ᠬᠥᠨᠳᠡᠯᠡᠨ ᠲᠣᠭᠤᠷᠢᠭ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/12
    4 ᠰᠠᠷ᠎ᠠ ᠶᠢᠨ 8 ᠤ ᠦᠳᠡ ᠶᠢᠨ ᠬᠤᠶᠢᠨ᠎ᠠ᠂ ᠬᠥᠨᠳᠡᠯᠡᠨ ᠲᠣᠭᠤᠷᠢᠭ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠮᠠᠨ ᠤ ᠲᠤᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠮᠠ ᠹᠦ᠋ ᠡᠷᠬᠢᠯᠡᠵᠦ᠂ ᠲᠣᠭᠤᠷᠢᠭ ᠤᠨ ᠤᠳᠤᠷᠢᠳᠤᠯᠭ᠎ᠠ ᠵᠤᠤ ᠲᠠᠢ ᠰᠢᠶᠠᠨ᠂ ᠭᠤᠤ ᠮᠢᠩ ᠵᠢᠴᠢ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
    ᠬᠤᠷᠠᠯ ᠠᠴᠠ ᠬᠤᠲᠠ ᠶᠢᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠵᠢᠯᠤᠭᠤᠳᠬᠤ ᠭᠠᠵᠠᠷ  ᠤᠨ ᠠᠯᠪᠠᠨ ᠭᠡᠷ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠲᠤᠭᠤᠷᠢᠭ  ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠶ ᠶᠢᠨ ᠭᠠᠵᠠᠷ ᠤᠨ ᠱᠠᠯᠠᠪᠳᠠᠭᠤᠯᠤᠨ ᠪᠠᠶᠢᠴᠠᠭᠠᠬᠤ ᠪᠠ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠵᠦ᠂ ᠭᠤᠤᠯᠳᠠᠯᠭ᠎ᠠ ᠲᠠᠢ ᠴᠡᠭᠴᠡᠯᠡᠨ ᠵᠠᠰᠠᠬᠤ ᠬᠦᠷᠢᠶ᠎ᠡ ᠴᠠᠷᠠᠭ᠎ᠠ ᠪᠠ ᠴᠡᠭᠴᠡᠯᠡᠨ ᠵᠠᠰᠠᠬᠤ ᠬᠠᠷᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠤᠯᠭᠠᠮ ᠰᠡᠳᠬᠢᠯᠭᠡ ᠪᠣᠯᠤᠨ ᠡᠭᠦᠷᠭᠡᠲᠦ ᠰᠡᠳᠬᠢᠯᠬᠡ ᠪᠠᠨ ᠴᠢᠩᠭᠠᠳᠬᠠᠬᠤ ᠬᠡᠷᠡᠭᠲᠡᠢ᠃ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ ᠨᠢᠭᠡᠴᠢ ᠳᠠᠷᠤᠶ ᠲᠦᠷᠭᠡᠨ ᠬᠥᠳᠡᠯᠦᠯᠴᠡᠵᠦ᠂ ︽2023 ᠣᠨ ᠤ 1 — 3 ᠰᠠᠷ᠎ᠠ ᠶᠢᠨ ᠬᠥᠨᠳᠡᠯᠡᠨ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠤᠨ ᠨᠠᠷᠢᠨ ᠲᠠᠩᠰᠠ︾ ᠲᠠᠢ ᠬᠠᠷᠭᠤᠭᠤᠯᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ ᠢ ᠲᠥᠪᠯᠡᠷᠡᠭᠦᠯᠦᠨ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠤᠭᠤᠰᠣᠨ ᠭᠠᠵᠠᠷ ᠦᠯᠡᠳᠡᠭᠡᠬᠦ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂  ᠪᠠᠶᠢᠩᠭᠤ ᠠᠳᠬᠤᠬᠤ᠂ ᠨᠠᠷᠢᠨ ᠵᠦᠢᠯᠡᠰ ᠢ ᠠᠳᠬᠤᠬᠤ᠂ ᠶᠠᠪᠤᠴᠠ ᠶᠢ ᠠᠳᠬᠤᠬᠤ ᠶᠢ ᠪᠠᠷᠢᠮᠲᠠᠯᠠᠵᠤ᠂ ᠰᠢᠯᠭᠠᠨ ᠦᠨᠡᠯᠡᠬᠦ ᠰᠢᠰᠲ᠋ᠧᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠡᠷᠬᠢᠨ ᠲᠣᠭᠤᠷᠢᠨ᠂ ᠡᠮᠨᠡᠯᠭᠡ ᠶᠢᠨ ᠬᠤᠷᠢᠶ᠎ᠡ ᠶᠢᠨ ᠡᠷᠬᠢᠨ ᠲᠣᠭᠤᠷᠢᠨ᠂  ᠪᠤᠶᠢᠳᠠ ᠪᠦᠭᠯᠡᠬᠦᠦ ᠵᠡᠭᠡᠯᠢ ᠭᠤᠳᠤᠮᠵᠢ᠂ ᠬᠠᠭᠤᠴᠢᠨ ᠬᠤᠷᠢᠶᠠᠯᠠᠯ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠯᠲᠠ ᠬᠢᠵᠦ᠂ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠪᠠᠶᠢᠩᠭᠤ ᠶᠢᠨ ᠤᠷᠲᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠰᠠᠶᠢᠲᠤᠷ ᠠᠳᠬᠤᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠢ ᠡᠳᠦᠷ ᠲᠤᠲᠤᠮ ᠤᠨ ᠠᠵᠢᠯ ᠯᠤᠭ᠎ᠠ  ᠪᠠᠨ ᠤᠶᠠᠯᠳᠤᠭᠤᠯᠵᠤ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠵᠢᠱᠢᠭᠰᠡᠨ ᠬᠠᠷᠠᠯᠲᠠ ᠳᠤ ᠬᠦᠷᠬᠡᠬᠦ  ᠶᠢ ᠦᠨᠡᠨᠬᠦ ᠪᠠᠲᠤᠯᠠᠬᠤ ᠬᠡᠷᠡᠭᠲᠡᠶ ᠬᠡᠵᠤ ᠱᠠᠭᠠᠷᠳᠠᠪᠠ᠃ ︵ᠢᠷᠡᠯᠲᠡ᠄ ᠲᠤᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠳᠠ ᠶᠢ ᠵᠢᠯᠤᠭᠤᠳᠬᠤ ᠵᠦᠪᠯᠡᠯ ᠤᠨ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号