ᠪᠥᠬᠦ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠵᠢᠴᠢ ᠬᠠᠴᠢᠨ ᠠᠭᠤᠷ ᠠᠮᠢᠰᠬᠤᠯ ᠢ ᠠᠷᠭᠠᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/5
    4 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠪᠥᠬᠦ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠵᠢᠴᠢ ᠬᠠᠴᠢᠨ ᠠᠭᠤᠷ ᠠᠮᠢᠰᠬᠤᠯ ᠢ ᠠᠷᠭᠠᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ  ᠤᠨ ᠣᠶᠢᠷ᠎ᠠ ᠶᠢᠨ ᠬᠤᠭᠤᠴᠠᠭᠠᠨ ᠤ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠶᠢᠨ ᠶᠦᠩ ᠯᠢ᠂ ᠣᠳᠣᠬᠠᠨ ᠳᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠬᠦᠨᠳᠦ ᠨᠣᠴᠢᠲᠠᠢ ᠪᠠᠶᠢᠨ᠎ᠠ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠡᠷᠬᠡᠪᠰᠢ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠪᠠᠨ ᠮᠡᠳᠡᠵᠤ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠡᠷᠡᠰ ᠪᠡᠶᠡᠯᠡᠭᠦᠯᠵᠦ᠂ ᠲᠦᠢᠯ ᠤᠨ ᠨᠠᠷᠢᠨ ᠬᠢᠨᠠᠮᠠᠭᠠᠢ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ᠃ ᠡᠷᠬᠡᠪᠰᠢ ᠨᠠᠶᠢᠳᠠᠪᠤᠷᠢᠵᠢᠭᠤᠯᠬᠤ ᠬᠦᠴᠦᠨ ᠢᠶᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠨᠠᠷᠢᠯᠢᠭ ᠠᠳᠬᠤᠵᠤ᠂ ᠭᠦᠨᠵᠡᠭᠡᠶ ᠨᠠᠷᠢᠯᠢᠭ ᠵᠢᠭᠰᠠᠭᠠᠨ ᠪᠠᠶᠢᠴᠠᠭᠠᠵᠤ᠂ ᠡᠷᠴᠢᠮ ᠢᠶᠠᠨ ᠴᠢᠩᠭᠠᠷᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠢᠯᠡ ᠪᠠᠷ ᠪᠠᠶᠢᠴᠠᠭᠠᠬᠤ + ᠳᠠᠯᠳᠠᠭᠤᠷ ᠰᠤᠷᠪᠤᠯᠵᠢᠯᠠᠬᠤ︾᠂ ︽ᠰᠥᠨᠢ ᠪᠠᠷ ᠪᠠᠶᠢᠴᠠᠭᠠᠬᠤ + ᠳᠠᠯᠳᠠᠭᠤᠷ ᠰᠤᠷᠪᠤᠯᠵᠢᠯᠠᠬᠤ︾ ᠬᠡᠯᠪᠡᠷᠢ ᠶᠢ ᠠᠪᠴᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ᠂ ᠣᠶ ᠰᠢᠭᠤᠶ ᠶᠢᠨ ᠲᠦᠢᠮᠡᠷ ᠢ ᠰᠡᠷᠭᠡᠶᠢᠯᠡᠬᠦ ᠵᠡᠷᠭᠡ ᠲᠠᠯ᠎ᠠ ᠪᠠ ᠡᠯ᠎ᠡ ᠠᠵᠢᠯ ᠲᠥᠷᠥᠯ ᠤᠨ ᠲᠣᠮᠣ ᠳᠤᠮᠳᠠ ᠵᠢᠵᠢᠭ ᠠᠵᠤ ᠠᠬᠤᠶᠢᠯᠠᠯ ᠳᠤ ᠦᠨᠴᠦᠭ ᠪᠤᠯᠤᠩ ᠦᠯᠡᠳᠡᠬᠡᠬᠦ ᠦᠬᠡᠢ᠂ ᠪᠦᠬᠦᠨ ᠢ ᠬᠠᠮᠤᠷᠬᠤ ᠶᠡᠭᠡ ᠵᠢᠭᠰᠠᠭᠠᠨ ᠪᠠᠶᠢᠴᠠᠭᠠᠯᠲᠠ ᠬᠢᠵᠦ᠂ ᠦᠨᠡᠨ ᠬᠦ ᠵᠢᠭᠰᠠᠭᠠᠨ ᠪᠠᠶᠢᠴᠠᠭᠠᠵᠤ᠂ ᠦᠨᠡᠨ ᠬᠦ ᠪᠠᠶᠢᠴᠠᠭᠠᠵᠤ᠂ ᠦᠨᠡᠨ ᠬᠦ ᠴᠡᠭᠴᠡᠯᠡᠨ ᠰᠠᠶᠢᠵᠢᠷᠠᠭᠤᠯᠬᠤ ᠶᠢ ᠪᠠᠶᠡᠯᠡᠬᠦᠯᠵᠤ᠂ ᠠᠵᠢᠯ ᠤᠨ ᠪᠢᠲᠡᠭᠦᠦ ᠭᠤᠭᠴᠤᠭ᠎ᠠ ᠶᠢ ᠪᠦᠷᠢᠯᠳᠦᠭᠦᠯᠵᠦ᠂ ᠪᠦᠬᠦᠨ ᠢ ᠬᠠᠮᠤᠷᠬᠤ ᠂ ᠥᠨᠴᠥᠭ ᠪᠤᠯᠤᠩ ᠦᠯᠡᠳᠡᠬᠡᠬᠦ ᠦᠬᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠷᠬᠡᠪᠰᠢ ᠭᠦᠢᠴᠡᠳᠬᠡᠬᠦ ᠬᠦᠴᠦᠨ ᠢᠶᠠᠨ ᠴᠢᠩᠭᠠᠳᠬᠠᠵᠤ᠂ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ᠪᠠᠶᠢᠴᠠᠭᠠᠬᠤ ᠪᠠᠷᠢᠮᠵᠢᠶ᠎ᠠ ᠪᠠ ᠱᠠᠩᠨᠠᠵᠤ ᠲᠣᠷᠭᠠᠬᠤ ᠲᠣᠭᠲᠠᠴᠠ ᠶᠢ ᠲᠣᠭᠲᠠᠭᠠᠵᠤ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠶᠢ ᠦᠨᠡᠨ ᠬᠦ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠱᠠᠯᠠᠪᠳᠠᠭᠤᠯᠤᠨ ᠱᠠᠭᠠᠷᠳᠠᠵᠤ᠂ ᠬᠠᠤᠯᠢ ᠬᠡᠷᠡᠭᠵᠢᠭᠦᠯᠤᠯᠳᠠ ᠳᠤ ᠬᠢᠨᠠᠯᠲᠠ ᠲᠠᠯᠪᠢᠬᠤ ᠶᠢ ᠥᠴᠦᠬᠡᠨ ᠴᠦ ᠰᠤᠯᠠᠷᠠᠭᠤᠯᠤᠯ ᠦᠭᠡᠢ ᠪᠠᠷ ᠠᠳᠬᠤᠵᠤ᠂ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠴᠢᠨ ᠠᠭᠤᠷ ᠠᠮᠢᠰᠬᠤᠯ ᠢ ᠠᠷᠭᠠᠴᠠᠭᠠᠨ  ᠰᠢᠢᠳᠪᠦᠷᠢᠯᠡᠬᠦ ᠠᠵᠢᠯ ᠢ ᠡᠷᠡᠰ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠦᠰᠦᠯ ᠢ  ᠦᠳᠳᠡᠷ ᠲᠦᠷᠭᠡᠨ ᠡᠬᠢᠯᠡᠭᠦᠯᠬᠦ ᠠᠵᠢᠯ ᠢ ᠰᠠᠶᠢᠲᠤᠷ ᠬᠢᠵᠦ᠂ ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠨᠢᠭᠲᠠ ᠬᠠᠷᠢᠯᠴᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠰᠠᠨᠠᠭᠤᠯᠤᠨ ᠮᠡᠳᠡᠭᠳᠡᠬᠦ ᠪᠢᠴᠢᠭ ᠢ ᠴᠠᠭ ᠲᠤᠬᠠᠶ ᠳᠤᠨᠢ ᠨᠡᠶᠢᠲᠡᠯᠡᠵᠦ᠂ ᠵᠢᠵᠢᠭᠦᠷᠯᠡᠨ ᠰᠠᠬᠢᠬᠤ᠂ ᠵᠢᠵᠢᠭᠦᠷᠯᠡᠨ ᠪᠡᠯᠡᠳᠬᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠬᠦᠢᠴᠡᠳ ᠪᠠᠶᠢᠬᠤ ᠶᠢ ᠪᠠᠲᠤᠯᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠤᠰᠬᠠᠯ ᠭᠠᠷᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃      ᠲᠤᠭᠤᠷᠢᠭ ᠤᠨ ᠤᠳᠤᠷᠢᠳᠤᠯᠭ᠎ᠠ ᠯᠢ ᠵᠦᠩ᠂ ᠵᠧᠦ ᠮᠢᠨ ᠵᠢᠶᠧ᠂ ᠵᠠᠢ ᠶᠦᠨ ᡂᠢ᠂ ᠵᠠᠩ ᠵᠢᠶᠦ᠋ᠨ ᠪᠦᠦ᠂ ᠹᠠᠨ ᠬᠤᠩ ᠴᠢᠶᠠᠩ᠂ ᠵᠧᠦ ᠰᠢᠤᠸᠠᠢ ᠯᠢᠶᠠᠩ᠂ ᠢᠦᠢ ᠷᠦᠢ ᠴᠢᠩ᠂ ᠭᠤᠤ ᠢᠦᠢ ᠫᠦ᠋᠂ ᠸᠠᠩ ᠰᠢᠤ ᠵᠢᠤᠸᠠᠨ᠂ ᠵᠤᠤ ᠲᠠᠢ ᠰᠢᠶᠠᠨ᠂ ᠵᠧᠦ ᠬᠠᠢ ᠹᠸᠢ᠂ ᠭᠤᠤ ᠮᠢᠩ ᠬᠤᠷᠠᠯ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠤᠸᠠᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号