ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/5/12
ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ            ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠲᠠᠷᠬᠠᠭᠠᠪᠠ                            〔2023〕7 ᠳ᠋ᠤᠭᠠᠷ ᠲᠣᠭᠠᠲᠤ ᠲᠣᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ᠂ ᠡᠯ᠎ᠡ ᠠᠷᠠᠳ ᠤᠨ ᠪᠦᠯᠬᠦᠮ᠂ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ᠄      ︽ᠲᠠᠪᠤᠳᠤᠭᠠᠷ ᠤᠳᠠᠭ᠎ᠠ ᠶᠢᠨ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠪᠠᠨ ᠬᠡᠷ ᠤᠨ ᠦᠰᠦᠭᠳᠤ〔2023〕16 ᠳ᠋ᠤᠭᠠᠷ ᠲᠣᠭᠠᠲᠤ︶   ᠤᠨ ᠪᠢᠴᠢᠭ ᠮᠠᠲ᠋ᠧᠷᠢᠶᠠᠯ ᠪᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠬᠥᠨᠳᠡᠯᠡᠨ ᠲᠣᠭᠤᠷᠢᠭ ᠢ ᠰᠣᠩᠭᠤᠨ ᠲᠠᠪᠤᠳᠤᠭᠠᠷ ᠤᠳᠠᠭ᠎ᠠ ᠶᠢᠨ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠪᠠᠷ ᠪᠤᠯᠪᠠ᠂ ᠲᠣᠰ ᠤᠳᠠᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠦᠨᠡᠨᠬᠦ ᠰᠠᠶᠢᠲᠤᠷ ᠬᠢᠬᠦ ᠶᠢᠨ    ᠲᠦᠯᠦᠬᠡ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠤᠤᠷᠠᠬᠢ ᠮᠡᠲᠦ ᠮᠡᠳᠡᠭᠳᠡᠶ᠎ᠡ᠄        ᠨᠢᠭᠡ᠂ ᠲᠤᠷᠰᠢᠯᠳᠠ ᠶᠢᠨ ᠴᠡᠭ ᠤᠨ ᠴᠠᠭ ᠬᠤᠭᠤᠴᠠᠭ᠎ᠠ᠄ ᠲᠤᠷᠰᠢᠯᠳᠠ ᠶᠢᠨ ᠴᠡᠭ ᠤᠨ ᠠᠵᠢᠯ 3 — 5 ᠰᠠᠷ᠎ᠠ  ᠪᠤᠯᠳᠠᠯ᠎ᠠ ᠶᠠᠪᠤᠬᠳᠠᠨ᠎ᠠ᠂ ᠲᠤᠷᠰᠢᠯᠳᠠ ᠶᠢᠨ ᠴᠡᠭ ᠤᠨ ᠲᠠᠩᠰᠠᠯᠠᠭᠤᠯᠬᠤ ᠴᠠᠭ 2022 ᠤᠨ ᠤ 12 ᠰᠠᠷ᠎ᠠ  ᠶᠢᠨ 31 ᠤ ᠡᠳᠦᠷ᠂ ᠴᠠᠭ ᠬᠤᠭᠤᠴᠠᠭᠠᠨ ᠤ ᠬᠦᠢᠴᠡᠳᠬᠡᠯ ᠲᠤᠭ᠎ᠠ ᠶᠢ ᠲᠠᠬᠯᠠᠵᠤ ᠮᠡᠳᠡᠬᠦᠯᠬᠦ ᠨᠢ 2022 ᠤᠨ ᠤ 1 ᠰᠠᠷ᠎ᠠ ᠶᠢᠨ 1 ᠤ ᠡᠳᠦᠷ — 12  ᠰᠠᠷ᠎ᠠ ᠶᠢᠨ 31 ᠤ ᠡᠳᠦᠷ ᠤᠨ ᠲᠤᠭ᠎ᠠ ᠪᠠᠷᠢᠮᠳᠠ ᠪᠤᠯᠤᠨ᠎ᠠ᠃      ᠬᠤᠶᠠᠷ᠂ ᠲᠤᠷᠰᠢᠯᠲᠠ ᠶᠢᠨ ᠴᠡᠭ ᠤᠨ ᠡᠲᠡᠭᠡᠳ᠄ ᠪᠦᠬᠦ ᠲᠤᠭᠤᠷᠢᠭ ᠤᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠡᠷᠬᠢᠯᠡᠵᠦ ᠪᠠᠶᠢᠭ᠎ᠠ ᠪᠦᠬᠦ ᠬᠠᠤᠯᠢ ᠶᠢᠨ ᠡᠷᠬᠡᠲᠡᠨ ᠤ ᠨᠢᠬᠡᠴᠢ᠂ ᠠᠵᠤ ᠦᠢᠯᠡᠰ ᠤᠨ ᠠᠵᠢᠯᠯᠠᠭᠠᠨ ᠤ ᠨᠢᠬᠡᠴᠢ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ᠃      ᠭᠤᠷᠪᠠ᠂ ᠲᠤᠷᠰᠢᠯᠲᠠ ᠶᠢᠨ ᠴᠡᠭ ᠲᠤ ᠳᠡᠩᠰᠡᠯᠡᠬᠤ ᠶᠢ ᠦᠷᠨᠢᠬᠦᠯᠬᠦ ᠳᠤ ᠲᠤᠬᠠᠶ ᠶᠢᠨ ᠭᠠᠵᠠᠷ ᠤᠨ ᠲᠤᠭ᠎ᠠ ᠪᠦᠷᠢᠳᠬᠡᠯ ᠤᠨ ᠵᠠᠷᠴᠢᠮ ᠢ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠨᠡᠶᠢᠳᠡᠮ ᠪᠠᠶᠢᠴᠠᠭᠠᠭᠴᠢ ᠶᠢᠨ ᠦᠨᠡᠮᠯᠡᠯ ᠪᠤᠶᠤ ᠨᠡᠶᠢᠳᠡᠮ ᠪᠠᠶᠢᠴᠠᠭᠠᠯᠳᠠ ᠶᠢᠨ ᠵᠢᠯᠤᠭᠤᠳᠤᠬᠴᠢ ᠶᠢᠨ ᠦᠨᠡᠮᠯᠡᠯ ᠢᠶᠠᠨ ᠵᠡᠭᠦᠵᠦ 2023 ᠣᠨ ᠤ 3 ᠰᠠᠷ᠎ᠠ — 5 ᠰᠠᠷ᠎ᠠ ᠶᠢᠨ ᠬᠤᠭᠤᠷᠤᠨᠳᠤ ᠬᠡᠷ ᠲᠤᠨᠢ ᠬᠦᠷᠴᠦ ᠳᠡᠩᠰᠡᠯᠡᠨ ᠲᠡᠮᠳᠡᠭᠯᠡᠨ᠎ᠡ᠃        ᠡᠬᠦᠨ ᠤ ᠲᠤᠯᠠ ᠣᠨᠴᠠᠭᠠᠶᠢᠯᠠᠨ ᠮᠡᠳᠡᠭᠳᠡᠪᠡ                                                         ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                         2023 ᠣᠨ ᠤ 3 ᠰᠠᠷ᠎ᠠ ᠶᠢᠨ 24 ᠤ ᠡᠳᠦᠷ
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号