰᠢᠨ ᠪᠠ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠲᠦᠷᠦᠯ ᠵᠦᠢᠯ ᠤᠨ ᠡᠷᠲᠡᠬᠡᠨ ᠪᠠᠷᠢᠯᠭ᠎ᠠ ᠳᠠᠭᠤᠰᠴᠤ᠂ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃       ᠲᠤᠭᠤᠷᠢᠭ ᠤᠨ ᠤᠳᠤᠷᠢᠳᠤᠯᠭ᠎ᠠ ᠯᠢ ᠵᠥᠩ᠂ ᠶᠠᠩ ᠶᠦᠩ᠂ ᠵᠧᠤ ᠬᠠᠶ ᠹᠸᠢ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号