ᠰᠡᠬᠦ᠋ᠢᠨ ᠰᠦᠨᠳᠡᠷᠯᠡᠭᠰᠡᠨ ᠰᠦᠮ᠎ᠡ ᠶᠢᠨ ᠬᠠᠭᠠᠯᠭ᠎ᠠ ᠨᠢ ᠰᠢᠨ᠎ᠡ ᠲᠡᠦᠬᠡ ᠶᠢ ᠨᠡᠬᠡᠬᠡᠵᠢ᠂ ᠠᠷᠤ ᠲᠠᠯ᠎ᠠ ᠪᠠᠷ | ᠢᠶᠠᠨ ᠥᠨᠳᠥᠷ ᠰᠦᠷᠯᠢᠭ ᠮᠤᠨᠢ ᠠᠭᠤᠯᠠ ᠶᠢ ᠲᠦᠰᠢᠵᠦ᠂ ᠮᠤᠷᠤᠯᠵᠠᠨ ᠤᠷᠤᠰᠬᠤ ᠬᠥᠨᠳᠡᠯᠡᠨ ᠭᠤᠣᠯ ᠢ ᠨᠠᠯᠠᠵᠤ᠂ | ᠦᠵᠡᠰᠬᠦᠯᠡᠩᠳᠤ ᠰᠠᠶᠢᠬᠠᠨ ᠰᠦᠮ᠎ᠡ ᠶᠢᠨ ᠠᠭᠤᠳᠠᠮ ᠲᠠᠯᠠᠪᠠᠢ ᠲᠠᠢ ᠦᠩᠬᠡ ᠮᠦᠴᠡᠭᠡᠷᠬᠡᠨ᠂ ᠥᠨᠥᠳᠦᠷ ᠤᠨ | ᠬᠥᠨᠳᠡᠯᠡᠨ ᠰᠦᠮ᠎ᠡ ᠰᠢᠨ᠎ᠡ ᠴᠠᠭ ᠦᠶ᠎ᠡ ᠶᠢᠨ ᠥᠪᠡᠷᠮᠢᠴᠡ ᠭᠠᠶᠢᠬᠠᠮᠰᠢᠬᠳᠤ ᠲᠠᠲᠠᠬᠤ ᠬᠦᠴᠦᠨ ᠢ ᠢᠯᠡᠷᠡᠬᠦᠯᠦᠨ᠎ᠠ᠃ | ᠬᠥᠨᠳᠡᠯᠡᠨ ᠰᠦᠮ᠎ᠡ᠂ ᠬᠥᠨᠳᠡᠯᠡᠨ ᠭᠤᠤᠯ ᠤᠨ ᠪᠠᠷᠠᠭᠤᠨ ᠡᠷᠭᠢ ᠳᠤ ᠪᠠᠶᠢᠷᠢᠯᠠᠵᠤ᠂ 1687 ᠣᠨ ︵ᠡᠩᠬᠡ | ᠠᠮᠤᠭᠤᠯᠠᠩ ᠤᠨ ᠬᠤᠷᠢᠨ ᠵᠢᠷᠭᠤᠳᠤᠭᠠᠷ ᠣᠨ︶ ᠳᠤ ᠪᠠᠶᠢᠭᠤᠯᠵᠠᠶ᠂ 1729 ᠣᠨ ᠳᠤ ᠥᠷᠭᠡᠳᠬᠡᠨ ᠪᠠᠶᠢᠭᠤᠯᠵᠤ᠂ | ᠴᠢᠩ ᠤᠯᠤᠰ ᠤᠨ ᠲᠩᠷᠢ ᠲᠡᠳᠬᠦᠭᠴᠢ ᠬᠠᠭᠠᠨ ᠠᠴᠠ ᠹᠠ ᠰᠢ ᠰᠾᠢ ᠰᠦᠮ᠎ᠡ ᠬᠡᠬᠦ ᠨᠡᠷ᠎ᠡ ᠬᠠᠶᠢᠷᠠᠯᠠᠵᠠᠢ᠂ ᠮᠣᠩᠭᠤᠯ | ᠨᠡᠷ᠎ᠡ ᠨᠢ ᠵᠢᠷᠭᠠᠯᠠᠩᠳᠤ ᠰᠦᠮ᠎ᠡ ᠭᠡᠳᠡᠭ᠂ ᠬᠢᠲᠠᠳ ᠢᠶᠠᠷ ᠪᠤᠶᠠᠨ ᠦᠢᠯᠡᠳᠬᠦ ᠰᠦᠮ᠎ᠡ ᠭᠡᠵᠦ ᠣᠷᠴᠢᠭᠤᠯᠪᠠ᠂ ᠭᠡᠪᠡᠴᠦ | ᠰᠦᠮ᠎ᠡ ᠨᠢ ᠬᠥᠨᠳᠡᠯᠡᠨ ᠭᠤᠤᠯ ᠤᠨ ᠬᠦᠪᠡᠭᠡ ᠳᠤ ᠪᠠᠶᠢᠷᠢᠯᠠᠬᠰᠠᠨ ᠠᠴᠠ᠂ ᠭᠤᠷᠪᠠᠨ ᠵᠠᠭᠤᠨ ᠵᠢᠯ ᠤᠨ ᠲᠤᠷᠰᠢ᠂ | ᠬᠥᠮᠦᠰ ᠪᠦᠷ ᠲᠡᠭᠦᠨ ᠢ ᠬᠥᠨᠳᠡᠯᠡᠨ ᠰᠦᠮ᠎ᠡ ᠭᠡᠳᠡᠭ᠃ ᠤᠤᠯ ᠨᠢ ᠤᠷᠠᠳ ᠤᠨ ᠲᠤᠮᠳᠠ ᠭᠦᠩ ᠤᠨ ᠬᠤᠰᠢᠭᠤᠨ ᠤ | ᠬᠤᠰᠢᠭᠤᠨ ᠰᠦᠮ᠎ᠡ ᠪᠠᠶᠢᠵᠠᠶ᠂ ᠴᠢᠩ ᠤᠯᠤᠰ ᠤᠨ ᠦᠶ᠎ᠡ ᠳᠤ᠂ ᠤᠷᠠᠳ ᠠᠶᠢᠮᠠᠭ ᠭᠤᠷᠪᠠᠨ ᠭᠦᠩ ᠤᠨ ᠬᠤᠰᠢᠭᠤ | ᠪᠤᠯᠵᠤ ᠬᠤᠪᠢᠶᠠᠭᠳᠠᠪᠠ᠂ ᠣᠳᠣ ᠶᠢᠨ ᠬᠥᠨᠳᠡᠯᠡᠨ ᠲᠣᠭᠤᠷᠢᠭ ᠪᠣᠯ ᠤᠤᠯ ᠤᠨ ᠤᠷᠠᠳ ᠤᠨ ᠲᠤᠮᠳᠠ ᠭᠦᠩ ᠤᠨ | ᠬᠤᠰᠢᠭᠤᠨ ᠤ ᠮᠠᠯ ᠤᠨ ᠪᠡᠯᠴᠢᠬᠡᠷ ᠤᠨ ᠭᠠᠵᠠᠷ ᠪᠠᠶᠢᠵᠠᠢ᠂ ᠲᠡᠷᠡ ᠦᠶ᠎ᠡ ᠳᠤ᠂ ᠮᠣᠩᠭᠤᠯ ᠤᠨ ᠡᠯ᠎ᠡ ᠠᠶᠢᠮᠠᠭ ᠲᠤ | ᠰᠢᠷ᠎ᠠ ᠶᠢᠨ ᠱᠠᠰᠢᠨ ᠳᠡᠯᠭᠡᠷᠡᠪᠡ᠂ ᠳᠠᠷᠤᠶ ᠬᠡᠯᠦᠩ ᠤᠨ ᠪᠦᠯᠦᠭ ᠤᠨ ᠲᠥᠪᠡᠳ ᠤᠨ ᠪᠤᠳ᠋ᠳ᠋ᠾᠠ ᠶᠢᠨ ᠱᠠᠰᠢᠨ᠂ ᠪᠠᠰᠠ | ᠯᠠᠮᠠ ᠶᠢᠨ ᠱᠠᠰᠢᠨ ᠭᠡᠳᠡᠭ᠂ ᠴᠢᠩ ᠤᠯᠤᠰ ᠤᠨ ᠨᠠᠶᠢᠷᠠᠯᠲᠤ ᠲᠥᠪ ᠤᠨ ᠦᠶ᠎ᠡ ᠳᠤ᠂ ᠬᠥᠬᠡᠨᠠᠭᠤᠷ ᠤᠨ ᠬᠦᠮᠪᠦᠮ | ᠬᠡᠶᠢᠳ ᠠᠴᠠ ᠠᠳᠡ ᠲᠡᠨᠤᠵᠤ ᠢᠷᠡᠭᠰᠡᠨ ᠬᠤᠸᠠᠷᠠᠭ ᠵᠠᠮᠰᠠᠩᠰᠠᠩᠪᠤ ᠪᠣᠯᠤᠨ ᠲᠡᠭᠦᠨ ᠲᠠᠢ ᠬᠠᠮᠳᠤ ᠶᠠᠪᠤᠬᠰᠠᠳ᠂ | ᠠᠳᠡ ᠵᠢᠵᠢᠭ ᠯᠠᠮᠠ ᠶᠢᠨ ᠰᠦᠮ᠎ᠡ ᠶᠢ ᠪᠠᠶᠢᠭᠤᠯᠪᠠ᠂ ᠢᠩᠬᠢᠬᠡᠳ᠂ ᠡᠨᠡᠬᠦ ᠳᠣᠮᠣᠭᠲᠤ ᠬᠤᠸᠠᠷᠠᠭ ᠬᠥᠨᠳᠡᠯᠡᠨ | ᠭᠤᠤᠯ ᠤᠨ ᠬᠥᠪᠡᠭᠡᠨ ᠳᠤ ᠨᠤᠳᠤᠬᠰᠢᠵᠤ᠂ ᠬᠥᠨᠳᠡᠯᠡᠨ ᠰᠦᠮ᠎ᠡ ᠶᠢ ᠪᠠᠶᠢᠭᠤᠯᠤᠬᠰᠠᠨ ᠪᠦᠭᠡᠳ ᠠᠳᠡᠬᠢ ᠨᠢᠭᠡᠳᠦᠭᠡᠷ | ᠦᠶ᠎ᠡ ᠶᠢᠨ ᠭᠡᠭᠡᠨ ᠪᠣᠯᠵᠠᠶ᠃ 12 ᠵᠢᠯ ᠤᠨ ᠬᠠᠲᠠᠭᠤᠵᠢᠯᠲᠠᠶ ᠪᠢᠰᠢᠯᠭᠠᠯ ᠰᠤᠷᠤᠯᠴᠠᠯᠭ᠎ᠠ ᠪᠠᠷ ᠳᠠᠮᠵᠢᠨ᠂ | ᠵᠠᠮᠰᠠᠩᠰᠠᠩᠪᠤ ᠨᠢᠭᠡᠨᠲᠡ ᠤᠷᠠᠳ ᠤᠨ ᠳᠤᠮᠳᠠᠳᠤ ᠬᠤᠰᠢᠭᠤ ᠳᠤ ᠠᠯᠳᠠᠷᠰᠢᠭᠰᠠᠨ ᠨᠡᠷᠡᠳᠤ ᠬᠥᠮᠦᠨ ᠪᠣᠯᠵᠠᠶ᠂ | ᠲᠡᠭᠦᠨ ᠤ ᠲᠠᠭᠠᠭᠤᠯᠭ᠎ᠠ ᠳᠣᠣᠷ᠎ᠠ᠂ ᠵᠢᠵᠢᠭ ᠯᠠᠮᠠ ᠶᠢᠨ ᠰᠦᠮ᠎ᠡ ᠶᠢᠨ ᠬᠠᠪᠢ ᠳᠤ ᠨᠢᠭᠡᠨ ᠰᠢᠨ᠎ᠡ ᠪᠤᠷᠬᠠᠨ ᠤ | ᠰᠦᠮ᠎ᠡ ᠶᠢ ᠪᠠᠶᠢᠭᠤᠯᠵᠤ᠂ ᠲᠩᠷᠢ ᠲᠡᠳᠬᠦᠭᠴᠢ ᠬᠠᠭᠠᠨ ᠠᠴᠠ ᠹᠡ ᠰᠢ ᠰᠾᠢ ᠰᠦᠮ᠎ᠡ ᠬᠡᠮᠡᠨ ᠨᠡᠷ᠎ᠡ ᠬᠠᠶᠢᠷᠠᠯᠠᠵᠤ᠂ | ᠵᠠᠮᠰᠠᠩᠰᠠᠩᠪᠤ ᠴᠤ ᠲᠤᠶᠢᠯ ᠢᠶᠠᠷ ᠬᠦᠨᠳᠦᠳᠬᠡᠭᠳᠡᠵᠤ ᠠᠳᠡᠬᠢ ᠨᠢᠬᠡᠳᠦᠬᠡᠷ ᠦᠶ᠎ᠡ ᠶᠢᠨ ᠬᠡᠬᠡᠨ ᠪᠣᠯᠵᠤ᠂ ᠬᠥᠨᠳᠡᠯᠡᠨ | ᠰᠦᠮ᠎ᠡ ᠴᠤ ᠤᠷᠠᠳ ᠤᠨ ᠲᠤᠮᠳᠠ ᠭᠦᠩ ᠤᠨ ᠬᠤᠰᠢᠭᠤᠨ ᠤ ᠬᠤᠰᠢᠭᠤᠨ ᠰᠦᠮ᠎ᠡ ᠪᠣᠯᠵᠤ᠂ ᠬᠤᠰᠢᠭᠤᠨ ᠤ | ᠳᠣᠲᠣᠷᠠᠬᠢ 33 ᠵᠢᠵᠢᠭ ᠰᠦᠮ᠎ᠡ ᠶᠢ ᠬᠠᠮᠢᠶᠠᠷᠬᠤ ᠡᠷᠬᠡ ᠲᠠᠢ ᠪᠣᠯᠵᠠᠶ᠃ | ᠡᠭᠦᠨ ᠠᠴᠠ ᠬᠤᠶᠢᠰᠢ᠂ ᠬᠥᠨᠳᠡᠯᠡᠨ ᠰᠦᠮ᠎ᠡ ᠲᠠᠰᠤᠷᠠᠯᠲᠠ ᠦᠬᠡᠢ ᠥᠷᠭᠡᠵᠢᠵᠦ᠂ ᠡᠵᠡᠯᠡᠬᠦ ᠲᠠᠯᠠᠪᠠᠢ ᠨᠢ | 1161 ᠲᠡᠭᠰᠢ ᠲᠦᠷᠪᠡᠯᠵᠢᠨ ᠮᠧᠲᠷ ᠪᠤᠯᠵᠤ᠂ 28 ᠳᠤᠭᠠᠩ ᠤᠨ ᠠᠰᠠᠷ᠂ ᠯᠠᠮᠠ ᠶᠢᠨ ᠰᠠᠭᠤᠬᠤ ᠭᠡᠷ 60 ᠭᠠᠷᠤᠢ | ᠪᠤᠯᠵᠤ᠂ 3 ᠰᠠᠭᠤᠷᠢ ᠪᠤᠷᠬᠠᠨ ᠲᠠᠬᠢᠬᠤ ᠰᠤᠪᠤᠷᠭ᠎ᠠ ᠲᠠᠢ ᠪᠣᠯᠤᠭᠰᠠᠨ ᠪᠠᠶᠢᠨ᠎ᠠ᠃ ᠬᠠᠮᠤᠭ ᠤᠨ ᠬᠦᠭᠵᠢᠨ | ᠪᠠᠳᠠᠷᠠᠬᠰᠠᠨ ᠦᠶ᠎ᠡ ᠳᠤ᠂ ᠠᠳᠡᠬᠢ ᠪᠠᠶᠢᠩᠭᠤ ᠰᠠᠭᠤᠳᠠᠭ ᠯᠠᠮᠠ ᠬᠤᠸᠠᠷᠠᠭ 1500 ᠭᠠᠷᠤᠶ ᠪᠠᠶᠢᠪᠠ᠃ ᠡᠭᠦᠨ ᠤ | ᠬᠠᠮᠲᠤ᠂ ᠰᠦᠮ᠎ᠡ ᠶᠢᠨ ᠳᠣᠲᠣᠷᠠᠬᠢ ᠯᠠᠮᠠ ᠨᠠᠷ ᠤᠨ ᠬᠤᠭᠤᠯᠠ ᠢᠳᠡᠬᠦ ᠠᠰᠠᠭᠤᠳᠠᠯ ᠢ ᠰᠢᠶᠳᠪᠦᠷᠢᠯᠡᠬᠦ ᠶᠢᠨ | ᠲᠥᠯᠥᠭᠡ᠂ ᠲᠤᠮᠳᠠ ᠭᠦᠩ ᠤᠨ ᠬᠤᠰᠢᠭᠤ ᠬᠥᠨᠳᠡᠯᠡᠨ ᠰᠦᠮ᠎ᠡ ᠳᠤ ᠮᠤᠨᠳᠠᠭ ᠶᠡᠭᠡ ᠠᠮᠤ ᠪᠤᠳᠠᠭ᠎ᠠ ᠲᠠᠷᠢᠬᠤ | ᠲᠠᠷᠢᠶᠠᠨ ᠭᠠᠵᠠᠷ ᠢ ᠵᠢᠷᠤᠵᠤ ᠬᠤᠪᠢᠶᠠᠨ ᠦᠭᠴᠡᠢ᠂ ᠵᠡᠭᠦᠨ ᠵᠠᠬ᠎ᠠ ᠨᠢ ᠥᠨᠥᠳᠦᠷ ᠤᠨ ᠴᠢᠩᠱᠠᠨ ᠲᠣᠭᠤᠷᠢᠭ ᠤᠨ | ᠰᠢᠨ᠎ᠡ ᠬᠤᠳᠠ ᠰᠢᠶᠡᠩ ᠶᠢᠨ ᠬᠦᠨ ᠬᠤᠳᠳᠤᠭ ᠣᠷᠴᠢᠮ᠂ ᠡᠮᠦᠨ᠎ᠡ ᠵᠠᠬ᠎ᠠ ᠨᠢ ᠪᠤᠭᠤᠲᠤ ᠶᠢᠨ ᠭᠠᠯᠳᠤ ᠲᠡᠷᠬᠡᠨ ᠤ | ᠪᠠᠷᠠᠭᠤᠨ ᠦᠷᠳᠡᠭᠡ ᠶᠢᠨ ᠪᠠᠷᠠᠭᠤᠨ ᠬᠤᠶᠢᠲᠤ ᠲᠠᠯ᠎ᠠ᠂ ᠪᠠᠷᠠᠭᠤᠨ ᠵᠠᠬ᠎ᠠ ᠨᠢ ᠪᠤᠷᠬᠠᠨᠲᠤ ᠪᠠᠯᠭᠠᠰᠤ ᠶᠢᠨ ᠡᠮᠦᠨ᠎ᠡ | ᠲᠠᠯ᠎ᠠ ᠶᠢᠨ ᠪᠠᠶᠢᠯᠳᠤᠭᠠᠨᠲᠤ ᠤᠯᠤᠰ ᠤᠨ ᠵᠣᠣ ᠤᠯᠤᠰ ᠤᠨ ᠦᠶ᠎ᠡ ᠶᠢᠨ ᠤᠷᠳᠤ ᠴᠠᠭᠠᠨ ᠬᠡᠷᠡᠮ ᠤᠨ ᠪᠠᠭᠤᠷᠢ᠂ | ᠬᠤᠶᠢᠲᠤ ᠵᠠᠬ᠎ᠠ ᠨᠢ ᠬᠥᠨᠳᠡᠯᠡᠨ ᠤᠰᠤᠨ ᠴᠥᠭᠦᠷᠥᠮ ᠤᠨ ᠬᠤᠶᠢᠲᠤ ᠲᠠᠯ᠎ᠠ ᠪᠠ ᠱᠠᠩ ᠸᠠᠨ ᠤ ᠣᠷᠴᠢᠮ ᠪᠠᠶᠢᠵᠤ᠂ | ᠤᠤᠯ ᠳᠠᠭᠠᠨ ᠳᠥᠷᠪᠡᠨ ᠵᠦᠭ ᠨᠠᠢᠮᠠᠨ ᠵᠣᠪᠬᠢᠰ ᠲᠤ ᠴᠦᠮ ᠲᠠᠷᠢᠶᠠᠨ ᠭᠠᠵᠠᠷ ᠤᠨ ᠵᠠᠬ᠎ᠠ ᠬᠢᠵᠠᠭᠠᠷ ᠢ ᠢᠯᠭᠠᠨ | ᠵᠢᠭᠠᠬᠰᠠᠨ ᠲᠡᠮᠳᠡᠭ ᠬᠥᠰᠢᠶ᠎ᠡ ᠪᠣᠰᠬᠠᠵᠤ ᠪᠠᠶᠢᠵᠠᠶ᠂ ᠣᠳᠣ ᠪᠠᠶᠠᠨᠨᠠᠭᠤᠷ ᠬᠤᠲᠠ ᠶᠢᠨ ᠬᠢᠵᠠᠭᠠᠷ ᠳᠣᠲᠣᠷ᠎ᠠ ᠪᠠᠰᠠ | ᠲᠤᠬᠠᠶ ᠶᠢᠨ ᠵᠢᠯ ᠤᠨ ᠪᠠᠷᠠᠭᠤᠨ ᠬᠤᠶᠢᠲᠤ ᠶᠢᠨ ᠵᠠᠬ᠎ᠠ ᠶᠢ ᠢᠯᠭᠠᠨ ᠲᠡᠮᠳᠡᠭᠯᠡᠭᠰᠡᠨ ᠬᠥᠰᠢᠶ᠎ᠡ ᠴᠢᠯᠠᠭᠤ ᠬᠠᠷᠠᠬᠳᠠᠨ᠎ᠠ᠃ | | ᠤᠷᠳᠤ ᠤᠳᠠᠭᠠᠨ ᠣᠨ ᠰᠠᠷ᠎ᠠ ᠶᠢᠨ ᠳᠠᠪᠲᠠᠯᠲᠠ ᠶᠢ ᠥᠩᠭᠡᠷᠡᠭᠡᠭᠡᠳ᠂ ᠥᠨᠥᠳᠦᠷ ᠤᠨ ᠬᠥᠨᠳᠡᠯᠡᠨ ᠰᠦᠮ᠎ᠡ ᠳᠤ | ᠴᠢᠩ ᠤᠯᠤᠰ ᠤᠨ ᠦᠶ᠎ᠡ ᠶᠢᠨ 9 ᠪᠠᠷᠢᠯᠭ᠎ᠠ ᠵᠢᠴᠢ ᠬᠡᠰᠡᠭ ᠬᠤᠪᠣᠷ ᠨᠠᠨᠳᠢᠨ ᠬᠠᠨ᠎ᠠ ᠶᠢᠨ ᠵᠢᠷᠤᠭ ᠬᠠᠳᠠᠭᠠᠯᠠᠭᠳᠠᠵᠤ | ᠦᠯᠡᠳᠡᠪᠡ᠂ ᠡᠳᠡᠬᠡᠷ ᠨᠢ ᠭᠤᠷᠪᠠᠨ ᠵᠠᠭᠤᠨ ᠵᠢᠯ ᠤᠨ ᠲᠡᠦᠬᠡ ᠶᠢ ᠬᠠᠮᠲᠤ ᠪᠠᠷ ᠭᠡᠷᠡᠴᠢᠯᠡᠵᠤ ᠪᠤᠢ᠃ ᠣᠨ ᠵᠢᠯ ᠤᠨ | ᠰᠠᠯᠬᠢ ᠪᠤᠷᠤᠭᠠᠨ ᠢ ᠲᠤᠭᠤᠯᠤᠬᠰᠠᠨ ᠴᠢᠩ ᠤᠯᠤᠰ ᠤᠨ ᠦᠶ᠎ᠡ ᠶᠢᠨ ᠡᠨᠡ ᠶᠢᠰᠦᠨ ᠰᠠᠭᠤᠷᠢ ᠪᠠᠷᠢᠯᠭ᠎ᠠ ᠨᠢ | ᠲᠡᠦᠬᠡ ᠶᠢᠨ ᠬᠥᠭᠵᠢᠯᠲᠡ ᠶᠢᠨ ᠭᠡᠷᠡᠴᠢᠯᠡᠯ ᠪᠣᠯᠤᠭᠰᠠᠨ ᠪᠥᠭᠡᠳ ᠨᠠᠩ ᠴᠤ ᠤᠯᠳᠠᠬᠤᠶ᠎ᠠ ᠪᠡᠷᠭᠡ ᠨᠢ ᠬᠥᠨᠳᠡᠯᠡᠨ | ᠰᠦᠮ᠎ᠡ ᠶᠢᠨ ᠭᠤᠤᠯ ᠬᠠᠷᠰᠢ ᠳᠤ ᠴᠢᠩ ᠤᠯᠤᠰ ᠤᠨ ᠦᠶ᠎ᠡ ᠠᠴᠠ ᠤᠯᠠᠮᠵᠢᠯᠠᠭᠳᠠᠨ ᠢᠷᠡᠭᠰᠡᠨ ᠬᠤᠪᠣᠷ ᠨᠠᠨᠳᠢᠨ | ᠬᠠᠨᠠᠨ ᠵᠢᠷᠤᠭ ᠬᠠᠳᠠᠭᠠᠯᠠᠬᠳᠠᠵᠤ ᠪᠤᠢ᠃ ᠡᠳᠡᠬᠡᠷ ᠬᠤᠪᠤᠷ ᠨᠠᠨᠳᠢᠨ ᠬᠠᠨᠠᠨ ᠵᠢᠷᠤᠭ ᠨᠢ ᠣᠨ ᠵᠢᠯ ᠤᠨ ᠬᠦᠴᠦᠨ ᠢ | ᠢᠯᠡᠷᠡᠭᠦᠯᠵᠦ ᠪᠠᠶᠢᠨ᠎ᠠ᠂ ᠴᠢᠩ ᠤᠯᠤᠰ ᠤᠨ ᠰᠡᠭᠦᠯᠴᠢ ᠶᠢᠨ ᠦᠶ᠎ᠡ ᠠᠴᠠ ᠡᠬᠢᠯᠡᠭᠡᠳ᠂ ᠬᠥᠨᠳᠡᠯᠡᠨ ᠰᠦᠮ᠎ᠡ | ᠦᠩᠬᠡᠷᠡᠭᠰᠡᠨ ᠤ ᠦᠩᠭᠡ ᠭᠡᠷᠡᠯ ᠢᠶᠠᠨ ᠠᠯᠳᠠᠵᠠᠶ᠂ ᠳᠡᠭᠡᠷ᠎ᠡ ᠵᠠᠭᠤᠨ ᠤ ᠲᠠᠪᠢ ᠵᠢᠷᠠᠭᠠᠳ ᠣᠨ ᠤ ᠦᠶ᠎ᠡ ᠳᠤ᠂ | ᠪᠤᠷᠬᠠᠨ ᠤ ᠰᠦᠮ᠎ᠡ ᠨᠢ ᠬᠦᠨᠳᠦ ᠨᠣᠴᠢᠲᠠᠶ ᠡᠪᠳᠡᠯᠡᠭᠡ ᠳᠤ ᠤᠴᠠᠷᠠᠵᠠᠶ᠂ ᠲᠡᠬᠦᠨ ᠠᠴᠠ ᠰᠡᠬᠦᠯᠡᠷᠬᠢ ᠬᠡᠳᠦᠨ ᠠᠷᠪᠠᠨ | ᠵᠢᠯ ᠳᠤ ᠬᠡᠳᠦ᠋ᠢᠪᠡᠷ ᠵᠠᠰᠠᠵᠤ ᠰᠡᠯᠪᠢᠭᠰᠡᠨ ᠪᠣᠯᠪᠠᠴᠤ᠂ ᠣᠳᠣ ᠪᠣᠯᠲᠠᠯ᠎ᠠ ᠤᠤᠯ ᠤᠨ ᠴᠤᠭ ᠰᠦᠯᠳᠡ ᠶᠢ ᠨᠢ | ᠰᠡᠷᠬᠦᠬᠡᠵᠤ ᠳᠡᠶᠢᠯᠦᠭᠰᠡᠨ ᠥᠬᠡᠶ᠂ ᠥᠭᠡᠷᠡᠴᠢᠯᠡᠯᠲᠡ ᠨᠡᠬᠡᠬᠡᠯᠳᠡ ᠬᠢᠭᠰᠡᠨ ᠠᠴᠠ ᠰᠡᠭᠦᠯᠡᠷ᠂ ᠬᠥᠨᠳᠡᠯᠡᠨ ᠰᠦᠮ᠎ᠡ ᠶᠢᠨ | ᠲᠤᠭᠤᠷᠢᠨ ᠳᠤ ᠮᠠᠰᠢ ᠣᠯᠠᠨ ᠰᠠᠭᠤᠭᠠᠯᠢ ᠠᠷᠠᠳ ᠤᠨ ᠣᠷᠣᠨ ᠰᠠᠭᠤᠴᠠ᠂ ᠠᠵᠤ ᠦᠶᠯᠡᠳᠪᠦᠷᠢ ᠶᠢᠨ ᠠᠵᠤ | ᠠᠬᠤᠶᠢᠯᠠᠯ ᠪᠠᠶᠢᠭᠤᠯᠤᠬᠳᠠᠵᠤ᠂ ᠡᠨᠡᠬᠦ ᠡᠷᠲᠡᠨ ᠤ ᠰᠦᠮ᠎ᠡ ᠨᠢ ᠬᠥᠨᠳᠡᠯᠡᠨ ᠲᠣᠭᠤᠷᠢᠭ ᠤᠨ ᠪᠠᠷᠠᠭᠤᠨ ᠬᠤᠶᠢᠲᠤ | ᠥᠨᠴᠥᠭ ᠲᠤ ︽ᠪᠢᠲᠡᠭᠦᠮᠵᠢᠯᠡᠵᠡᠶ︾᠃ ᠬᠥᠨᠳᠡᠯᠡᠨ ᠰᠦᠮ᠎ᠡ ᠪᠣᠯ ᠲᠥᠪᠡᠳ ᠤᠨ ᠬᠡᠯᠦᠩ ᠤᠨ ᠱᠠᠰᠢᠨ ᠢ | ᠤᠯᠠᠮᠵᠢᠯᠠᠳᠠᠭ ᠰᠦᠮ᠎ᠡ ᠬᠡᠶᠢᠳ ᠪᠣᠯᠤᠨ᠎ᠠ᠂ ᠯᠠᠮᠠ ᠬᠤᠸᠠᠷᠠᠭ ᠨᠢ ᠮᠣᠩᠭᠤᠯ ᠯᠠᠮᠠ ᠨᠠᠷ ᠢᠶᠠᠷ ᠭᠤᠤᠯᠯᠠᠳᠠᠭ᠃ | ᠬᠥᠨᠳᠡᠯᠡᠨ ᠰᠦᠮ᠎ᠡ ᠶᠢᠨ ᠯᠠᠮᠠ ᠵᠢᠮᠪᠠᠳᠣᠷᠵᠢ 1846 ᠣᠨ ᠠᠴᠠ 1849 ᠣᠨ ᠳᠤ ︽ᠪᠣᠯᠣᠷ ᠲᠣᠯᠢ︾ ᠭᠡᠳᠡᠭ | ᠨᠣᠮ ᠢ ᠪᠢᠴᠢᠵᠡᠢ᠃ ᠲᠤᠰ ᠨᠣᠮ ᠢ ᠬᠤᠷᠢᠳᠤᠭᠠᠷ ᠵᠠᠭᠤᠨ ᠤ ᠡᠬᠢ ᠪᠠᠷ ᠤᠯᠤᠰ ᠤᠨ ᠳᠣᠲᠣᠭᠠᠳᠤ ᠭᠠᠳᠠᠭᠠᠳᠤ ᠶᠢᠨ | ᠡᠷᠳᠡᠮᠲᠡᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ 1984 ᠣᠨ ᠤ 5 ᠰᠠᠷ᠎ᠠ ᠳᠤ ᠠᠷᠠᠳ ᠤᠨ ᠬᠡᠪᠯᠡᠯ ᠤᠨ | ᠬᠤᠷᠢᠶ᠎ᠡ ᠠᠴᠠ ᠬᠡᠪᠯᠡᠭᠦᠯᠦᠨ ᠲᠠᠷᠬᠠᠭᠠᠪᠠ᠃ | 2017 ᠣᠨ ᠳᠤ ᠬᠦᠳᠡᠯᠡᠨ ᠲᠤᠭᠤᠷᠢᠭ ᠠᠴᠠ ᠬᠥᠨᠳᠡᠯᠡᠨ ᠰᠦᠮ᠎ᠡ ᠶᠢᠨ ᠦᠵᠡᠮᠵᠢ ᠶᠢᠨ ᠣᠷᠣᠨ ᠤ ᠰᠠᠭᠤᠷᠢ | ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠵᠤ ᠪᠠᠶᠢᠭᠤᠯᠪᠠ᠂ ᠡᠭᠦᠨ ᠳᠤ ᠲᠥᠪᠡᠳ ᠮᠣᠩᠭᠤᠯ ᠤᠨ ᠬᠡᠪ ᠨᠠᠮᠪᠠ ᠶᠢ | ᠤᠶᠠᠯᠳᠤᠭᠤᠯᠤᠭᠰᠠᠨ ᠰᠦᠮ᠎ᠡ ᠶᠢᠨ ᠬᠠᠭᠠᠯᠭ᠎ᠠ ᠪᠣᠯᠤᠨ ᠭᠠᠯ ᠤᠨᠲᠠᠷᠠᠭᠠᠬᠤ ᠡᠭᠦᠳᠡ᠂ ᠦᠵᠡᠮᠵᠢ ᠶᠢᠨ ᠣᠷᠣᠨ ᠤ | ᠳᠣᠲᠣᠷᠠᠬᠢ ᠵᠠᠮ᠂ ᠰᠦᠮ᠎ᠡ ᠶᠢᠨ ᠠᠭᠤᠳᠠᠮ ᠲᠠᠯᠠᠪᠠᠶ ᠵᠢᠴᠢ ᠨᠣᠭᠤᠭᠠᠷᠠᠭᠤᠯᠤᠯᠲᠠ ᠶᠢᠨ ᠢᠨᠵᠧᠨᠧᠷᠢᠩ᠂ | ᠭᠡᠷᠡᠯᠲᠦᠭᠦᠯᠭᠡ ᠶᠢᠨ ᠢᠨᠵᠧᠨᠧᠷᠢᠩ ᠢ ᠬᠤᠶᠢᠨ᠎ᠠ ᠬᠤᠶᠢᠨ᠎ᠠ ᠠᠴᠠ ᠨᠢ ᠪᠡᠶᠡᠯᠡᠭᠦᠯᠪᠡ᠃ | 2019 ᠣᠨ ᠳᠤ᠂ ᠬᠥᠨᠳᠡᠯᠡᠨ ᠰᠦᠮ᠎ᠡ ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠨᠡᠷᠡᠶᠢᠳᠦᠭᠳᠡᠪᠡ᠃ ᠬᠦᠨᠳᠡᠯᠡᠨ | ᠰᠦᠮ᠎ᠡ ᠶᠢᠨ ᠣᠶᠢᠷ᠎ᠠ ᠬᠠᠪᠢ ᠪᠠᠷ ᠰᠠᠭᠤᠷᠢᠰᠢᠵᠤ ᠪᠠᠶᠢᠭ᠎ᠠ ᠮᠠᠯᠴᠢᠳ ᠬᠥᠨᠳᠡᠯᠡᠨ ᠰᠦᠮ᠎ᠡ ᠶᠢᠨ ᠨᠡᠩ ᠰᠦᠷᠯᠢᠭ | ᠶᠡᠬᠡᠮᠰᠦᠭ ᠪᠤᠯᠵᠤ ᠣᠶᠢᠷ᠎ᠠ ᠬᠠᠪᠢ ᠶᠢᠨ ᠣᠷᠴᠢᠨ ᠲᠣᠭᠤᠷᠢᠨ ᠨᠢ ᠲᠡᠳᠡ ᠨᠠᠷ ᠤᠨ ᠠᠮᠢᠳᠤᠷᠠᠯ ᠢ ᠤᠯᠠᠮ ᠰᠠᠶᠢᠨ | ᠰᠠᠶᠢᠬᠠᠨ ᠪᠣᠯᠭᠠᠭᠰᠠᠨ ᠬᠤᠪᠢᠷᠠᠯᠲᠠ ᠶᠢ ᠨᠢᠳᠤ ᠪᠠᠷ ᠢᠶᠠᠨ ᠬᠠᠷᠠᠵᠤ ᠪᠡᠶ᠎ᠡ ᠪᠠᠷ ᠢᠶᠠᠨ ᠮᠡᠳᠡᠷᠡᠵᠤ ᠢᠷᠡᠵᠡᠢ᠃ |