ᠲᠢᠶᠠᠨ ᠬᠤᠩ ᠴᠧᠩ ᠮᠠᠨ ᠤ ᠲᠤᠭᠤᠷᠢᠭ ᠤᠨ ᠣᠨᠴᠠᠯᠢᠭᠲᠤ ᠵᠡᠭᠡᠯᠢ ᠶᠢᠨ ᠲᠣᠭᠤᠷᠢᠭ᠂ ᠬᠡᠷᠡᠭᠯᠡᠭᠡ ᠶᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/20
    4 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠤᠷᠢᠳ ᠬᠤᠵᠢᠳ ᠪᠤᠭᠤᠳᠤ ᠶᠢᠨ ᠪᠦᠷᠢᠨ ᠪᠠᠷᠠᠭᠠᠳᠤ ᠶᠠᠪᠠᠭᠠᠨ ᠵᠡᠭᠡᠯᠢ᠂ ︽ᠴᠤᠤ ᠡᠾᠧ︾ ᠵᠡᠭᠡᠯᠢ ᠶᠢᠨ ᠲᠣᠭᠤᠷᠢᠭ᠂ ᠰᠦᠩ ᠮᠧᠶ ᠵᠡᠭᠡᠯᠢ᠂ ᠵᠥᠩ ᠶᠧ ᠱᠢ ᠵᠢᠶᠠ ᠶᠢᠨ ᠬᠤᠭᠤᠷᠤᠨᠳᠤᠬᠢ ᠬᠡᠰᠡᠭ ᠵᠡᠷᠭᠡ ᠭᠠᠵᠠᠷ ᠢᠶᠠᠷ ᠬᠦᠷᠴᠦ ᠮᠠᠨ ᠤ ᠲᠤᠭᠤᠷᠢᠭ ᠤᠨ ᠣᠨᠴᠠᠯᠢᠭᠲᠤ ᠵᠡᠭᠡᠯᠢ ᠶᠢᠨ ᠲᠣᠭᠤᠷᠢᠭ᠂ ᠬᠡᠷᠡᠭᠯᠡᠭᠡ ᠶᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠪᠠ᠃
    ︽ᠬᠤᠳᠠᠯᠳᠤᠭᠠᠨ ᠤ ᠡᠷᠦᠬᠡ ᠣᠷᠣᠵᠤ ᠰᠠᠭᠤᠬᠰᠠᠨ ᠨᠣᠷᠮ᠎ᠠ ᠶᠠᠮᠠᠷ ᠵᠡᠷᠭᠡ ᠪᠠᠶᠢᠨ᠎ᠠ︖︾ ︽  ᠬᠡᠷᠡᠭᠯᠡᠭᠡ ᠬᠢᠬᠦ ᠪᠠᠷ ᠢᠷᠠᠵᠤ ᠪᠠᠶᠢᠭ᠎ᠠ ᠬᠡᠷᠡᠭᠯᠡᠭᠴᠢᠳ ᠤᠨ ᠲᠤᠭ᠎ᠠ ᠵᠢᠱᠢᠭᠰᠡᠨ ᠬᠡᠮᠵᠢᠶᠡᠨ ᠳᠤ ᠬᠦᠷᠦᠭᠰᠡᠨ ᠦᠦ ᠦᠭᠡᠶ ᠦᠦ︖︾ ᠬᠦᠷᠦᠭᠰᠡᠨ ᠭᠠᠵᠠᠷ ᠪᠣᠯᠭᠠᠨ ᠳᠤ᠂ ᠲᠢᠶᠠᠨ ᠬᠤᠩ ᠴᠧᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠡᠵᠡᠩᠨᠡᠯᠲᠡ ᠬᠢᠵᠦ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠤᠨᠴᠠᠯᠢᠬᠳᠤ ᠵᠡᠭᠡᠯᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠬᠤ᠂ ᠤᠯᠠᠨ ᠡᠵᠡᠩᠨᠡᠯᠲᠡ ᠶᠢᠨ ᠬᠡᠯᠪᠡᠷᠢ ᠶᠢᠨ ᠬᠡᠷᠡᠭᠯᠡᠭᠡᠨ ᠤ ᠦᠵᠡᠭᠳᠡᠯ ᠪᠠᠶᠢᠳᠠᠯ ᠢ ᠡᠭᠦᠳᠬᠦ᠂ ᠢᠵᠢ ᠪᠦᠷᠢᠳᠦᠬᠦᠯᠦᠭᠰᠡᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠶᠢᠨ ᠲᠤᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠲᠢᠶᠠᠨ ᠬᠤᠩ ᠴᠧᠩ᠂ ᠤᠨᠴᠠᠯᠢᠬᠳᠤ ᠵᠡᠭᠡᠯᠢ ᠶᠢᠨ ᠲᠣᠭᠤᠷᠢᠭ ᠨᠢ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠢᠯ ᠤᠯᠵᠤ ᠦᠢᠯᠡᠰ ᠪᠤᠰᠬᠠᠬᠤ ᠶᠢ ᠳᠠᠶᠢᠴᠢᠯᠠᠬᠤ᠂ ᠲᠤᠬᠠᠢ ᠶᠢᠨ ᠭᠠᠵᠠᠷ ᠤᠨ ᠰᠣᠶᠣᠯ ᠢᠷᠭᠡᠨᠰᠢᠯ ᠢ ᠢᠯᠡᠷᠡᠭᠦᠯᠬᠦ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃ ︽ᠥᠪᠡᠷᠮᠢᠴᠡ ᠣᠨᠴᠠᠯᠢᠭ ᠢ ᠪᠠᠳᠠᠷᠠᠭᠤᠯᠬᠤ︾ ᠳᠡᠭᠡᠷ᠎ᠡ ᠬᠦᠴᠦ ᠣᠷᠣᠭᠤᠯᠵᠤ᠂ ︽ᠰᠢᠨ᠎ᠡ᠂ ᠰᠤᠨᠢᠨ᠂ ᠰᠠᠶᠢᠨ ᠪᠠᠶᠢᠬᠤ︾ ᠳᠡᠭᠡᠷ᠎ᠡ ᠬᠦᠴᠦ ᠣᠷᠣᠭᠤᠯᠵᠤ᠂ ᠵᠦᠷᠢᠶᠡᠴᠢᠯᠡᠭᠰᠡᠨ᠂ ᠰᠢᠨ᠎ᠡ ᠶᠢ ᠡᠭᠦᠳᠬᠦ ᠬᠥᠭᠵᠢᠯᠲᠡ ᠶᠢᠨ ᠰᠡᠳᠬᠢᠮᠵᠢ ᠶᠢ ᠪᠠᠷᠢᠮᠲᠠᠯᠠᠵᠤ᠂ ᠬᠡᠷᠡᠭᠯᠡᠭᠡ ᠶᠢᠨ ᠪᠦᠲᠦᠴᠡ ᠪᠣᠯᠤᠨ ᠬᠠᠨᠳᠤᠰᠢ ᠶᠢ ᠭᠦᠨᠵᠡᠭᠡᠢ ᠵᠠᠳᠠᠯᠵᠤ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠡᠰ ᠳᠠᠪᠬᠤᠷᠭ᠎ᠠ ᠶᠢᠨ᠂ ᠤᠯᠠᠨ ᠡᠰᠢᠵᠢᠭᠰᠡᠨ ᠵᠡᠭᠡᠯᠢ ᠶᠢᠨ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠶᠢ ᠪᠠᠶᠢᠭᠤᠯᠵᠤ᠂ ᠬᠡᠷᠡᠭᠯᠡᠭᠡ ᠶᠢ ᠬᠦᠳᠦᠯᠦᠨ ᠳᠠᠭᠠᠭᠤᠯᠵᠤ ᠲᠡᠰ ᠳᠡᠪᠰᠢᠭᠦᠯᠵᠦ᠂ ᠲᠥᠪᠯᠡᠷᠡᠭᠰᠡᠨ ᠦᠢᠯᠡᠳᠦᠯ ᠨᠦᠯᠦᠬᠡ ᠶᠢ ᠪᠦᠷᠢᠯᠳᠦᠭᠦᠯᠵᠦ᠂ ᠤᠨᠴᠠᠯᠢᠬᠳᠤ ᠵᠡᠭᠡᠯᠢ ᠶᠢᠨ ᠲᠣᠭᠤᠷᠢᠭ ᠤᠨ ᠲᠠᠲᠠᠬᠤ ᠬᠦᠴᠦᠨ ᠪᠣᠯᠤᠨ ᠳᠠᠶᠢᠴᠢᠯᠠᠬᠤ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠤᠨᠢᠨ ᠲᠡᠭᠡᠷ᠎ᠡ ᠨᠢ  ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠵᠤ᠂ ᠨᠢᠭᠡ ᠪᠦᠯᠦᠭ ᠨᠡᠷᠡᠳᠤ ᠲᠦᠷᠦᠯ ᠲᠡᠮᠳᠡᠭ ᠲᠠᠢ᠂ ᠵᠠᠬ᠎ᠠ ᠳᠡᠯᠭᠡᠭᠦᠷ ᠲᠠᠢ ᠠᠵᠤ ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠵᠤ᠂ ᠨᠢᠭᠡ ᠪᠦᠯᠦᠭ ᠬᠢᠯᠠᠰ ᠴᠡᠭ ᠲᠠᠢ᠂ ᠥᠪᠡᠷᠮᠢᠴᠡ ᠣᠨᠴᠠᠯᠢᠭ ᠲᠠᠢ ᠴᠢᠨᠠᠷ ᠰᠠᠶᠢᠲᠠᠢ ᠬᠤᠳᠠᠯᠳᠤᠭᠠᠨ ᠤ ᠡᠷᠦᠭᠡ ᠶᠢ ᠢᠳᠡᠪᠬᠢᠲᠡᠢ ᠪᠤᠶᠢᠵᠢᠭᠤᠯᠵᠤ᠂ ᠬᠤᠳᠠᠯᠳᠤᠭᠠᠨ ᠤ ᠤᠨᠴᠠᠯᠢᠬᠳᠤ ᠵᠡᠭᠡᠯᠢ ᠶᠢᠨ ᠲᠣᠭᠤᠷᠢᠭ ᠤᠨ ᠳᠡᠰ ᠲᠠᠪᠬᠤᠷᠭ᠎ᠠ ᠪᠠ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠬᠢ ᠪᠠᠶᠠᠯᠢᠭ ᠢ ᠤᠯᠠᠮ ᠨᠢᠭᠡ ᠠᠯᠬᠤᠮ ᠨᠡᠶᠢᠳᠬᠡᠵᠤ᠂ ᠵᠠᠭᠪᠤᠷ ᠤᠨ ᠰᠢᠨ᠎ᠡ ᠶᠢ ᠡᠭᠦᠳᠦᠨ᠂ ᠣᠨᠴᠠᠯᠢᠭᠲᠤ ᠵᠡᠭᠡᠯᠢ ᠶᠢᠨ ᠲᠣᠭᠤᠷᠢᠭ ᠬᠢᠭᠡᠳ ᠬᠤᠳᠠᠯᠳᠤᠭ᠎ᠠ ᠬᠠᠮ ᠳᠡᠯᠭᠡᠭᠦᠷ᠂ ᠦᠵᠡᠮᠵᠢ ᠶᠢᠨ    ᠣᠷᠣᠨ᠂ ᠪᠠᠭᠤᠳᠠᠯ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠯᠦᠭᠡ ᠶᠢᠨ  ᠬᠦᠨᠵᠡᠬᠡᠢ ᠠᠭᠤᠰᠤᠯᠴᠠᠬᠤ ᠶᠢ ᠠᠬᠢᠭᠤᠯᠵᠤ᠂ ᠢᠵᠢᠯ ᠠᠯᠬᠤᠮ ᠢᠶᠠᠷ ᠬᠥᠭᠵᠢᠯᠲᠡ ᠶᠢ ᠳᠠᠶᠢᠴᠢᠯᠠᠨ᠂ ᠢᠳᠡᠵᠤ ᠤᠤᠭᠤᠬᠤ᠂ ᠬᠤᠨᠤᠭ ᠪᠠᠭᠤᠳᠠᠯ᠂ ᠵᠢᠭᠤᠯᠴᠢᠯᠠᠬᠤ᠂ ᠪᠠᠷᠠᠭ᠎ᠠ ᠬᠤᠳᠠᠯᠳᠤᠨ ᠠᠪᠬᠤ ᠵᠢᠴᠢ ᠰᠦᠯᠵᠢᠶᠡᠨ ᠤ ᠬᠠᠯᠠᠮᠰᠢᠯ ᠭᠠᠵᠠᠷ ᠵᠡᠷᠬᠡ ︽ᠬᠡᠯᠬᠢᠶ᠎ᠡ ᠦᠢᠯᠡᠴᠢᠯᠡᠭᠡ︾ ᠶᠢ ᠰᠦᠪᠡᠭᠴᠢᠯᠡᠨ ᠭᠠᠷᠭᠠᠵᠤ᠂ ᠬᠡᠷᠡᠭᠯᠡᠭᠡ ᠶᠢᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠬᠠᠷᠢᠯᠴᠠᠨ  ᠨᠢᠬᠡᠨ ᠨᠢᠬᠡᠨ ᠳᠡᠭᠡᠨ ᠬᠡᠷᠡᠭᠯᠡᠭᠴᠢᠳ ᠢ ᠲᠠᠳᠠᠵᠤ ᠦᠭᠬᠦᠨ᠂ ᠬᠤᠯᠪᠣᠭᠠᠯᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠶ᠃ ᠬᠠᠮᠢᠶᠠᠷᠤᠯᠲᠠ ᠦᠢᠯᠡᠴᠢᠯᠡᠭᠡ ᠪᠠᠨ ᠴᠢᠩᠭᠠᠳᠬᠠᠵᠤ᠂ ᠤᠨᠴᠠᠯᠢᠬᠳᠤ ᠵᠡᠭᠡᠯᠢ ᠶᠢᠨ ᠲᠤᠭᠤᠷᠢᠭ ᠤᠨ ᠣᠷᠴᠢᠨ ᠲᠣᠭᠤᠷᠢᠨ ᠪᠣᠯᠤᠨ ᠵᠡᠭᠡᠯᠢ ᠭᠤᠳᠤᠮᠵᠢ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠵᠦ᠂ ᠲᠡᠷᠭᠡᠨ ᠵᠣᠭᠰᠣᠭᠠᠯ᠂ ᠨᠡᠶᠢᠲᠡ ᠶᠢᠨ ᠵᠣᠷᠯᠣᠩ ᠵᠡᠷᠭᠡ ᠢᠵᠢ ᠪᠦᠷᠢᠳᠦᠬᠦᠯᠦᠭᠰᠡᠨ ᠲᠤᠨᠤᠭ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠤᠳᠠ ᠶᠢᠨ ᠠᠷᠠᠳ ᠵᠢᠭᠤᠯᠴᠢᠯᠠᠬᠰᠠᠳ ᠲᠤ ᠠᠷᠢᠭᠤᠨ ᠴᠡᠪᠡᠷ᠂ ᠲᠤᠬᠢᠯᠢᠭ ᠴᠡᠮᠴᠡᠭᠡᠷ᠂ ᠲᠠᠭᠠᠯᠠᠮᠵᠢᠲᠠᠢ ᠵᠢᠭᠤᠯᠴᠢᠯᠠᠯ ᠬᠡᠷᠡᠭᠯᠡᠭᠡ ᠶᠢᠨ ᠣᠷᠴᠢᠨ ᠲᠣᠭᠤᠷᠢᠨ ᠢ ᠬᠠᠩᠭᠠᠵᠤ᠂ ᠪᠦᠬᠦ ᠤᠯᠤᠰ ᠤᠨ ᠪᠣᠯᠪᠠᠰᠤᠨ ᠬᠤᠳᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠪᠦᠳᠦᠬᠡᠨ ᠪᠠᠶᠢᠭᠤᠯᠬᠤ ᠶᠢ ᠵᠡᠷᠭᠡ ᠪᠠᠷ ᠠᠳᠬᠤᠵᠤ᠂ ᠬᠠᠮᠲᠤ ᠪᠠᠷ ᠡᠭᠦᠳᠦᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠵᠠᠢ᠃     ᠲᠤᠭᠤᠷᠢᠭ ᠤᠨ ᠤᠳᠤᠷᠢᠳᠤᠯᠭ᠎ᠠ ᠵᠤᠤ ᠲᠠᠢ ᠰᠢᠶᠠᠨ᠂ ᠭᠤᠤ ᠮᠢᠩ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠸᠠᠩ ᠬᠠᠨ ᠰᠢᠶᠤᠤ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号