ᠪᠤᠷᠬᠠᠨᠲᠤ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠬᠦᠢᠯᠬᠡᠬᠡᠬᠦ ᠠᠵᠢᠯ ᠢ ᠲᠦᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠤᠢ
ᠨᠡᠶᠢᠲᠡᠯᠡᠭᠰᠡᠨ ᠴᠠᠭ᠄
2023/4/3
    ᠣᠶᠢᠷ᠎ᠠ ᠳᠤ᠂ ᠪᠤᠷᠬᠠᠨᠲᠤ ᠪᠠᠯᠭᠠᠰᠤᠨ ᠤ ᠲᠤᠤᠷ᠎ᠠ ᠲᠠᠷᠤᠬᠠᠢ ᠲᠣᠰᠬᠤᠨ ᠤ ᠭᠠᠵᠠᠷ ᠰᠢᠷᠣᠶ ᠶᠢᠨ ᠡᠵᠡᠩᠨᠡᠯᠳᠡ  ᠶᠢᠨ ᠡᠷᠬᠡ ᠶᠢ ᠬᠦᠢᠯᠬᠡᠬᠡᠬᠦ ᠶᠣᠰᠣᠯᠠᠯ ᠵᠢᠩᠬᠢᠨᠢ ᠪᠠᠷ ᠡᠬᠢᠯᠡᠪᠡ᠃ ᠭᠡᠷ᠎ᠡ ᠲᠣᠭᠲᠠᠬᠤ ᠶᠣᠰᠣᠯᠠᠯ ᠳᠡᠭᠡᠷ᠎ᠡ᠂ 34 ᠡᠷᠦᠬᠡ ᠲᠠᠷᠢᠮᠠᠯ ᠤᠨ ᠲᠣᠮᠣ ᠡᠷᠦᠬᠡ ᠨᠢ ᠲᠤᠰᠬᠤᠨ ᠤ ᠬᠠᠮᠲᠤ ᠨᠠᠶᠢᠳᠡ ᠲᠠᠢ 3210 ᠮᠥ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠬᠦᠢᠯᠬᠡᠬᠡᠬᠦ ᠵᠦᠪᠯᠡᠯᠴᠡᠬᠡᠷ ᠲᠣᠭᠲᠠᠵᠤ᠂ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ  ᠶᠢ ᠬᠦᠢᠯᠬᠡᠬᠡᠬᠦ ᠦᠨ᠎ᠡ ᠨᠢ ᠮᠥ ᠪᠦᠷᠢ ᠳᠡᠭᠡᠨ 1050 ᠲᠥᠭᠦᠷᠢᠭ ᠪᠠᠶᠢᠵᠤ᠂ ᠦᠨ᠎ᠡ ᠬᠠᠩᠰᠢ ᠨᠢ ᠦᠩᠬᠡᠷᠡᠭᠰᠡᠨ ᠤ  ᠬᠢ ᠲᠠᠢ ᠬᠠᠷᠢᠴᠠᠭᠤᠯᠪᠠᠯ ᠮᠥ ᠪᠦᠷᠢ ᠳᠡᠭᠡᠨ 350 ᠲᠥᠭᠦᠷᠢᠭ ᠨᠡᠮᠡᠭᠳᠡᠵᠡᠶ᠂ ᠵᠥᠪᠬᠡᠨ ᠡᠨᠡ ᠶᠠᠪᠤᠳᠠᠯ ᠠᠴᠠ ᠲᠣᠰ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ 136.5 ᠲᠦᠮᠡᠨ ᠲᠥᠭᠦᠷᠢᠭ ᠨᠡᠮᠡᠭᠳᠡᠵᠦ᠂ ᠲᠣᠰᠬᠤᠨ ᠤ ᠠᠷᠠᠳ ᠤᠨ ᠬᠤᠪᠢᠶᠠᠷᠢᠯᠠᠵᠤ ᠤᠯᠬᠤ ᠠᠰᠢᠭ ᠬᠤᠨᠵᠢᠪᠤᠷᠢ ᠨᠢ ᠤᠤᠯ ᠤᠨ ᠬᠢ ᠠᠴᠠ ᠪᠠᠨ ᠲᠦᠷᠪᠡᠨ ᠳᠠᠬᠢᠨ ᠨᠡᠮᠡᠭᠳᠡᠪᠡ᠃ ᠲᠣᠰ ᠤᠳᠠᠭᠠᠨ ᠤ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠬᠦᠢᠯᠬᠡᠬᠡᠬᠦ ᠭᠡᠷ᠎ᠡ ᠶᠢᠨ  ᠵᠠᠬᠪᠤᠷ ᠮᠠᠶ᠋ᠢᠭ ᠲᠤ ᠠᠩᠬ᠎ᠠ ᠤᠳᠠᠭ᠎ᠠ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠣᠭᠲᠠᠭᠠᠭᠰᠠᠨ ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠲᠦᠷᠢᠶᠡᠰᠦᠯᠡᠭᠦᠯᠬᠦ ᠭᠡᠷ᠎ᠡ︾ ︵ᠵᠢᠱᠢᠶ᠎ᠡ ᠦᠵᠡᠭᠦᠯᠬᠦ ᠲᠣᠪᠬᠢᠮᠠᠯ︶ ᠶᠢ ᠬᠡᠷᠡᠭᠯᠡᠵᠦ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ ᠬᠦᠢᠴᠡᠳ ᠪᠠᠲᠤᠯᠠᠪᠠ᠃ ᠡᠨᠡ ᠵᠢᠯ ᠠᠴᠠ ᠨᠠᠭᠠᠰᠢ᠂ ᠪᠤᠷᠬᠠᠨᠲᠤ ᠪᠠᠯᠭᠠᠰᠤ ᠣᠲᠣ ᠦᠶ᠎ᠡ ᠶᠢᠨ ᠲᠠᠷᠢᠶᠠᠯᠠᠩ ᠤᠨ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ ᠠᠯᠬᠤᠮ ᠢᠶᠠᠨ ᠲᠦᠷᠭᠡᠳᠬᠡᠨ᠂ ᠭᠠᠵᠠᠷ ᠰᠢᠷᠣᠶ ᠶᠢᠨ ᠡᠬᠢ ᠪᠠᠶᠠᠯᠢᠭ ᠢ ᠶᠡᠭᠡ ᠬᠡᠪᠴᠢᠶ᠎ᠡ ᠪᠠᠷ ᠨᠡᠶᠢᠳᠭᠡᠵᠤ᠂ ᠲᠠᠷᠢᠶᠠᠴᠢᠨ ᠡᠷᠦᠬᠡ ᠶᠢᠨ ᠲᠠᠭᠠᠭᠠᠴᠢᠯᠠᠬᠰᠠᠨ ᠭᠠᠵᠠᠷ ᠰᠢᠷᠣᠶ ᠶᠢᠨ ᠡᠵᠡᠩᠨᠡᠯᠳᠡ ᠡᠷᠬᠡ ᠶᠢ ᠬᠦᠢᠯᠬᠡᠬᠡᠬᠦ ᠶᠢ ᠡᠮᠬᠢ ᠵᠢᠷᠤᠮ ᠲᠠᠢ ᠠᠬᠢᠭᠤᠯᠵᠤ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠳᠪᠦᠷᠢᠯᠡᠯ ᠳᠤ ᠬᠡᠷᠡᠭᠯᠡᠬᠦ ᠭᠠᠵᠠᠷ ᠰᠢᠷᠦᠢ ᠪᠠ ᠲᠤᠬᠠᠶ ᠶᠢᠨ ᠭᠠᠵᠠᠷ ᠤᠨ ᠦᠯᠡᠭᠦᠦ ᠬᠥᠳᠡᠯᠮᠦᠷᠢ ᠬᠦᠴᠦᠨ ᠤ ᠠᠵᠢᠯ ᠣᠯᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠭᠰᠠᠨ ᠪᠠᠶᠢᠨ᠎ᠠ᠃ ︵ᠪᠤᠷᠬᠠᠨᠲᠤ ᠪᠠᠯᠭᠠᠰᠤ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号