ᠬᠠᠮᠲᠤᠷᠠᠨ ᠰᠤᠷᠭᠠᠭᠤᠯᠢ ᠡᠷᠬᠢᠯᠡᠨ᠎ᠡ︕ ᠵᠢᠩᠬᠢᠨᠢ ᠪᠠᠷ ᠭᠡᠷ᠎ᠡ ᠲᠤᠭᠲᠠᠯ᠎ᠠ︕
ᠨᠡᠶᠢᠲᠡᠯᠡᠭᠰᠡᠨ ᠴᠠᠭ᠄
2023/4/24
   ᠬᠥᠨᠳᠡᠯᠡᠨ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠳᠠᠪᠠᠭᠤᠯᠢᠭ ᠪᠣᠯᠤᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 20 ᠤ ᠡᠳᠦᠷ᠂ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠬᠠᠮᠲᠤᠷᠠᠨ ᠰᠤᠷᠭᠠᠭᠤᠯᠢ ᠡᠷᠭᠢᠯᠡᠬᠦ ᠭᠡᠷ᠎ᠡ ᠲᠣᠭᠲᠠᠬᠤ ᠶᠣᠰᠣᠯᠠᠯ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠶᠠᠪᠤᠭᠳᠠᠪᠠ᠃
    ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠬᠤᠸᠠᠩ ᠬᠠᠢ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ    ᠴᠧᠩ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠰᠢᠶᠤᠤ ᠷᠦᠩ ᠬᠡᠷ᠎ᠡ ᠳᠤ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ ᠬᠥᠨᠳᠡᠯᠡᠨ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠨᠠᠷ ᠬᠡᠷ᠎ᠡ ᠳᠤ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃    ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠭᠡᠭᠡᠨᠬᠠᠰ᠂ ᠬᠥᠨᠳᠡᠯᠡᠨ ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ ᠬᠤᠶᠠᠷ ᠲᠠᠯ᠎ᠠ ᠶᠢ ᠲᠥᠯᠥᠭᠡᠯᠡᠨ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠬᠠᠮᠲᠤᠷᠠᠨ ᠰᠤᠷᠭᠠᠭᠤᠯᠢ ᠡᠷᠬᠢᠯᠡᠬᠦ ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ᠃
   ᠲᠢᠶᠠᠨ ᠬᠤᠩ ᠴᠧᠩ ᠬᠡᠷ᠎ᠡ ᠳᠤ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠥᠷᠨᠢᠩᠭᠦᠶ ᠬᠥᠭᠵᠢᠯᠲᠡ ᠨᠢ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠳᠡᠮᠵᠢᠯᠭᠡ ᠠᠴᠠ ᠰᠠᠯᠵᠤ ᠴᠢᠳᠠᠬᠤ ᠥᠬᠡᠶ ᠶᠤᠮ᠃ ᠣᠳᠣᠬᠠᠨ ᠳᠤ ᠬᠥᠨᠳᠡᠯᠡᠨ ᠲᠣᠭᠤᠷᠢᠭ ᠶᠠᠭ《1357》ᠰᠤᠷᠭᠠᠨ ᠬᠥᠮᠦᠵᠢᠯ ᠤᠨ ᠡᠷᠡᠮᠡᠬᠡᠶᠢᠯᠡᠨ ᠳᠠᠪᠰᠢᠬᠤ ᠲᠥᠯᠥᠪᠯᠡᠭᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠂ ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠤᠨ ᠴᠢᠳᠠᠪᠤᠷᠢᠲᠠᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠠᠢ ᠬᠡᠷᠡᠭᠴᠡᠭᠡ ᠶᠠᠪᠤᠬᠤ ᠳᠤᠳᠤᠮ ᠲᠤᠯᠭᠠᠮ ᠪᠤᠯᠵᠤ ᠪᠠᠶᠢᠨ᠎ᠠ᠃ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠨᠢ ᠪᠠᠭᠰᠢ ᠶᠢ ᠬᠦᠮᠦᠵᠢᠭᠦᠯᠬᠦ᠂ ᠪᠤᠯᠪᠠᠰᠤᠷᠠᠯ ᠬᠦᠷᠳᠡᠬᠡᠬᠦ᠂ ᠬᠢᠴᠢᠶᠡᠯ ᠲᠦᠷᠦᠯ ᠤᠨ ᠪᠠᠶᠢᠷᠢᠯᠠᠭᠤᠯᠤᠯᠲᠠ᠂ ᠵᠢᠭᠠᠨ ᠰᠤᠷᠭᠠᠬᠤ ᠠᠷᠭ᠎ᠠ ᠶᠢᠨ ᠰᠤᠳᠤᠯᠤᠯ᠂ ᠰᠤᠷᠭᠠᠭᠤᠯᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠳᠠᠪᠠᠭᠤᠯᠢᠭ ᠲᠠᠢ ᠪᠠᠶᠢᠳᠠᠭ᠃ ᠰᠢᠨ᠎ᠡ ᠭᠠᠷᠤᠭ᠎ᠠ ᠲᠡᠭᠡᠷ᠎ᠡ ᠵᠣᠭᠰᠣᠵᠤ᠂ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠲᠠᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠨᠡᠩ ᠰᠠᠶᠢᠲᠤᠷ ᠪᠡᠶᠡᠯᠡᠭᠦᠯᠵᠦ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠨᠡᠩ ᠥᠨᠳᠥᠷ ᠲᠠᠪᠴᠠᠩ ᠢ ᠪᠠᠶᠢᠭᠤᠯᠵᠤ ᠥᠭᠭᠦᠨ᠎ᠡ ᠭᠡᠵᠦ ᠵᠢᠭᠠᠵᠤ ᠭᠠᠷᠭᠠᠪᠠ᠃     ᠬᠤᠸᠠᠩ ᠬᠠᠢ᠂ ᠤᠢᠢᠷ᠎ᠠ ᠶᠢᠨ ᠵᠢᠯ ᠠᠴᠠ᠂ ᠬᠥᠨᠳᠡᠯᠡᠨ ᠲᠣᠭᠤᠷᠢᠭ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠪᠠ᠃ ᠡᠨᠡ ᠤᠳᠠᠭ᠎ᠠ ᠶᠢᠨ ᠬᠠᠮᠲᠤᠷᠠᠨ ᠰᠤᠷᠭᠠᠭᠤᠯᠢ ᠡᠷᠬᠢᠯᠡᠵᠦ ᠪᠠᠶᠢᠭ᠎ᠠ ᠶᠠᠪᠤᠳᠠᠯ ᠪᠣᠯ ᠬᠤᠶᠠᠷ ᠲᠠᠯ᠎ᠠ ᠪᠠᠷ ᠢᠶᠠᠨ ᠢᠷᠡᠭᠡᠳᠦᠢ ᠳᠤ ᠬᠠᠨᠳᠤᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠬᠥᠭᠵᠢᠬᠦ‍ ᠨᠢᠭᠡ ᠵᠦᠢᠯ ᠤᠨ ᠪᠠᠶᠢᠯᠳᠤᠬᠤ ᠪᠤᠳᠤᠯᠭ᠎ᠠ ᠪᠣᠯᠤᠨ᠎ᠠ᠃ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠦᠷᠢᠲᠠᠨ ᠬᠥᠮᠦᠵᠢᠭᠦᠯᠬᠦ ᠪᠣᠯ ᠪᠣᠶ ᠪᠥᠬᠦᠶ ᠰᠤᠷᠭᠠᠨ ᠬᠥᠮᠦᠵᠢᠯ ᠤᠨ ᠠᠵᠢᠯᠲᠠᠨ ᠤ ᠬᠠᠮᠲᠤ ᠶᠢᠨ ᠡᠭᠦᠷᠭᠡ ᠪᠤᠯᠤᠨ ᠬᠠᠷᠢᠭᠤᠴᠠᠯᠭ᠎ᠠ ᠮᠥᠨ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠰᠢᠨ᠎ᠡ᠂ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠲᠤᠯᠭᠠᠭᠤᠷᠢᠯᠠᠬᠤ ᠪᠣᠯᠤᠨ᠎ᠠ ᠭᠡᠵᠦ ᠢᠯᠡᠳᠬᠡᠪᠡ᠃      ᠣᠶᠢᠯᠠᠭᠠᠭᠰᠠᠨ ᠢᠶᠠᠷ᠂ ᠬᠤᠶᠢᠰᠢᠳᠠ ᠬᠥᠨᠳᠡᠯᠡᠨ ᠲᠣᠭᠤᠷᠢᠭ ᠨᠢ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠲᠠᠢ ᠰᠤᠷᠭᠠᠭᠤᠯᠢ ᠡᠷᠭᠢᠯᠡᠬᠦ ᠪᠦᠯᠦᠭᠯᠡᠯ ᠪᠠᠶᠢᠭᠤᠯᠬᠤ᠂ ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠠᠵᠢᠯ ᠢ ᠦᠷᠨᠢᠭᠦᠯᠬᠦ ᠵᠡᠷᠭᠡ ᠠᠷᠪᠠᠨ ᠲᠠᠯ᠎ᠠ ᠪᠠᠷ ᠭᠦᠨᠵᠡᠭᠡᠶ ᠬᠠᠮᠲᠤᠷᠠᠯᠴᠠᠵᠤ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠪᠤᠯᠤᠨ᠎ᠠ᠃(ᠢᠷᠡᠯᠲᠡ᠄ ᠬᠥᠨᠳᠡᠯᠡᠨ ᠲᠤᠭᠤᠷᠢᠭ ᠤᠨ ᠰᠤᠷᠭᠠᠨ ᠬᠥᠮᠦᠵᠢᠯ)
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号