ᠬᠦᠨᠳᠡᠯᠡᠨ ᠭᠤᠤᠯ ᠪᠠᠯᠭᠠᠰᠤ ︽ᠣᠳᠣᠨ ᠲᠡᠰ︾ ᠢ ᠡᠭᠦᠳᠴᠦ ︽ᠣᠳᠣᠨ ᠲᠡᠰ︾ ᠢ ᠲᠡᠮᠡᠴᠡᠵᠦ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2023/4/21
    ᠨᠢᠭᠡ ᠳᠤ᠂  ᠲᠡᠰ ᠲᠠᠷᠠᠭᠠᠯᠠᠯ ᠢ ᠵᠢᠷᠤᠮᠵᠢᠭᠤᠯᠵᠤ᠂ ᠣᠳᠣᠨ ᠲᠡᠰ ᠢ ᠵᠦᠶ ᠵᠣᠬᠢᠰᠲᠠᠶ ᠰᠢᠯᠭᠠᠷᠠᠭᠤᠯᠪᠠ᠃ ︽ᠬᠦᠨᠳᠡᠯᠡᠨ ᠭᠤᠤᠯ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠯᠪᠠᠰᠤᠨ ᠰᠢᠨ᠎ᠡ ᠲᠣᠰᠬᠤᠨ᠂ ᠣᠳᠣᠨ ᠲᠠᠰ ᠤᠨ ᠪᠣᠯᠪᠠᠰᠤᠨ ᠡᠷᠦᠬᠡ ᠶᠢ ᠡᠬᠦᠳᠦᠨ ᠪᠠᠶᠢᠭᠤᠯᠵᠤ ᠦᠨᠡᠯᠡᠬᠦ ᠠᠵᠢᠯ  ᠤᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠲᠠᠰ ᠳᠠᠷᠠᠭᠠᠯᠠᠯ ᠶᠣᠰᠣᠭᠠᠷ ᠡᠬᠦᠳᠦᠨ ᠪᠠᠶᠢᠭᠤᠯᠵᠤ ᠦᠨᠡᠯᠡᠬᠦ ᠬᠤᠷᠠᠯ ᠢ ᠬᠤᠷᠠᠯᠳᠤᠭᠤᠯᠵᠤ᠂ ᠪᠠᠷᠢᠮᠵᠢᠶ᠎ᠠ ᠲᠠᠢ ᠴᠢᠩᠭ᠎ᠠ ᠬᠠᠷᠭᠤᠭᠤᠯᠤᠨ ᠣᠳᠣᠨ ᠲᠠᠰ ᠢ ᠲᠣᠭᠲᠠᠭᠠᠵᠤ᠂ ᠰᠢᠯᠭᠠᠷᠠᠭᠤᠯᠬᠤ ᠶᠠᠪᠤᠴᠠ ᠶᠢ ᠢᠯᠡ ᠪᠥᠭᠡᠳ ᠠᠷᠠᠳᠴᠢᠯᠠᠯ ᠲᠠᠢ ᠪᠠᠶᠢᠯᠭᠠᠬᠤ᠂ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠲᠥᠪ ᠭᠤᠤᠯᠴᠢ ᠪᠠᠶᠢᠯᠭᠠᠬᠤ ᠶᠢ ᠦᠨᠡᠨ ᠬᠦ ᠪᠠᠲᠤᠯᠠᠪᠠ᠃ ᠬᠤᠶᠠᠷ ᠲᠤ᠂ ᠲᠣᠭᠲᠠᠴᠠ ᠶᠢ ᠪᠠᠶᠢᠭᠤᠯᠵᠤ᠂ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠪᠠᠲᠤᠯᠠᠪᠠ᠃ ︽ᠪᠣᠯᠪᠠᠰᠤᠨ ᠰᠢᠨ᠎ᠡ ᠲᠣᠰᠬᠤᠨ︾᠂ ︽ᠣᠳᠣᠨ ᠲᠠᠰ ᠤᠨ ᠪᠣᠯᠪᠠᠰᠤᠨ ᠡᠷᠦᠬᠡ︾ ᠶᠢ ᠡᠭᠦᠳᠦᠨ ᠪᠠᠶᠢᠭᠤᠯᠬᠤ ᠪᠠᠷ ᠭᠠᠷᠳᠠᠬᠤ ᠴᠡᠭ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠠ᠃ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠪᠠ᠃ ᠲᠣᠰᠬᠤᠨ ᠢᠶᠠᠷ ᠨᠢᠭᠡᠴᠢ ᠪᠣᠯᠭᠠᠨ ᠡᠬᠡ ᠳᠠᠩᠰᠠ ᠶᠢᠨ ᠮᠡᠳᠡᠭᠡ ᠵᠠᠩᠭᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠳᠣᠨ ᠲᠡᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠪᠠᠶᠢᠪᠠᠯ ᠴᠠᠭ ᠲᠤᠬᠠᠶ ᠳᠤᠨᠢ ᠣᠳᠣᠨ ᠳᠡᠰ ᠢ ᠨᠢ ᠬᠦᠴᠦᠨ ᠦᠬᠡᠢ ᠪᠤᠯᠭᠠᠪᠠ᠃ ᠭᠤᠷᠪᠠ ᠳᠤ᠂ ᠤᠬᠠᠭᠤᠯᠤᠨ ᠠᠬᠢᠭᠤᠯᠵᠤ᠂ ᠡᠷᠦᠬᠡ ᠪᠦᠷᠢ ᠣᠳᠣᠨ ᠲᠡᠰ ᠢ ᠲᠡᠮᠡᠴᠡᠪᠡ᠃ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠤᠯᠪᠠ᠃ ᠰᠢᠯᠭᠠᠷᠠᠭᠤᠯᠤᠭᠰᠠᠨ ︽ᠣᠳᠣᠨ ᠲᠠᠰ ᠤᠨ ᠪᠣᠯᠪᠠᠰᠤᠨ ᠡᠷᠦᠬᠡ︾ ᠶᠢ ᠲᠤᠬᠠᠶ ᠶᠢᠨ ᠭᠠᠵᠠᠷ ᠲᠤᠨᠢ ᠣᠳᠣᠨ ᠲᠠᠰ ᠤᠨ ᠪᠣᠯᠪᠠᠰᠤᠨ ᠤ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠪᠣᠯᠭᠠᠨ ᠬᠤᠪᠢᠷᠠᠭᠤᠯᠪᠠ᠃ ᠠᠵᠢᠯᠯᠠᠭ᠎ᠠ ᠶᠢᠨ ᠲᠥᠷᠥᠯ ᠵᠦᠢᠯ ᠢ ᠨᠡᠶᠢᠲᠡᠯᠡᠬᠦ ᠲᠠᠯ᠎ᠠ ᠲᠡᠭᠡᠷ᠎ᠡ ᠬᠥᠳᠡᠭᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ‌‍ᠲ᠋ᠤᠰ ᠲᠤᠰ ᠤᠨ ᠦᠪᠡᠷᠮᠢᠴᠡ ᠣᠨᠴᠠᠯᠢᠭ ᠪᠦᠬᠦᠢ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠡᠬᠦᠳᠴᠡᠢ  ᠃ ︵ᠢᠷᠡᠯᠳᠡ᠄  ᠬᠦᠨᠳᠡᠯᠡᠨ ᠭᠤᠤᠯ ᠪᠠᠯᠭᠠᠰᠤ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号