ᠶᠢᠨ ᠶᠦᠩ ᠯᠢ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠦᠢᠯᠡᠳᠪᠦᠷᠢᠯᠡᠯ ᠡᠵᠡᠩᠨᠡᠯᠳᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/7
    4 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠦᠷᠢᠶᠡᠯᠡᠩ ᠲᠣᠭᠤᠷᠢᠭ ᠤᠨ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠦᠢᠯᠡᠳᠪᠦᠷᠢᠯᠡᠯ ᠡᠵᠡᠩᠨᠡᠯᠳᠡ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ ᠃      ᠶᠢᠨ ᠶᠦᠩ ᠯᠢ ᠨᠡᠷ ᠤᠷᠢᠳ ᠬᠤᠵᠢᠳ ᠥᠪᠥᠷ ᠮᠣᠩᠭᠤᠯ ᠤᠨ ᠰᠢᠨ ᠶᠤᠸᠠᠨ ᠴᠠᠬᠢᠭᠤᠷ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠮᠧᠢ ᠺᠧ ᠴᠠᠬᠢᠭᠤᠷ ᠤᠨ ᠡᠨᠧᠷᠭᠢ ᠶᠢᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠵᠤ᠂ ᠪᠣᠳᠠᠲᠠᠢ ᠰᠢᠢᠳᠪᠦᠷᠢᠯᠡᠬᠦ ᠠᠷᠭ᠎ᠠ ᠬᠡᠮᠵᠢᠶ᠎ᠡ  ᠶᠢ ᠲᠤᠬᠠᠢ ᠶᠢᠨ ᠭᠠᠵᠠᠷ ᠲᠤᠨᠢ ᠰᠤᠳᠤᠯᠪᠠ᠃      ᠶᠢᠨ ᠶᠦᠩ ᠯᠢ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠤᠨ ᠵᠠᠩᠭᠢᠯᠠᠭ᠎ᠠ ᠨᠢ ᠭᠤᠣᠯᠳᠠᠯᠭ᠎ᠠ ᠲᠠᠢ ᠲᠦᠷᠦᠯ ᠵᠦᠢᠯ ᠪᠣᠯᠤᠨ ᠠᠵᠤ ᠦᠢᠯᠡᠰ ᠤᠨ ᠬᠥᠭᠵᠢᠯᠲᠡ ᠳᠤ ᠪᠠᠶᠢᠨ᠎ᠠ᠃ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠴᠠᠭ ᠢᠮᠠᠭᠲᠠ ᠰᠡᠳᠬᠢᠯ ᠠᠮᠤᠷ ᠦᠬᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠢᠯᠡᠴᠢᠯᠡᠬᠦ ᠬᠡᠷᠡᠭᠲᠡᠶ᠃ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠴᠠᠭ ᠤᠨ ᠵᠠᠩᠭᠢᠯᠠᠭ᠎ᠠ ᠶᠢᠨ ᠴᠡᠭ ᠢ ᠨᠢᠬᠳᠠ ᠴᠢᠩᠭ᠎ᠠ ᠠᠩᠬᠠᠷᠴᠤ᠂ ᠲᠤᠰᠬᠠᠶ ᠠᠩᠭᠢ ᠪᠠᠶᠢᠭᠤᠯᠵᠤ ᠮᠥᠷᠳᠡᠨ ᠳᠠᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠨᠠᠷᠢᠨ ᠲᠠᠩᠰᠠ ᠶᠢᠨ ᠬᠡᠯᠪᠡᠷᠢ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠥᠷᠥᠯ ᠵᠦᠢᠯ ᠤᠨ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠭᠠᠵᠠᠷ ᠰᠢᠷᠦᠢ ᠬᠡᠷᠡᠭᠯᠡᠬᠦ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ︽ᠲᠠᠨ ᠳᠤ ᠬᠠᠨᠤᠮᠵᠢᠳᠠᠢ ᠪᠤᠭᠤᠳᠤ︾ ︽ᠲᠠ ᠰᠠᠨᠠᠭ᠎ᠠ ᠠᠮᠤᠷ ᠪᠠᠶᠢᠬᠤ ᠶᠢ ᠪᠠᠳᠤᠯᠠᠬᠤ︾ ᠲᠡᠷᠢᠭᠦᠨ ᠵᠡᠷᠬᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠨᠡᠮᠡᠭᠳᠡᠭᠦᠯᠵᠦ ᠬᠦᠢᠴᠡᠳ ᠦᠢᠯᠡᠳᠪᠦᠷᠢᠯᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠡᠯ᠎ᠡ ᠠᠵᠤ ᠠᠬᠤᠶᠢᠯᠠᠯ ᠣᠳᠣᠬᠠᠨ ᠤ ᠪᠠᠷᠢᠯᠭ᠎ᠠ ᠶᠢᠨ ᠠᠵᠢᠯ ᠬᠢᠬᠦ ᠠᠰᠢᠭᠲᠠᠶ ᠠᠵᠠ ᠲᠣᠬᠢᠶᠠᠯ ᠢ ᠠᠮᠵᠢᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ᠂ ᠴᠠᠭ ᠢ ᠠᠮᠵᠢᠨ ᠠᠬᠢᠴᠠ ᠶᠢ ᠲᠦᠷᠭᠡᠳᠬᠡᠵᠦ᠂ ᠲᠣᠭᠲᠠᠭᠰᠠᠨ ᠠᠵᠢᠯ ᠤᠨ ᠬᠠᠷᠠᠯᠲᠠ ᠪᠣᠯᠤᠨ ᠴᠠᠭ ᠤᠨ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠣᠰᠣᠭᠠᠷ᠂ ᠪᠠᠷᠢᠯᠭ᠎ᠠ ᠶᠢᠨ ᠡᠬᠦᠷᠬᠡ ᠶᠢ ᠪᠡᠶᠡᠯᠡᠬᠦᠯᠬᠦ ᠬᠦᠴᠦᠨ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠲᠣᠬᠢᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠲᠦᠷᠬᠡᠳᠬᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠂ ᠬᠥᠨᠳᠡᠯᠡᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠬᠡᠵᠤ ᠴᠢᠬᠤᠯᠠᠴᠢᠯᠠᠪᠠ᠃      ᠲᠤᠭᠤᠷᠢᠭ ᠤᠨ ᠤᠳᠤᠷᠢᠳᠤᠯᠭ᠎ᠠ ᠵᠧᠤ ᠬᠠᠶ ᠹᠧᠶ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号