ᠲᠤᠮᠤ ᠶᠠᠪᠤᠳᠠᠯ︕ ᠬᠥᠨᠳᠡᠯᠡᠨ ᠲᠣᠭᠤᠷᠢᠭ ᠤᠨ ᠰᠦᠯᠵᠢᠶᠡᠨ ᠤ ᠵᠣᠬᠢᠶᠠᠯᠴᠢᠳ ᠤᠨ ᠡᠪᠯᠡᠯ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/4/27
    4 ᠰᠠᠷ᠎ᠠ ᠶᠢᠨ 22 ᠤᠨ ᠡᠳᠦᠷ᠂ ᠬᠥᠨᠳᠡᠯᠡᠨ ᠲᠣᠭᠤᠷᠢᠭ ᠤᠨ ᠰᠦᠯᠵᠢᠶᠡᠨ ᠤ ᠵᠣᠬᠢᠶᠠᠯᠴᠢᠳ ᠤᠨ ᠡᠪᠯᠡᠯ ᠪᠠᠶᠢᠭᠤᠯᠤᠭᠳᠠᠬᠤ ᠵᠢᠴᠢ ᠠᠩᠬᠠᠳᠤᠭᠠᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠬᠥᠨᠳᠡᠯᠡᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠥᠨᠳᠡᠯᠡᠨ ᠲᠣᠭᠤᠷᠢᠭ ᠤᠨ ᠵᠣᠬᠢᠶᠠᠯᠴᠢᠳ ᠤᠨ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠥᠨᠳᠡᠯᠡᠨ ᠲᠣᠭᠤᠷᠢᠭ ᠤᠨ ᠰᠦᠯᠵᠢᠶᠡᠨ ᠤ ᠵᠣᠬᠢᠶᠠᠯᠴᠢ᠂ ᠤᠳᠬ᠎ᠠ ᠵᠣᠬᠢᠶᠠᠯ ᠤᠨ ᠠᠵᠢᠯᠳᠠᠨ ᠨᠡᠶᠢᠳᠡ 20 ᠭᠠᠷᠤᠢ ᠬᠥᠮᠦᠨ ᠬᠤᠷᠠᠯ ᠳᠤ ᠣᠷᠣᠯᠴᠠᠪᠠ᠃
     ᠬᠤᠷᠠᠯ ᠠᠴᠠ ᠬᠥᠨᠳᠡᠯᠡᠨ ᠲᠣᠭᠤᠷᠢᠭ ᠤᠨ ᠰᠦᠯᠵᠢᠶᠡᠨ ᠤ ᠵᠣᠬᠢᠶᠠᠯᠴᠢᠳ ᠤᠨ ᠡᠪᠯᠡᠯ ᠪᠠᠶᠢᠭᠤᠯᠤᠭᠳᠠᠭᠰᠠᠨ ᠨᠢ ᠰᠦᠯᠵᠢᠶᠡᠨ ᠤ ᠤᠳᠬ᠎ᠠ ᠵᠣᠬᠢᠶᠠᠯ ᠤᠨ ᠬᠥᠭᠵᠢᠯᠲᠡ ᠶᠢᠨ ᠰᠢᠨ᠎ᠡ ᠪᠠᠶᠢᠳᠠᠯ ᠳᠤ ᠵᠣᠬᠢᠴᠠᠵᠤ ᠦᠷᠨᠢᠬᠦᠯᠦᠭᠰᠡᠨ ᠪᠦᠳᠦᠬᠡᠯᠴᠢ ᠴᠢᠨᠠᠷᠲᠠᠢ ᠠᠴᠢ ᠬᠤᠯᠪᠣᠭᠳᠠᠯ ᠪᠦᠬᠦᠢ ᠠᠵᠢᠯ ᠪᠣᠯᠬᠤ ᠪᠥᠭᠡᠳ ᠪᠠᠰᠠ ᠥᠷᠭᠡᠨ ᠤᠯᠠᠨ ᠰᠦᠯᠵᠢᠶᠡᠨ ᠤ ᠵᠣᠬᠢᠶᠠᠯᠴᠢᠳ ᠢ ᠪᠦᠯᠬᠦᠮᠳᠡᠭᠦᠯᠦᠨ ᠳᠠᠭᠠᠭᠤᠯᠵᠤ᠂ ᠲᠡᠳᠡᠨ ᠳᠤ ᠰᠣᠯᠢᠯᠴᠠᠭᠠᠨ ᠤ ᠲᠠᠪᠴᠠᠩ᠂ ᠬᠥᠭᠵᠢᠯᠲᠡ ᠶᠢᠨ ᠣᠷᠣᠨ ᠵᠠᠢ ᠪᠣᠯᠤᠨ ᠪᠣᠳᠠᠲᠠᠢ ᠶᠢ ᠡᠷᠬᠢᠮᠯᠡᠭᠰᠡᠨ ᠦᠢᠯᠡᠴᠢᠯᠡᠭᠡ ᠬᠠᠩᠭᠠᠬᠤ ᠪᠣᠳᠠᠲᠠᠢ ᠠᠷᠭ᠎ᠠ ᠠᠪᠴᠠᠯ ᠪᠣᠯᠤᠨ᠎ᠠ᠃ ᠡᠪᠯᠡᠯ ᠤᠨ ᠡᠯ᠎ᠡ ᠪᠦᠷᠢᠯᠳᠦᠬᠦᠨ ᠨᠢᠭᠡᠴᠢ ᠰᠡᠳᠬᠢᠯ ᠨᠢᠬᠡᠳᠦᠨ ᠬᠦᠴᠦ ᠪᠠᠨ ᠬᠠᠮᠲᠤᠳᠬᠠᠵᠤ᠂ ᠲᠥᠪ ᠰᠤᠷᠲᠠᠯ ᠢ ᠪᠠᠳᠠᠷᠠᠭᠤᠯᠤᠨ᠂ ᠥᠭᠡᠳᠡᠯᠡᠨ ᠲᠠᠪᠰᠢᠬᠤ ᠰᠠᠶᠢᠨ ᠰᠠᠶᠢᠬᠠᠨ ᠦᠷᠳᠡᠭ ᠤᠨ ᠦᠵᠡᠯᠲᠡ ᠶᠢ ᠳᠠᠮᠵᠢᠭᠤᠯᠵᠤ᠂ ᠴᠠᠭ ᠦᠶ᠎ᠡ ᠶᠢᠨ ᠤᠷᠢᠶᠠᠯᠠᠭ᠎ᠠ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠷ ᠨᠡᠩ ᠰᠠᠶᠢᠨ ᠨᠡᠩ ᠤᠯᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠡᠭᠦᠳᠦᠨ ᠪᠦᠲᠦᠭᠡᠬᠦ    ᠬᠡᠷᠡᠭᠲᠡᠢ᠃ ᠬᠥᠨᠳᠡᠯᠡᠨ ᠲᠣᠭᠤᠷᠢᠭ ᠤᠨ ᠡᠯ᠎ᠡ ᠬᠦᠷᠢᠶ᠎ᠡ ᠴᠠᠷᠠᠭᠠᠨ ᠳᠠᠬᠢ ᠤᠳᠬ᠎ᠠ ᠵᠣᠬᠢᠶᠠᠯ ᠵᠤᠬᠢᠶᠠᠨ ᠪᠦᠳᠦᠭᠡᠭᠴᠢᠳ ᠲᠠᠢ ᠪᠦᠯᠬᠦᠮᠳᠡᠵᠦ᠂ ᠰᠦᠯᠵᠢᠶᠡᠨ ᠤ ᠤᠳᠬ᠎ᠠ ᠵᠣᠬᠢᠶᠠᠯ ᠤᠨ ᠣᠨᠴᠠᠯᠢᠭ ᠢ ᠭᠦᠢᠴᠡᠳ    ᠪᠠᠳᠠᠷᠠᠭᠤᠯᠵᠤ᠂ ᠬᠥᠨᠳᠡᠯᠡᠨ ᠲᠣᠭᠤᠷᠢᠭ ᠤᠨ ᠤᠳᠬ᠎ᠠ ᠤᠷᠠᠯᠢᠭ ᠤᠨ ᠦᠢᠯᠡᠰ ᠤᠨ ᠰᠢᠨ᠎ᠡ ᠠᠶᠠᠨ ᠳᠤ ᠣᠷᠣᠬᠤ ᠶᠢ ᠠᠬᠢᠭᠤᠯᠬᠤ ᠬᠡᠷᠡᠭᠲᠡᠢ᠃ ᠴᠠᠭ ᠦᠶ᠎ᠡ ᠠᠴᠠ ᠣᠯᠭᠤᠭᠰᠠᠨ ᠬᠦᠨᠳᠦ ᠡᠭᠦᠷᠭᠡ ᠶᠢ ᠡᠭᠦᠷᠭᠡᠯᠡᠵᠦ᠂ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ᠳᠤᠮᠳᠠ ᠬᠠᠤᠯᠢ ᠶᠢ ᠵᠢᠷᠤᠮᠯᠠᠨ ᠡᠷᠬᠡ ᠶᠢ ᠬᠠᠮᠠᠭᠠᠯᠠᠵᠤ᠂ ᠬᠥᠨᠳᠡᠯᠡᠨ ᠲᠣᠭᠤᠷᠢᠭ ᠤᠨ ᠰᠦᠯᠵᠢᠶᠡᠨ ᠤ ᠵᠣᠬᠢᠶᠠᠯᠴᠢᠳ ᠤᠨ ᠡᠪᠯᠡᠯ ᠢ ᠠᠮᠢᠵᠢᠷᠠᠯ ᠤᠨ ᠬᠦᠴᠦᠨ ᠢᠶᠠᠷ ᠪᠢᠯᠬᠠᠬᠰᠠᠨ ᠡᠪᠯᠡᠯ ᠪᠣᠯᠭᠠᠨ ᠪᠠᠶᠢᠭᠤᠯᠬᠤ ᠬᠡᠷᠡᠭᠲᠡᠶ ᠬᠡᠵᠤ ᠵᠢᠭᠠᠵᠤ ᠭᠠᠷᠭᠠᠵᠠᠢ᠃      ᠣᠶᠢᠯᠠᠭᠠᠭᠰᠠᠨ ᠢᠶᠠᠷ᠂ ᠬᠥᠨᠳᠡᠯᠡᠨ ᠲᠣᠭᠤᠷᠢᠭ ᠤᠨ ᠰᠦᠯᠵᠢᠶᠡᠨ ᠤ ᠵᠣᠬᠢᠶᠠᠯᠴᠢᠳ ᠤᠨ ᠡᠪᠯᠡᠯ ᠤᠨ ᠪᠠᠶᠢᠭᠤᠯᠤᠭᠳᠠᠭᠰᠠᠨ ᠨᠢ ᠮᠠᠨ ᠤ ᠲᠤᠭᠤᠷᠢᠭ ᠤᠨ ᠰᠦᠯᠵᠢᠶᠡᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢ ᠵᠢᠷᠤᠮᠵᠢᠭᠤᠯᠬᠤ᠂ ᠬᠠᠤᠯᠢ ᠳᠦᠷᠢᠮᠵᠢᠬᠦᠯᠬᠦ ᠪᠠ ᠰᠤᠳᠤᠨ ᠪᠤᠯᠭᠠᠬᠤ ᠶᠢ ᠠᠬᠢᠭᠤᠯᠤᠨ ᠴᠢᠩᠭᠠᠳᠬᠠᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ᠴᠠᠭ ᠦᠶ᠎ᠡ ᠶᠢᠨ ᠭᠤᠣᠯ ᠬᠦᠭ ᠠᠶᠠᠰ ᠢ ᠶᠡᠭᠡ ᠪᠠᠷ ᠪᠠᠳᠠᠷᠠᠭᠤᠯᠬᠤ᠂ ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠤᠳᠬ᠎ᠠ ᠵᠣᠬᠢᠶᠠᠯ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠲᠦᠯᠬᠢᠬᠦ ᠦᠢᠯᠡᠳᠦᠯ ᠦᠵᠡᠬᠦᠯᠬᠦ ᠶᠤᠮ᠃ ᠬᠤᠶᠢᠰᠢᠳᠠ᠂ ᠬᠥᠨᠳᠡᠯᠡᠨ ᠲᠣᠭᠤᠷᠢᠭ ᠤᠨ ᠰᠦᠯᠵᠢᠶᠡᠨ ᠤ ᠵᠣᠬᠢᠶᠠᠯᠴᠢᠳ ᠤᠨ ᠡᠪᠯᠡᠯ ᠠᠴᠠ ᠨᠠᠩ ᠣᠯᠠᠨ ᠰᠦᠯᠵᠢᠶᠡᠨ ᠤ ᠤᠳᠬ᠎ᠠ ᠵᠣᠬᠢᠶᠠᠯ ᠤᠨ ᠨᠡᠩ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠰᠦᠯᠵᠢᠶᠡᠨ ᠤ ᠤᠳᠬ᠎ᠠ ᠵᠣᠬᠢᠶᠠᠯ ᠤᠨ ᠠᠬᠤᠶᠢᠴᠢ ᠦᠵᠡᠯ ᠤᠨ ᠰᠡᠳᠦᠪᠲᠦ ᠵᠣᠬᠢᠶᠠᠨ ᠪᠦᠲᠦᠭᠡᠯᠭᠡ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠬᠥᠨᠳᠡᠯᠡᠨ ᠲᠣᠭᠤᠷᠢᠭ ᠤᠨ ᠬᠦᠴᠦᠨ ᠴᠢᠳᠠᠯ ᠢᠶᠠᠨ ᠡᠷᠭᠦᠨ᠎ᠡ᠃ ︵   ᠢᠷᠡᠯᠲᠡ᠄ ᠲᠤᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号