ᠬᠥᠨᠳᠡᠯᠡᠨ ᠲᠣᠭᠤᠷᠢᠭ 2023 ᠣᠨ ᠤ ︽ᠤᠩᠰᠢᠯᠭ᠎ᠠ ᠶᠢᠨ ᠲᠤᠮᠳᠠ ᠴᠠᠭ ᠦᠶ᠎ᠡ ᠶᠢᠨ ᠲᠦᠷᠰᠦ ᠪᠠᠶᠢᠳᠠᠯ ᠢ ᠤᠬᠠᠵᠤ ᠬᠥᠭᠵᠢᠭᠦᠯᠦᠨ ᠮᠠᠨᠳᠤᠭᠤᠯᠬᠤ ᠠᠶᠠᠨ ᠳᠤ ᠡᠷᠡᠯᠬᠡᠭᠯᠡᠨ ᠲᠡᠮᠡᠴᠡᠶ᠎ᠡ︾ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ ᠤᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2023/4/28
    ᠬᠠᠷᠢᠶ᠎ᠡ ᠣᠷᠣᠨ ᠤ ᠪᠠᠨ ᠲᠣᠰᠬᠤᠨ ︵ᠰᠠᠭᠤᠭᠠᠯᠢ ᠠᠷᠠᠳ ᠤᠨ ᠲᠤᠭᠤᠷᠢᠭ︶ ᠤ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠨᠣᠮ ᠪᠢᠴᠢᠭ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠣᠯᠵᠤ᠂ ᠪᠣᠯᠪᠠᠰᠤᠨ ᠬᠡᠪ ᠰᠤᠷᠳᠠᠯ ᠢ ᠪᠤᠢ ᠪᠤᠯᠭᠠᠬᠤ ᠶᠢᠨ ᠲᠥᠯᠥᠭᠡ᠂ 4 ᠰᠠᠷ᠎ᠠ ᠶᠢᠨ 24 ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠬᠦᠨᠳᠡᠯᠡᠨ ᠭᠤᠤᠯ ᠪᠠᠯᠭᠠᠰᠤ ᠵᠡᠷᠭᠡ ᠰᠠᠯᠠᠭ᠎ᠠ ᠮᠥᠴᠢᠷ ᠬᠠᠮᠲᠤᠷᠠᠨ ᠬᠦᠨᠳᠡᠯᠡᠨ ᠭᠤᠤᠯ ᠪᠠᠯᠭᠠᠰᠤᠨ ᠤ ᠱᠧᠩ ᠯᠢ ᠲᠣᠰᠬᠤᠨ ᠤ ᠱᠧᠩ ᠯᠢ ᠵᠢᠶᠠ ᠶᠤᠸᠠᠨ ᠬᠤᠷᠢᠶᠠᠯᠠᠯ ᠤᠨ ᠠᠭᠤᠳᠠᠮ ᠲᠠᠯᠠᠪᠠᠶ ᠳᠤ 2023 ᠣᠨ ᠤ ︽ᠤᠩᠰᠢᠯᠭ᠎ᠠ ᠶᠢᠨ ᠲᠤᠮᠳᠠ ᠴᠠᠭ ᠦᠶ᠎ᠡ ᠶᠢᠨ ᠲᠦᠷᠰᠦ ᠪᠠᠶᠢᠳᠠᠯ ᠢ ᠤᠬᠠᠵᠤ ᠬᠥᠭᠵᠢᠭᠦᠯᠦᠨ ᠮᠠᠨᠳᠤᠭᠤᠯᠬᠤ ᠠᠶᠠᠨ ᠳᠤ ᠡᠷᠡᠯᠬᠡᠭᠯᠡᠨ ᠲᠡᠮᠡᠴᠡᠶ᠎ᠡ︾᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ ᠤᠨ ᠠᠵᠢᠯᠯᠠᠭ᠎ᠠ ᠡᠷᠭᠢᠯᠡᠪᠡ᠃
     ᠠᠵᠢᠯᠯᠠᠭ᠎ᠠ ᠨᠢ ᠡᠮᠦᠨ᠎ᠡ ᠫᠠᠢ ᠲᠣᠰᠬᠤᠨ ᠳᠤ ᠲᠣᠭᠯᠠᠭᠰᠠᠨ ︽ᠶᠠᠩᠭᠠᠷ ᠪᠥᠵᠢᠭ︾  ᠢᠶᠠᠷ ᠬᠦᠰᠢᠬᠡ ᠪᠠᠨ ᠰᠡᠬᠦᠵᠤ᠂ ᠡᠯ᠎ᠡ ᠲᠣᠰᠬᠤᠨ ᠤ ᠤᠳᠬ᠎ᠠ ᠤᠷᠠᠯᠢᠭ ᠤᠨ ᠪᠠᠭ᠋ᠠᠳᠠᠳ ᠨᠢᠭᠡ ᠲᠠᠩᠬᠢᠮ ᠳᠤ ᠴᠤᠭᠯᠠᠷᠠᠵᠤ᠂ ᠲᠦᠬᠦᠮ ᠣᠶᠢᠯᠠᠭᠠᠮᠵᠢᠲᠠᠢ ᠦᠭᠡ ᠬᠡᠯᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠭᠤᠴᠣ ᠰᠠᠶᠢᠬᠠᠨ ᠲᠣᠭᠯᠠᠯᠲᠠ ᠪᠠᠷ ᠢᠶᠠᠨ ᠰᠢᠨ᠎ᠡ ᠴᠠᠭ ᠦᠶ᠎ᠡ ᠶᠢᠨ ᠲᠣᠰᠬᠤᠨ ᠤ ᠠᠷᠠᠳ ᠤᠨ ᠡᠷᠡᠭᠦᠯ ᠰᠠᠷᠠᠭᠤᠯ ᠥᠭᠡᠳᠡᠷᠬᠡᠭ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠡᠶ᠎ᠡ ᠵᠣᠬᠢᠴᠠᠩᠭᠤᠢ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠵᠣᠯ ᠵᠢᠷᠭᠠᠯᠲᠤ ᠰᠡᠳᠬᠢᠯᠭᠡ ᠶᠢ ᠢᠯᠡᠷᠡᠭᠦᠯᠪᠡ᠃ ᠠᠵᠢᠯᠯᠠᠭ᠎ᠠ ᠳᠤᠮᠳᠠ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠪᠠᠯᠭᠠᠰᠤᠨ ᠤ ᠲᠥᠯᠥᠭᠡᠯᠡᠭᠴᠢ ᠵᠢᠴᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠲᠥᠯᠥᠭᠡᠯᠡᠭᠴᠢ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠶᠠᠷᠢᠶ᠎ᠠ ᠢᠯᠡᠳᠬᠡᠯ ᠬᠢᠭᠰᠡᠨ ᠪᠥᠭᠡᠳ 24 ᠲᠠᠯ᠎ᠠ ᠨᠤᠲᠤᠭ ᠤᠨ ᠨᠣᠮ ᠤᠨ ᠥᠷᠥᠭᠡ ᠳᠤ ᠰᠣᠶᠣᠯ ᠤᠨ ᠡᠳ᠋ᠯᠡᠯ ᠬᠡᠷᠡᠭᠰᠡᠯ ᠪᠡᠯᠡᠭᠯᠡᠪᠡ᠃
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠣᠶᠣᠯ ᠢ ᠤᠷᠢᠳ ᠢᠶᠠᠷ ᠬᠦᠭᠵᠢᠬᠦᠯᠦᠨ᠎ᠡ᠃ ᠲᠣᠰ ᠤᠳᠠᠭᠠᠨ ᠤ ᠠᠵᠢᠯᠯᠠᠭ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠣᠯᠠᠨ ᠲᠦᠮᠡᠨ ᠤ ᠰᠣᠶᠣᠯ ᠤᠨ ᠠᠮᠢᠳᠤᠷᠠᠯ ᠤᠨ ᠴᠠᠬᠢᠯᠭᠠᠨ ᠴᠡᠨᠡᠭᠯᠡᠬᠦ ᠥᠷᠲᠡᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠠᠬᠢᠭᠤᠯᠤᠭᠴᠢ ᠪᠣᠯᠭᠠᠵᠤ᠂ ᠨᠣᠮ ᠤᠩᠰᠢᠬᠤ ᠳᠤᠷᠠᠲᠠᠶ᠂ ᠨᠣᠮ ᠤᠩᠰᠢᠬᠤ ᠳᠠᠭᠠᠨ ᠴᠢᠳᠠᠮᠠᠭᠠᠶ᠂ ᠰᠠᠶᠢᠨ ᠨᠣᠮ ᠤᠩᠰᠢᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠲᠦᠮᠡᠨ ᠳᠤ ᠦᠶᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠥᠷᠭᠡᠨ ᠣᠯᠠᠨ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠬᠤ ᠵᠣᠷᠢᠯᠭ᠎ᠠ ᠳᠠᠭᠠᠨ ᠬᠦᠷᠴᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号