【ᠨᠠᠰᠤᠨ ᠳᠤ ᠦᠯᠦ ᠬᠦᠷᠦᠭᠰᠡᠳ ᠢ ᠬᠠᠶᠢᠷᠠᠯᠠᠨ ᠬᠠᠯᠠᠮᠵᠢᠯᠠᠶ᠎ᠡ 】ᠬᠥᠨᠳᠡᠯᠡᠨ ᠲᠣᠭᠤᠷᠢᠭ ᠬᠡᠪᠯᠡᠯ ᠤᠨ ᠡᠷᠬᠡ ᠶᠢ ᠬᠠᠮᠠᠭᠠᠯᠠᠬᠤ ᠤᠬᠠᠭᠤᠯᠭ᠎ᠠ ᠵᠢᠴᠢ ︽  ᠬᠤᠶᠢᠴᠢ ᠦᠶ᠎ᠠ ᠶᠢᠨ ᠬᠢᠨ ᠢᠶᠠᠨ ᠬᠠᠮᠠᠭᠠᠯᠠᠬᠤ︾᠂ ︽ᠨᠣᠭᠤᠭᠠᠨ ᠨᠣᠮ ᠤᠨ ᠱᠣᠰᠢᠭ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/4/28
    4 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠲᠤᠭᠤᠷᠢᠭ ᠤᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ᠂    ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠤᠭᠤᠷᠢᠭ ᠤᠨ ᠰᠣᠶᠣᠯ ᠤᠨ ᠣᠷᠳᠣᠨ︶᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠳᠠᠭᠠᠭᠠᠴᠢᠯᠠᠨ ᠡᠷᠭᠢᠯᠡᠭᠰᠡᠨ ᠬᠥᠨᠳᠡᠯᠡᠨ ᠲᠣᠭᠤᠷᠢᠭ ᠤᠨ 2023 ᠣᠨ ᠤ ᠬᠡᠪᠯᠡᠯ ᠤᠨ ᠡᠷᠬᠡ ᠶᠢ ᠬᠠᠮᠠᠭᠠᠯᠠᠬᠤ ᠤᠬᠠᠭᠤᠯᠭ᠎ᠠ ᠵᠢᠴᠢ ︽ᠬᠤᠶᠢᠴᠢ ᠦᠶ᠎ᠠ ᠶᠢᠨ ᠬᠢᠨ ᠢᠶᠠᠨ ᠬᠠᠮᠠᠭᠠᠯᠠᠬᠤ︾  ᠂ ︽ᠨᠣᠭᠤᠭᠠᠨ ᠨᠣᠮ ᠤᠨ ᠱᠣᠰᠢᠭ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠶᠠᠪᠤᠭᠳᠠᠪᠠ᠃
    ᠡᠬᠢᠯᠡᠯᠲᠡ ᠶᠢᠨ ᠶᠣᠰᠣᠯᠠᠯ ᠳᠡᠭᠡᠷ᠎ᠡ᠂ 2022 ᠣᠨ ᠤ ᠬᠡᠪᠯᠡᠯ ᠤᠨ ᠡᠷᠬᠡ ᠲᠠᠢ ᠪᠦᠲᠦᠭᠡᠯ ᠢᠶᠠᠨ  ᠳᠠᠩᠰᠠᠯᠠᠭᠤᠯᠤᠭᠰᠠᠨ 6 ᠤᠷ᠎ᠠ ᠠᠪᠢᠶᠠᠰᠳᠠᠨ ᠢ ᠬᠥᠬᠢᠭᠦᠯᠦᠨ ᠰᠠᠶᠢᠰᠢᠶᠠᠭᠰᠠᠨ ᠪᠥᠭᠡᠳ ᠬᠥᠨᠳᠡᠯᠡᠨ ᠲᠣᠭᠤᠷᠢᠭ ᠤᠨ ᠠᠷᠠᠳ ᠤᠨ ᠤᠳᠬ᠎ᠠ ᠤᠷᠠᠯᠢᠭᠴᠢᠳ ᠤᠨ ᠡᠪᠯᠡᠯ ᠤᠨ ᠲᠡᠷᠢᠭᠦᠯᠡᠭᠴᠢ ᠭᠦᠸᠧ ᠴᠢᠶᠣᠤ ᠯᠢ ᠶᠢ ᠤᠷᠢᠵᠤ ᠦᠭᠡ ᠬᠡᠯᠡᠭᠦᠯᠵᠦ᠂ ᠤᠯᠠᠨ ᠤ ᠬᠡᠪᠯᠡᠯ ᠤᠨ ᠡᠷᠬᠡ ᠪᠠᠨ ᠳᠠᠩᠰᠠᠯᠠᠭᠤᠯᠬᠤ ᠠᠵᠢᠯ ᠢ ᠢᠳᠡᠪᠬᠢᠲᠡᠢ ᠬᠢᠵᠦ᠂ ᠬᠡᠪᠯᠡᠯ ᠤᠨ    ᠡᠷᠬᠡ ᠶᠢ ᠬᠠᠮᠠᠭᠠᠯᠠᠬᠤ ᠡᠩᠨᠡᠭᠡ ᠳᠤ ᠣᠷᠣᠯᠴᠠᠬᠤ ᠶᠢ ᠤᠷᠢᠶᠠᠯᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ︽ᠱᠠᠯᠢᠭ ᠵᠠᠪᠬᠠᠶ ᠵᠦᠶᠯᠡᠰ ᠢ ᠠᠷᠢᠯᠭᠠᠬᠤ᠂ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ · ᠬᠤᠶᠢᠴᠢ ᠦᠶ᠎ᠡ ᠶᠢᠨ ᠬᠢᠨ ᠢᠶᠠᠨ ᠬᠠᠮᠠᠭᠠᠯᠠᠬᠤ︾ ᠠᠵᠢᠯᠯᠠᠭ᠎ᠠ ᠶᠢᠨ ᠤᠬᠠᠭᠤᠯᠭ᠎ᠠ ᠶᠢᠨ ᠰᠠᠮᠪᠠᠷ᠎ᠠ ᠶᠢᠨ ᠳᠡᠯᠭᠡᠨ ᠦᠵᠡᠭᠦᠯᠬᠡ᠂ ᠬᠡᠪᠯᠡᠯ ᠤᠨ ᠡᠷᠬᠡ ᠶᠢᠨ ᠪᠦᠲᠦᠭᠡᠯ ᠤᠨ ᠦᠵᠡᠰᠬᠦᠯᠡᠩ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠢ ᠲᠣᠭᠤᠷᠢᠨ ᠦᠵᠡᠬᠦ᠂ ︽ᠨᠣᠭᠤᠭᠠᠨ ᠨᠣᠮ ᠤᠨ ᠱᠣᠰᠢᠭ᠎ᠠ︾ ᠦᠶᠯᠡᠳᠬᠦ ᠳᠤ ᠣᠷᠣᠯᠴᠠᠬᠤ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠰᠤᠷᠤᠭᠴᠢᠳ ᠲᠤ ︽ᠱᠠᠯᠢᠭ ᠵᠠᠪᠬᠠᠶ ᠵᠦᠶᠯᠡᠰ ᠢ ᠠᠷᠢᠯᠭᠠᠬᠤ᠂ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ · ᠬᠤᠶᠢᠴᠢ ᠦᠶ᠎ᠡ ᠶᠢᠨ ᠬᠢᠨ ᠢᠶᠠᠨ ᠬᠠᠮᠠᠭᠠᠯᠠᠬᠤ︾ ᠲᠤᠰᠬᠠᠶ ᠠᠵᠢᠯᠯᠠᠭ᠎ᠠ ᠪᠠ ︽ᠨᠣᠭᠤᠭᠠᠨ ᠨᠣᠮ ᠤᠨ ᠱᠣᠰᠢᠭ᠎ᠠ ᠶᠢᠨ ᠠᠵᠢᠯᠯᠠᠭ᠎ᠠ︾ ᠶᠢᠨ ᠠᠭᠤᠯᠬᠤᠨ ᠪᠠ ᠠᠴᠢ ᠬᠤᠯᠪᠣᠭᠳᠠᠯ ᠢ ᠲᠠᠶᠢᠯᠪᠤᠷᠢᠯᠠᠵᠤ ᠦᠭᠬᠦ ᠶᠢᠨ ᠬᠠᠮᠲᠤ ᠬᠡᠦᠬᠡᠳ ᠤᠳ ᠢ ᠳᠠᠭᠠᠭᠤᠯᠤᠨ ᠮᠠᠨ ᠤ ᠲᠤᠭᠤᠷᠢᠭ ᠤᠨ ᠡᠯ᠎ᠡ ᠬᠡᠪᠯᠡᠯ ᠤᠨ ᠡᠷᠬᠡ ᠶᠢᠨ ᠦᠶᠯᠡᠴᠢᠯᠡᠭᠡᠨ ᠤ ᠠᠵᠢᠯ ᠤᠨ ᠴᠡᠭ ᠲᠤ ᠳᠠᠩᠰᠠᠯᠠᠭᠤᠯᠤᠭᠰᠠᠨ ᠪᠦᠲᠦᠭᠡᠯ ᠢ ᠲᠣᠭᠤᠷᠢᠨ ᠦᠵᠡᠭᠦᠯᠵᠦ᠂ ᠮᠡᠳᠡᠯᠭᠡ ᠶᠢ ᠬᠦᠨᠳᠦᠳᠬᠡᠬᠦ᠂ ᠬᠡᠪᠯᠡᠯ ᠤᠨ ᠡᠷᠬᠡ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃        ᠲᠤᠬᠠᠶ ᠶᠢᠨ ᠲᠠᠯᠠᠪᠠᠶ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠣᠭᠤᠷᠢᠭ ᠤᠨ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾  ᠠᠵᠢᠯ ᠤᠨ ᠲᠤᠭᠤᠶᠢᠶᠢᠯᠠᠩ ᠤᠨ ᠠᠯᠪᠠᠨ ᠬᠡᠷ ᠠᠴᠠ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠪᠦᠷᠢᠯᠳᠦᠬᠦᠨ ᠨᠢᠬᠡᠴᠢ ᠶᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠵᠠᠬ᠎ᠠ ᠳᠡᠯᠭᠡᠭᠦᠷ ᠲᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠨᠠᠰᠤᠨ ᠳᠤ ᠥᠯᠥ ᠭᠦᠷᠦᠭᠰᠡᠳ ᠲᠤ ᠪᠣᠬᠢᠷᠲᠤᠯ ᠥᠬᠡᠶ ᠡᠷᠡᠭᠦᠯ ᠰᠠᠷᠠᠭᠤᠯ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃
     ᠲᠠᠷᠠᠭᠠᠴᠢ ᠶᠢᠨ ᠠᠯᠬᠤᠮ ᠳᠤ᠂ ᠮᠠᠨ ᠤ ᠲᠤᠭᠤᠷᠢᠭ ︽ᠬᠡᠪᠯᠡᠯ ᠤᠨ ᠡᠷᠬᠡ ᠶᠢ ᠬᠠᠮᠠᠭᠠᠯᠠᠬᠤ︾᠂ ︽ᠬᠤᠶᠢᠴᠢ ᠦᠶ᠎ᠡ ᠶᠢᠨ ᠬᠢᠨ ᠢᠶᠠᠨ ᠬᠠᠮᠠᠭᠠᠯᠠᠬᠤ︾ ᠲᠤᠰᠬᠠᠶ ᠠᠵᠢᠯᠯᠠᠭ᠎ᠠ ᠵᠡᠷᠭᠡ ᠭᠤᠤᠯ ᠰᠡᠳᠦᠪ ᠤᠨ ᠲᠣᠭᠤᠷᠢᠨ ᠳᠤ᠂ ᠲᠣᠰ ᠲᠣᠰ ᠤᠨ ᠣᠨᠴᠠᠯᠢᠭ ᠲᠠᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠠᠵᠢᠯᠯᠠᠭ᠎ᠠ ᠶᠢ ᠥᠷᠨᠢᠭᠦᠯᠵᠦ᠂ ︽ᠨᠣᠭᠤᠭᠠᠨ ᠨᠣᠮ ᠤᠨ ᠱᠣᠰᠢᠭ᠎ᠠ︾ ᠶᠢᠨ ᠳᠦᠷᠢ ᠲᠥᠷᠬᠦ ᠲᠡᠮᠳᠡᠭ ᠱᠤᠱᠢᠭ᠎ᠠ ᠶᠢ ᠳᠡᠯᠭᠡᠷᠡᠭᠦᠯᠬᠦ ᠡᠷᠴᠢᠮ ᠪᠠ ᠬᠡᠪᠯᠡᠯ ᠤᠨ ᠡᠷᠬᠡ ᠶᠢ ᠬᠠᠮᠠᠭᠠᠯᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠡᠳᠡᠯᠭᠡ ᠶᠢ ᠬᠦᠨᠳᠦᠳᠬᠡᠬᠦ᠂ ᠬᠡᠪᠯᠡᠯ ᠤᠨ ᠡᠷᠬᠡ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠨ  ᠲᠡᠮᠵᠢᠨ᠎ᠡ᠃ ︵ᠢᠷᠡᠯᠲᠡ᠄  ᠲᠤᠭᠤᠷᠢᠭ ᠤᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号