ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/2
   3 ᠰᠠᠷ᠎ᠠ ᠶᠢᠨ 30 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ ᠵᠢᠴᠢ ᠭᠡᠰᠢᠭᠦᠨ ᠨᠡᠶᠢᠳᠡ 23 ᠬᠥᠮᠦᠨ ᠬᠤᠷᠠᠯ ᠳᠤ ᠣᠷᠣᠯᠴᠠᠵᠤ᠂ ᠬᠤ᠋ ᠰᠢᠶᠠ ᠬᠤᠷᠠᠯ ᠢ ᠡᠷᠬᠢᠯᠡᠪᠡ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠤᠤ ᠲᠠᠢ ᠰᠢᠶᠠᠨ ᠬᠤᠷᠠᠯ ᠳᠤ ᠰᠤᠯᠠ ᠣᠷᠣᠯᠴᠠᠵᠠᠢ᠃  
    ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠤᠯᠪᠤᠬᠳᠠᠯ ᠪᠥᠬᠦᠶ ᠬᠠᠷᠢᠭᠤᠴᠠᠯᠭᠠᠲᠠᠨ᠂ ᠬᠠᠤᠯᠢ ᠲᠦᠷᠢᠮ ᠤᠨ ᠵᠥᠪᠯᠡᠯ ᠤᠨ ᠪᠦᠷᠢᠯᠳᠦᠬᠦᠨ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ︵ᠬᠥᠨᠳᠡᠯᠡᠨ ᠲᠣᠭᠤᠷᠢᠭ︶ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠪᠣᠯᠤᠨ ᠲᠣᠭᠤᠷᠢᠭ ᠤᠨ 5 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠲᠡᠨ ᠤ ᠬᠠᠤᠯᠢ ᠲᠦᠷᠢᠮ ︵ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ︶ ᠤᠨ ᠠᠵᠢᠯ ᠤᠨ ᠵᠥᠪᠯᠡᠯ ᠤᠨ 2022 ᠣᠨ ᠤ ᠵᠢᠷᠤᠮᠵᠢᠩᠭᠤᠢ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠶᠤᠸᠠᠨ ᠱᠤ᠋ ᠰᠢᠶᠠ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃    ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠤᠯᠪᠣᠭᠳᠠᠯ ᠪᠥᠬᠦᠶ ᠵᠦᠢᠯᠡᠰ ᠢ ᠪᠠᠲᠤᠯᠠᠵᠤ᠂ ᠸᠠᠩ ᠴᠢᠶᠠᠩ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠬᠤ ᠪᠠᠷ ᠲᠣᠭᠲᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ 1 ᠬᠥᠮᠦᠨ᠂ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠭᠡᠰᠢᠭᠦᠨ 2 ᠬᠥᠮᠦᠨ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠲᠢᠩᠬᠢᠮ ᠤᠨ ᠳᠠᠷᠤᠭ᠎ᠠ 1 ᠬᠥᠮᠦᠨ᠂ ᠰᠢᠭᠦᠨ ᠲᠠᠰᠤᠯᠬᠤ ᠵᠥᠪᠯᠡᠯ ᠤᠨ ᠭᠡᠰᠢᠭᠦᠨ 1 ᠬᠥᠮᠦᠨ᠂ ᠰᠢᠭᠦᠭᠴᠢ 7 ᠬᠥᠮᠦᠨ᠂ ᠠᠷᠠᠳ ᠤᠨ ᠬᠠᠪᠰᠤᠷᠤᠨ ᠰᠢᠭᠦᠭᠴᠢ 60 ᠬᠥᠮᠦᠨ ᠢ ᠲᠤᠰᠢᠶᠠᠯ ᠳᠤ ᠲᠣᠮᠢᠯᠠᠪᠠ᠃ ᠯᠢ ᠵᠢᠶᠦ᠋ᠨ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠢᠨ ᠬᠠᠮᠲᠤ ᠣᠪᠣᠷ ᠢᠶᠠᠨ ᠢᠯᠡᠳᠬᠡᠬᠦ ᠦᠭᠡ ᠬᠡᠯᠡᠪᠡ᠃ ᠲᠤᠮᠳᠠ ᠨᠢ ᠪᠠᠰᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠨ ᠬᠠᠤᠯᠢ ᠴᠠᠭᠠᠵᠠ ᠶᠢᠨ ᠮᠡᠳᠡᠯᠭᠡ ᠶᠢ ᠰᠢᠯᠭᠠᠪᠠ᠃ ︵ᠰᠤᠷᠪᠤᠯᠵᠢᠯᠠᠭᠴᠢ᠄ ᠵᠣᠣ ᠶᠢᠨ ᠹᠧᠩ᠂ ᠪᠦᠦ ᠮᠢᠩ ᡁᠢ᠂ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号