ᠨᠢᠭᠡ ᠳᠤ᠂ ᠦᠶᠯᠡᠴᠢᠯᠡᠭᠡ ᠶᠢ ᠲᠦᠪᠯᠡᠷᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠶᠯᠡᠴᠢᠯᠡᠭᠡᠨ ᠤ | ᠦᠷ᠎ᠡ ᠪᠦᠲᠦᠮᠵᠢ ᠶᠢ ᠳᠡᠭᠡᠭᠰᠢᠯᠡᠭᠦᠯᠪᠠ᠃ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ | ᠶᠡᠷᠦᠩᠬᠡᠶᠢᠯᠡᠭᠰᠡᠨ ᠳᠡᠩᠰᠡᠯᠡᠨ ᠲᠡᠮᠳᠡᠭᠯᠡᠬᠦ ᠲᠠᠪᠴᠠᠩ ᠪᠠ ᠠᠬᠤᠢ ᠲᠠᠯᠠᠪᠠᠢ ᠶᠢᠨ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠢᠩᠬᠢᠮ ᠤᠨ ︽ᠨᠢᠭᠡ ᠴᠣᠩᠬᠤᠪᠴᠢ ᠪᠠᠷ ᠨᠡᠶᠢᠳᠡᠮ ᠭᠦᠶᠴᠡᠳᠬᠡᠬᠦ︾ ᠶᠡᠷᠦᠩᠬᠡᠶᠢᠯᠡᠭᠰᠡᠨ | ᠳᠡᠩᠰᠡᠯᠡᠨ ᠲᠡᠮᠳᠡᠭᠯᠡᠬᠦ ᠴᠣᠩᠬᠤᠪᠴᠢ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠡᠭᠡᠭᠡᠨ | ᠡᠷᠭᠢᠯᠡᠬᠦ ᠪᠠ ᠬᠦᠴᠦᠨ ᠦᠬᠡᠢ ᠪᠤᠯᠭᠠᠬᠤ ᠵᠡᠷᠬᠡ ᠶᠠᠪᠤᠳᠠᠯ ᠳᠤ ︽ᠨᠢᠭᠡ ᠡᠭᠦᠳᠡ ᠪᠠᠷ ᠣᠷᠣᠵᠤ ᠭᠠᠷᠬᠤ᠂ ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠨᠢᠭᠡ ᠢᠵᠢ ᠮᠠᠲ᠋ᠧᠷᠢᠶᠠᠯ᠂ ᠨᠢᠭᠡ ᠰᠦᠯᠵᠢᠶ᠎ᠡ ᠪᠠᠷ ᠨᠡᠶᠢᠳᠡᠮ | ᠭᠦᠶᠴᠡᠳᠬᠡᠬᠦ᠂ ᠨᠢᠭᠡ ᠡᠳᠦᠷ ᠲᠤ ᠭᠦᠶᠴᠡᠳᠬᠡᠵᠦ ᠳᠠᠭᠤᠰᠬᠠᠬᠤ︾ ᠶᠢ ᠬᠡᠷᠡᠭᠵᠢᠭᠦᠯᠪᠠ᠃ ᠲᠦᠷᠦᠬᠦᠦ ᠤᠯᠠᠷᠢᠯ ᠳᠤ᠂ | ᠨᠡᠶᠢᠲᠡ 4947 ᠬᠤᠳᠠᠯᠳᠤᠭᠠᠨ ᠤ ᠤᠴᠢᠷ ᠶᠠᠪᠤᠳᠠᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ | ᠭᠦᠶᠴᠡᠳᠬᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 20.7% ᠪᠠᠷ ᠨᠡᠮᠡᠭᠳᠡᠪᠡ᠂ ᠡᠭᠦᠨ ᠳᠤ | ᠬᠤᠪᠢ ᠡᠷᠦᠬᠡ ᠶᠢᠨ ᠤᠴᠢᠷ ᠶᠠᠪᠤᠳᠠᠯ ᠨᠡᠶᠢᠲᠡ 2495 ᠬᠤᠪᠢ ᠶᠢ ᠭᠦᠶᠴᠡᠳᠬᠡᠵᠦ᠂ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 15.2% ᠢᠶᠠᠷ ᠨᠡᠮᠡᠭᠳᠡᠪᠡ᠂ ᠠᠵᠤ ᠠᠬᠤᠶᠢᠯᠠᠯ ᠤᠨ ᠬᠦᠢᠴᠡᠳᠭᠡᠭᠰᠡᠨ ᠨᠢ ᠨᠡᠶᠢᠲᠡ | 2054 ᠬᠤᠪᠢ ᠪᠠᠶᠢᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ︔ | ᠬᠤᠶᠠᠷ ᠲᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯ ᠶᠠᠪᠤᠳᠠᠯ ᠭᠦᠶᠴᠡᠳᠬᠡᠬᠦ ᠥᠪᠡᠷ ᠤᠨ ᠥᠷᠲᠡᠭ ᠢ ᠪᠠᠭᠤᠷᠠᠭᠤᠯᠪᠠ᠃ ᠪᠥᠬᠦ ᠲᠤᠭᠤᠷᠢᠭ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠨᠡᠶᠢᠲᠡ 1250 ᠵᠦᠶᠯ ᠨᠡᠶᠢᠲᠡᠯᠡᠵᠦ᠂ ᠬᠡᠳᠦᠷᠡᠬᠦ ᠳᠡᠭᠡᠨ | ᠨᠢᠬᠡ ᠤᠳᠠᠭ᠎ᠠ ᠬᠦᠶᠦᠯᠬᠡᠬᠦ ᠵᠦᠶᠯᠡᠰ ᠤᠨ ᠬᠠᠷᠢᠴᠠᠯ 100% ᠳᠤ ᠬᠦᠷᠴᠡᠶ᠂ ᠡᠨᠡ ᠵᠢᠯ ᠠᠴᠠ ᠨᠠᠭᠠᠰᠢ᠂ ᠨᠢᠭᠡᠨᠲᠡ | ᠪᠥᠬᠦ ᠶᠠᠪᠤᠴᠠ ᠶᠢ ᠡᠯᠧᠺᠲᠷᠣᠨᠵᠢᠭᠦᠯᠬᠦ ᠬᠡᠯᠪᠡᠷᠢ ᠪᠠᠷ ᠳᠠᠮᠵᠢᠭᠤᠯᠤᠨ 2445 ᠡᠷᠦᠬᠡ ᠶᠢᠨ ᠡᠵᠡᠩᠨᠡᠯᠲᠡ ᠶᠢᠨ | ᠦᠨᠡᠮᠯᠡᠯ ᠢ ᠬᠢᠨᠠᠨ ᠵᠥᠪᠰᠢᠶᠡᠷᠡᠪᠡ᠃ ᠭᠤᠷᠪᠠ ᠳᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠪᠠᠨ ᠪᠠᠶᠠᠯᠢᠭᠵᠢᠭᠤᠯᠪᠠ᠃ | ᠠᠵᠢᠯᠯᠠᠬᠤ ᠡᠳᠦᠷ ᠤᠨ ᠪᠤᠰᠤ ᠴᠠᠭ ᠤᠨ ᠴᠣᠩᠬᠤᠪᠴᠢ ᠶᠢᠨ ᠦᠶᠯᠡᠴᠢᠯᠡᠭᠡ ᠶᠢ ᠤᠷᠲᠤᠳᠬᠠᠵᠤ᠂ ︽ᠴᠠᠭ ᠢ | ᠤᠷᠲᠤᠳᠬᠠᠭᠰᠠᠨ ᠦᠶᠯᠡᠴᠢᠯᠡᠭᠡ︾ ︽ᠰᠠᠭᠠᠳ ᠥᠬᠡᠶ ᠨᠡᠪᠲᠡᠷᠡᠬᠦ ᠵᠠᠮ ᠰᠤᠪᠠᠭ︾ ᠵᠡᠷᠭᠡ ᠰᠢᠨ᠎ᠡ ᠶᠢ ᠡᠭᠦᠳᠦᠭᠰᠡᠨ | ᠦᠶᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠬᠦᠯᠵᠤ᠂ ᠦᠶᠯᠡᠳᠪᠦᠷᠢ ᠬᠤᠳᠠᠯᠳᠤᠭᠠᠨ ᠤ ᠪᠠᠩᠬᠢ᠂ ᠬᠥᠳᠡᠭᠡ | ᠲᠣᠰᠬᠤᠨ ᠤ ᠬᠤᠳᠠᠯᠳᠤᠭᠠᠨ ᠤ ᠪᠠᠩᠬᠢ ᠵᠡᠷᠭᠡ 8 ᠪᠠᠩᠬᠢ ᠶᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ | ᠳᠠᠩᠰᠠᠯᠠᠭᠤᠯᠬᠤ ᠳᠤ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠪᠡ︔ ᠵᠦᠪᠯᠡᠯᠬᠡ ᠦᠭᠴᠦ ᠬᠥᠲᠥᠯᠥᠨ | ᠵᠢᠯᠣᠭᠤᠳᠬᠤ ᠶᠢ ᠴᠢᠬᠤᠯᠠᠴᠢᠯᠠᠵᠤ᠂ ᠠᠵᠤ ᠠᠬᠤᠶᠢᠯᠠᠯ ᠡᠷᠭᠢᠯᠡᠨ ᠪᠠᠶᠢᠭᠤᠯᠬᠤ᠂ ᠢᠳᠡᠭᠡᠨ ᠤ ᠵᠦᠢᠯ ᠤᠨ ᠡᠵᠡᠩᠨᠡᠯᠲᠡ | ᠵᠡᠷᠭᠡ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠤᠨ ᠲᠠᠯ᠎ᠠ ᠪᠠᠷ ᠠᠰᠠᠭᠤᠨ ᠯᠠᠪᠯᠠᠬᠤ ᠴᠣᠩᠬᠤᠪᠴᠢ᠂ | ᠠᠰᠠᠭᠤᠨ ᠯᠠᠪᠯᠠᠬᠤ ᠤᠳᠠᠰᠤ ᠲᠤᠬᠢᠷᠠᠭᠤᠯᠵᠤ᠂ ᠲᠤᠬᠠᠶ ᠶᠢᠨ ᠲᠠᠯᠠᠪᠠᠶ ᠳᠤ ᠢᠷᠡᠭᠰᠡᠨ ᠪᠠ ᠬᠠᠯᠠᠮᠰᠢᠯ ᠤᠲᠠᠰᠤ ᠪᠠᠷ | ᠠᠰᠠᠭᠤᠨ ᠯᠠᠪᠯᠠᠬᠤ ᠣᠯᠠᠨ ᠲᠦᠮᠡᠨ ᠤ ᠠᠰᠠᠭᠤᠯᠳᠠ ᠳᠤ ᠬᠠᠷᠢᠭᠤᠯᠲᠠ ᠦᠭᠴᠡᠢ᠃ ︵ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠣᠪᠴᠢᠶ᠎ᠠ︶ |