ᠲᠢᠶᠠᠨ ᠬᠤᠩ ᠴᠧᠩ ᠪᠠᠶᠠᠷ ᠤᠨ ᠡᠳᠦᠷ ᠠᠴᠠ ᠡᠮᠦᠨ᠎ᠡ ᠢᠳᠡᠭᠡᠨ ᠤ ᠠᠮᠤᠷ ᠲᠦᠪᠰᠢᠨ᠂ ᠠᠶᠤᠯᠭᠦᠶ ᠦᠶᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/5/1
    ︽5·1︾ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 4 ᠰᠠᠷ᠎ᠠ ᠶᠢᠨ 27 ᠤ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂        ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠪᠠᠶᠠᠷ ᠤᠨ ᠡᠳᠦᠷ ᠠᠴᠠ ᠡᠮᠦᠨ᠎ᠡ ᠢᠳᠡᠭᠡᠨ ᠤ ᠠᠮᠤᠷ ᠲᠦᠪᠰᠢᠨ᠂ ᠠᠶᠤᠯᠬᠦᠢ ᠦᠶᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ᠃  
    ᠪᠤᠭᠤᠲᠤ ᠶᠢᠨ ᠭᠠᠯᠲᠤ ᠲᠡᠷᠭᠡᠨ ᠥᠷᠲᠡᠭᠡ ᠳᠤ᠂ ᠲᠢᠶᠠᠨ ᠬᠤᠩ ᠴᠧᠩ ᠲᠤᠨᠤᠭ ᠲᠦᠬᠦᠬᠡᠷᠦᠮᠵᠢ ᠶᠢ ᠲᠣᠬᠢᠷᠠᠭᠤᠯᠤᠨ ᠪᠠᠲᠤᠯᠠᠵᠤ ᠪᠠᠶᠢᠬᠤ᠂ ᠵᠢᠵᠢᠭᠦᠷᠯᠡᠨ ᠰᠠᠬᠢᠬᠤ ᠶᠢ ᠨᠠᠶᠢᠳᠠᠪᠤᠷᠢᠵᠢᠭᠤᠯᠵᠤ ᠪᠠᠶᠢᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠠᠷᠢᠭᠤᠳᠬᠠᠵᠤ ᠪᠠᠶᠢᠬᠤ ᠵᠡᠷᠭᠡ ᠠᠵᠢᠯ ᠢ ᠨᠠᠷᠢᠨ ᠬᠢᠨᠠᠮᠠᠭᠠᠶ ᠪᠠᠶᠢᠴᠠᠭᠠᠪᠠ᠂    ᠲᠡᠷᠡ᠂ ᠣᠳᠣᠬᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠂ ᠭᠡᠪᠡᠴᠦ ᠡᠯ᠎ᠡ ᠭᠠᠵᠠᠷ ᠤᠨ ᠬᠢᠵᠢᠭ ᠤᠨ ᠪᠠᠶᠢᠳᠠᠯ ᠬᠡᠰᠡᠭ ᠭᠠᠵᠠᠷ ᠲᠤ ᠠᠳᠡ ᠲᠡᠨᠳᠡ ᠲᠠᠷᠠᠬᠠᠢ ᠪᠤᠳᠠᠷᠬᠠᠢ ᠪᠠᠷ ᠬᠠᠯᠳᠠᠪᠤᠷᠢᠯᠠᠨ ᠳᠡᠯᠭᠡᠷᠡᠬᠦ ᠪᠠᠶᠢᠳᠠᠯ ᠣᠷᠣᠰᠢᠵᠤ ᠪᠤᠢ᠂ ᠠᠮᠠᠷᠠᠯᠲᠠ ᠶᠢᠨ ᠬᠤᠭᠤᠴᠠᠭᠠᠨ ᠳᠤ ᠬᠥᠮᠦᠰ ᠤᠨ ᠨᠠᠭᠠᠰᠢ ᠴᠠᠭᠠᠰᠢ ᠶᠠᠪᠤᠬᠤ ᠣᠯᠠᠰᠢᠷᠠᠵᠤ᠂ ᠤᠯᠠᠨ ᠬᠦᠮᠦᠰ ᠨᠢᠬᠡ ᠲᠤᠤᠷ᠎ᠠ ᠴᠤᠬᠯᠠᠷᠬᠤ ᠠᠵᠢᠯᠯᠠᠭ᠎ᠠ ᠨᠡᠮᠡᠭᠳᠡᠬᠦ ᠪᠤᠯᠤᠨ᠎ᠠ᠂ ᠭᠤᠤᠯᠳᠠᠯᠭ᠎ᠠ ᠲᠠᠢ ᠪᠠᠶᠢᠭᠤᠯᠤᠮᠵᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠠᠮᠤᠷ ᠲᠦᠪᠰᠢᠨ ᠪᠠᠶᠢᠬᠤ᠂ ᠡᠷᠡᠭᠦᠯ ᠡᠩᠬᠡ ᠪᠥᠭᠡᠳ ᠬᠦᠷ ᠬᠦᠭᠵᠢᠶᠠᠨ ᠲᠠᠢ ᠪᠠᠷ ᠪᠠᠶᠠᠷ ᠳᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠳᠤ ᠲᠥᠬᠦᠮ ᠦᠵᠡᠭᠦᠯᠬᠦ ᠬᠡᠷᠡᠭᠲᠡᠶ᠃ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠰᠢᠨ᠎ᠡ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠶᠠᠨᠴᠢᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃     ᠬᠤᠶ ᠲᠦᠩ ᠬᠡᠶ ᠨᠡᠮᠡᠬᠦ ᠥᠷᠲᠡᠭᠡ ᠳᠤ᠂ ᠲᠢᠶᠠᠨ ᠬᠤᠩ ᠴᠧᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠶ ᠶᠠᠷᠢᠯᠴᠠᠵᠤ᠂ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠤᠨ ᠪᠠᠶᠢᠭᠤᠯᠤᠯᠲᠠ᠂ ᠬᠡᠮ ᠰᠤᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠪᠠ ᠠᠮᠤᠷ ᠲᠦᠪᠰᠢᠨ ᠢ ᠰᠡᠷᠭᠡᠶᠢᠯᠡᠨ ᠠᠷᠭᠠᠴᠠᠭᠠᠬᠤ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠮᠤᠷ ᠲᠦᠪᠰᠢᠨ ᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠠᠮᠤᠷ ᠲᠦᠪᠰᠢᠨ ᠤ ᠲᠤᠰᠢᠶᠠᠯ ᠬᠠᠷᠢᠭᠤᠴᠠᠯᠭ᠎ᠠ ᠪᠣᠯᠤᠨ ᠲᠦᠷᠢᠮ ᠲᠣᠭᠲᠠᠭᠠᠯ ᠢ ᠨᠠᠷᠢᠨ ᠬᠢᠨᠠᠮᠠᠭᠠᠢ ᠭᠦᠢᠴᠡᠳᠬᠡᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠨ ᠴᠢᠩᠭᠠᠳᠬᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠬᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠬᠡᠵᠤ ᠴᠢᠬᠤᠯᠠᠴᠢᠯᠠᠪᠠ᠃    ︽ᠬᠠᠮᠢᠭ᠎ᠠ ᠠᠴᠠ ᠪᠠᠷᠠᠭ᠎ᠠ ᠤᠷᠤᠭᠤᠯᠵᠤ ᠪᠠᠶᠢᠬᠤ ᠪᠤᠢ︖ ᠵᠢᠩ ᠳᠡᠭᠡᠨ ᠬᠡᠳᠦᠶ ᠵᠤᠭᠤᠰ ᠪᠤᠢ︖     ᠤᠶᠢᠷ᠎ᠠ ᠶᠢᠨ ᠬᠤᠭᠤᠴᠠᠭᠠᠨ ᠳᠤ ᠦᠨ᠎ᠡ ᠬᠠᠩᠰᠢ ᠬᠤᠪᠢᠷᠠᠯᠳᠠ ᠲᠠᠢ ᠦᠦ︖  ︾  ᠪᠤᠭᠤᠳᠤ ᠶᠢᠨ ᠪᠦᠷᠢᠨ ᠪᠠᠷᠠᠭᠠᠳᠤ ᠲᠤᠮᠤ ᠠᠰᠠᠷ ᠤᠨ ᠬᠠᠮ ᠳᠡᠯᠭᠡᠭᠦᠷ ︵ᠾᠧ ᠫᠢᠩ ᠳᠡᠯᠭᠡᠭᠦᠷ︶ ᠪᠣᠯᠤᠨ ᠨᠥᠬᠦᠷᠯᠡᠯ ᠢᠳᠡᠰᠢᠨ ᠨᠣᠭᠤᠭ᠎ᠠ  ᠶᠢ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠲᠤ᠂ ᠲᠢᠶᠠᠨ ᠬᠤᠩ ᠴᠧᠩ ᠲᠤᠭᠤᠷᠢᠨ ᠦᠵᠡᠵᠤ᠂ ᠤᠯᠠᠨ ᠤ ᠶᠠᠷᠢᠬᠤ ᠶᠢ ᠰᠤᠨᠤᠰᠬᠤ ᠶᠢᠨ ᠲᠠᠭᠠᠤ ᠠᠰᠠᠭᠤᠵᠤ ᠪᠠᠶᠢᠯ᠎ᠠ᠃ ᠲᠡᠷᠡ᠂ ᠪᠠᠶᠠᠷ ᠤᠨ ᠡᠳᠦᠷ ᠤᠨ ᠬᠤᠭᠤᠴᠠᠭᠠᠨ ᠳᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ᠂ ᠢᠳᠡᠭᠡᠨ ᠤ ᠠᠮᠤᠷ ᠲᠦᠪᠰᠢᠨ ᠢ ᠪᠦᠬᠦ ᠬᠦᠴᠦ ᠪᠠᠷ ᠢᠶᠠᠨ ᠪᠠᠲᠤᠯᠠᠵᠤ᠂ ᠠᠷᠠᠳ ᠤᠯᠠᠨ ᠤ ︽ᠬᠤᠯᠢᠰᠢᠨ ᠢᠳᠡᠭᠡᠨ︾ ᠪᠣᠯᠤᠨ ︽ᠠᠮᠤ ᠪᠤᠳᠠᠭ᠎ᠠ︾ ᠶᠢᠨ ᠬᠡᠷᠡᠭᠴᠡᠭᠡ ᠶᠢ ᠦᠨᠡᠨ ᠬᠦ ᠬᠠᠩᠭᠠᠬᠤ ᠬᠡᠷᠡᠭᠲᠡᠢ᠃ ᠨᠡᠩ ᠠᠮᠤᠷ ᠲᠦᠪᠰᠢᠨ᠂ ᠨᠡᠩ ᠰᠠᠨᠠᠭ᠎ᠠ ᠠᠮᠤᠷ ᠪᠠᠶᠢᠬᠤ ᠢᠳᠡᠭᠡᠨ ᠤ ᠬᠡᠷᠡᠭᠯᠡᠭᠡ ᠶᠢᠨ ᠣᠷᠴᠢᠨ ᠲᠣᠭᠤᠷᠢᠨ ᠢ ᠬᠠᠮᠲᠤ ᠪᠠᠷ ᠪᠤᠢ ᠪᠣᠯᠭᠠᠵᠤ᠂ ᠠᠷᠠᠳ ᠤᠯᠠᠨ ᠤ ︽ᠢᠳᠡᠭᠡᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠪᠤᠭᠤᠲᠤ ᠶᠢᠨ ᠴᠡᠩᠬᠡᠯ ᠤᠨ ᠬᠦᠷᠢᠶᠡᠯᠡᠩ ᠳᠤ᠂ ᠲᠢᠶᠠᠨ ᠬᠤᠩ ᠴᠧᠩ ᠵᠤᠭ᠎ᠠ ᠴᠡᠩᠭᠡᠯ ᠤᠨ ᠲᠠᠯᠠᠪᠤᠷ    ᠭᠠᠵᠠᠷ   ᠤᠨ ᠪᠠᠶᠠᠷ ᠤᠨ ᠡᠳᠦᠷ ᠤᠨ ᠡᠵᠡᠩᠨᠡᠯᠲᠡ ᠪᠣᠯᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠨ ᠠᠰᠠᠭᠤᠪᠠ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠡᠯ᠎ᠡ ᠲᠦᠷᠦᠯ ᠤᠨ ᠲᠤᠨᠤᠭ ᠲᠥᠬᠦᠭᠡᠷᠦᠮᠵᠢ ᠶᠢ ᠤᠷᠢᠳᠴᠢᠯᠠᠨ ᠨᠠᠷᠢᠨ ᠪᠠᠶᠢᠴᠠᠭᠠᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠰᠢᠢᠳᠪᠦᠷᠢᠯᠡᠨ ᠠᠷᠢᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠡᠯᠡᠳᠬᠡᠯ ᠲᠥᠰᠦᠯ ᠵᠡᠷᠭᠡ ᠠᠵᠢᠯ ᠢ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠠᠮᠤᠷ ᠲᠦᠪᠰᠢᠨ ᠲᠣᠭᠲᠠᠭᠤᠨ᠂ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠤ ᠱᠠᠭᠠᠷᠳᠠᠪᠠ᠃     ᠬᠤᠯᠪᠤᠬᠳᠠᠯ ᠪᠦᠬᠦᠢ ᠰᠠᠯᠠᠭ᠎ᠠ ᠮᠥᠴᠢᠷ ᠨᠢᠬᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃ ︵ᠰᠤᠷᠪᠤᠯᠵᠢᠯᠠᠭᠴᠢ᠄ ᠶᠠᠨ ᠢ ᠫᠸᠢ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号