︽ᠰᠢᠨᠵᠢᠯᠡᠬᠦ ᠤᠬᠠᠭᠠᠨ ᠤ ᠮᠡᠳᠡᠯᠬᠡ ᠶᠢ ᠲᠦᠭᠡᠮᠡᠯᠵᠢᠭᠦᠯᠬᠦ ᠦᠷ᠎ᠡ︾ ᠶᠢ ᠳᠠᠷᠢᠵᠤ ᠠᠮᠤᠷ ᠲᠦᠪᠰᠢᠨ ᠤ ᠴᠡᠴᠡᠭᠡᠰ ᠢ ᠳᠡᠯᠭᠡᠷᠡᠭᠦᠯᠦᠨ᠎ᠡ
ᠨᠡᠶᠢᠲᠡᠯᠡᠭᠰᠡᠨ ᠴᠠᠭ᠄
2023/5/11
    ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 6 ᠤ ᠦᠳᠡ ᠶᠢᠨ ᠬᠤᠶᠢᠨ᠎ᠠ᠂ ᠬᠥᠨᠳᠡᠯᠡᠨ ᠲᠣᠭᠤᠷᠢᠭ ᠤᠨ 2023 ᠣᠨ ᠤ ᠰᠤᠷᠭᠠᠭᠤᠯᠢ ᠶᠢᠨ ᠬᠦᠷᠢᠶᠡᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠬᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠪᠤᠭᠤᠳᠤ ᠶᠢᠨ ᠪᠤᠯᠤᠳ ᠲᠡᠮᠦᠷ ᠤᠨ ᠨᠢᠬᠡᠳᠦᠬᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃
     ᠲᠣᠰ ᠤᠳᠠᠭᠠᠨ ᠤ ᠠᠵᠢᠯᠯᠠᠭ᠎ᠠ ᠳᠤ ᠭᠠᠵᠠᠷ ᠬᠥᠳᠡᠯᠦᠯᠲᠡ ᠳᠤ ᠬᠦᠮᠦᠰ ᠢ ᠵᠠᠶᠢᠯᠠᠭᠤᠯᠤᠨ ᠲᠠᠷᠬᠠᠭᠠᠬᠤ ᠰᠣᠷᠢᠯᠲᠠ᠂ ᠤᠷ᠎ᠠ ᠴᠢᠳᠠᠪᠤᠷᠢ ᠶᠢᠨ ᠦᠵᠡᠭᠦᠯᠭᠡ᠂ ᠬᠠᠷᠢᠯᠴᠠᠨ ᠰᠡᠳᠦᠪ ᠬᠠᠷᠢᠭᠤᠯᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ ᠮᠡᠳᠡᠯᠬᠡ ᠶᠢ ᠲᠦᠭᠡᠮᠡᠯᠵᠢᠭᠦᠯᠬᠦ ᠰᠠᠮᠪᠠᠷ᠎ᠠ ᠶᠢᠨ ᠳᠡᠯᠭᠡᠨ ᠦᠵᠡᠭᠦᠯᠭᠡ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠡᠳ᠋ ᠪᠤᠳᠠᠰ ᠢ ᠲᠠᠷᠬᠠᠭᠠᠬᠤ ᠵᠡᠷᠭᠡ ᠠᠭᠤᠯᠭ᠎ᠠ ᠪᠠᠭᠲᠠᠨ᠎ᠠ᠃
     ᠭᠠᠵᠠᠷ ᠬᠥᠳᠡᠯᠦᠯᠲᠡ ᠡᠬᠦᠰᠦᠭᠰᠡᠨ ᠤ ᠲᠠᠷᠠᠭ᠎ᠠ ᠬᠦᠮᠦᠰ ᠢ ᠵᠠᠶᠢᠯᠠᠭᠤᠯᠤᠨ ᠲᠠᠷᠬᠠᠭᠠᠬᠤ ᠰᠣᠷᠢᠯᠲᠠ ᠶᠢᠨ ᠳᠤᠮᠳᠠ᠂ ᠰᠡᠷᠡᠮᠵᠢ ᠶᠢᠨ ᠳᠣᠬᠢᠶ᠎ᠠ ᠳᠤᠤᠷᠭᠠᠬᠤ ᠲᠠᠢ ᠵᠡᠷᠬᠡ᠂ ᠬᠢᠴᠢᠶᠡᠯ ᠣᠷᠣᠵᠤ ᠪᠠᠶᠢᠬᠰᠠᠨ ᠪᠠᠭᠰᠢ ᠲᠡᠷᠡ ᠳᠠᠷᠤᠶ ᠳᠤᠨᠢ ᠰᠤᠷᠤᠭᠴᠢᠳ ᠢᠶᠠᠨ ᠵᠣᠬᠢᠶᠠᠨ ᠪᠠᠶᠢᠭᠤᠯᠤᠨ᠂ ᠬᠢᠴᠢᠶᠡᠯ ᠤᠨ ᠬᠡᠷ ᠲᠡᠭᠡᠨ ᠲᠤᠬᠠᠶ ᠶᠢᠨ ᠭᠠᠵᠠᠷ ᠲᠤᠨᠢ ᠠᠶᠤᠯ ᠠᠴᠠ ᠵᠠᠶᠢᠯᠠᠵᠤ᠂ ᠲᠣᠯᠣᠭᠠᠶ ᠬᠦᠵᠦᠭᠦᠦ ᠪᠠᠨ ᠰᠠᠶᠢᠲᠤᠷ ᠬᠠᠮᠠᠭᠠᠯᠠᠬᠤ ᠶᠢᠨ ᠬᠠᠮᠲᠤ ᠰᠤᠷᠤᠭᠴᠢᠳ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ ᠠᠮᠤᠷ ᠲᠦᠪᠰᠢᠨ ᠢᠶᠠᠷ ᠲᠠᠷᠬᠠᠭᠠᠵᠤ ᠲᠠᠮᠢᠷ ᠤᠨ ᠲᠠᠯᠠᠪᠤᠷ ᠵᠦᠭ  ᠶᠠᠪᠤᠵᠤ ᠲᠡᠨᠳᠡ ᠴᠤᠭᠯᠠᠷᠠᠭᠤᠯᠪᠠ᠃ ᠪᠦᠬᠦ᠋ᠢᠯᠡ ᠰᠣᠷᠢᠯᠲᠠ ᠶᠢᠨ ᠶᠠᠪᠤᠴᠠ ᠨᠢ ᠨᠢᠭᠲᠠ ᠴᠢᠩᠭ᠎ᠠ᠂ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ ᠲᠤᠯᠭᠠᠷᠠᠬᠰᠠᠨ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠵᠢᠱᠢᠭᠰᠡᠨ ᠦᠷ᠎ᠡ ᠪᠦᠲᠦᠮᠵᠢ ᠶᠢ ᠣᠯᠤᠭᠰᠠᠨ ᠪᠠᠶᠢᠨ᠎ᠠ᠃
     ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠭᠤᠭᠴᠤᠭ᠎ᠠ ᠳᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠲᠠᠳ ᠬᠡᠷᠬᠢᠨ ᠭᠠᠯ ᠤᠨᠲᠠᠷᠠᠭᠠᠭᠤᠷ ᠢ ᠬᠡᠷᠡᠭᠯᠡᠵᠦ ᠡᠬᠢᠯᠡᠨ ᠨᠤᠴᠤᠵᠤ ᠪᠠᠶᠢᠭ᠎ᠠ ᠭᠠᠯ ᠢ ᠤᠨᠲᠠᠷᠠᠭᠠᠬᠤ ᠲᠤᠬᠠᠶ ᠲᠠᠶᠢᠯᠪᠤᠷᠢᠯᠠᠨ    ᠦᠵᠡᠭᠦᠯᠵᠦ᠂ ᠰᠣᠨᠢᠷᠬᠠᠯᠲᠠᠶ ᠰᠡᠳᠦᠪ ᠬᠠᠷᠢᠭᠤᠯᠬᠤ ᠵᠡᠷᠭᠡ ᠬᠡᠯᠪᠡᠷᠢ ᠪᠠᠷ ᠲᠤᠬᠠᠶ ᠶᠢᠨ ᠲᠠᠯᠠᠪᠠᠶ ᠶᠢᠨ ᠪᠠᠭᠰᠢ ᠰᠤᠷᠤᠭᠴᠢᠳ ᠲᠠᠢ ᠬᠦᠳᠡᠯᠦᠯᠴᠡᠭᠰᠡᠨ ᠪᠥᠭᠡᠳ ᠣᠯᠠᠨ ᠳᠤ ︽ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠠᠴᠠ ᠵᠠᠶᠢᠯᠠᠬᠤ ᠵᠢᠵᠢᠭ ᠮᠡᠳᠡᠯᠭᠡ︾ ᠵᠡᠷᠭᠡ ᠡᠯ᠎ᠡ ᠲᠥᠷᠥᠯ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷ ᠠᠪᠤᠯᠭ᠎ᠠ ᠶᠢ ᠲᠠᠷᠬᠠᠭᠠᠪᠠ᠃
   ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠡᠯ᠎ᠡ ᠵᠦᠶᠯ ᠤᠨ ᠭᠠᠶ ᠭᠠᠮᠰᠢᠭ ᠢ ᠰᠡᠷᠭᠡᠶᠢᠯᠡᠨ ᠠᠷᠭᠠᠴᠠᠭᠠᠬᠤ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠪᠠᠭᠰᠢ ᠰᠤᠷᠤᠭᠴᠢᠳ ᠢ ᠰᠤᠷᠭᠠᠨ ᠬᠥᠮᠦᠵᠢᠭᠦᠯᠵᠦ᠂ ᠬᠡᠷ ᠪᠦᠯᠢ ᠶᠢ ᠳᠠᠶᠢᠴᠢᠯᠠᠨ᠂ ᠨᠡᠶᠢᠭᠡᠮ ᠢ ᠨᠥᠯᠥᠭᠡᠯᠡᠬᠦ︾ ᠰᠠᠶᠢᠨ ᠰᠠᠶᠢᠬᠠᠨ ᠦᠷ᠎ᠡ ᠪᠦᠲᠦᠮᠵᠢ ᠣᠯᠵᠠᠶ᠃
   ᠲᠠᠷᠠᠭᠠᠴᠢ ᠶᠢᠨ ᠠᠯᠬᠤᠮ ᠳᠤ᠂ ᠬᠥᠨᠳᠡᠯᠡᠨ ᠲᠣᠭᠤᠷᠢᠭ  ︽5 ·12︾ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠷᠠᠭ ᠤᠨ ᠠᠵᠢᠯᠯᠠᠭ᠎ᠠ ᠲᠤᠮᠳᠠ᠂ ︽ᠠᠵᠤ ᠠᠬᠤᠶᠢᠯᠠᠯ ᠳᠤ ᠤᠷᠤᠬᠤ᠂ ᠬᠥᠳᠡᠭᠡ ᠲᠣᠰᠬᠤᠨ ᠳᠤ ᠤᠷᠤᠬᠤ᠂ ᠨᠡᠶᠢᠭᠡᠮ ᠲᠣᠭᠤᠷᠢᠭ ᠲᠤ ᠤᠷᠤᠬᠤ᠂ ᠰᠤᠷᠭᠠᠭᠤᠯᠢ ᠳᠤ ᠤᠷᠤᠬᠤ᠂ ᠬᠡᠷ ᠪᠦᠯᠢ ᠳᠤ ᠣᠷᠣᠬᠤ︾  ᠵᠡᠷᠬᠡ ᠲᠠᠪᠤ ᠳᠤ ᠤᠷᠤᠬᠤ ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ ᠮᠡᠳᠡᠬᠦ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠣᠷᠣᠯᠴᠠᠭᠰᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠭᠰᠠᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠨ᠎ᠠ᠃ ︵ᠢᠷᠡᠯᠲᠡ᠄  ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号