ᠦᠪᠡᠷ ᠤᠨ ᠳᠡᠷᠭᠡᠳᠡᠬᠢ ᠨᠠᠨᠲ᠋ᠢᠩᠭᠧᠯ ᠳᠤ ᠬᠦᠨᠳᠦᠳᠬᠡᠯ ᠳᠡᠪᠰᠢᠭᠦᠯᠦᠶ᠎ᠡ︕ ᠬᠥᠨᠳᠡᠯᠡᠨ ᠲᠣᠭᠤᠷᠢᠭ ︽5·12︾  ᠤᠨ ᠤᠯᠠᠨ ᠤᠯᠤᠰ ᠤᠨ ᠰᠤᠪᠢᠯᠠᠭᠴᠢ ᠶᠢᠨ ᠪᠠᠶᠠᠷ ᠢ ᠳᠤᠷᠠᠰᠬᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/15
    112 ᠳᠠᠬᠢ ᠤᠯᠠᠨ ᠤᠯᠤᠰ ᠤᠨ ᠰᠤᠪᠢᠯᠠᠭᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 5 ᠰᠠᠷ᠎ᠠ ᠶᠢᠨ 11 ᠤ ᠡᠳᠦᠷ᠂ ᠬᠥᠨᠳᠡᠯᠡᠨ ᠲᠣᠭᠤᠷᠢᠭ 2023 ᠣᠨ ᠤ ︽5 ·12︾ ᠤᠨ ᠤᠯᠠᠨ ᠤᠯᠤᠰ ᠤᠨ ᠰᠤᠪᠢᠯᠠᠭᠴᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠡᠮᠴᠢᠯᠡᠭᠡᠨ ᠤ ᠡᠮᠦᠨ᠎ᠡ ᠹᠷᠣᠨᠲ ᠤᠨ ᠠᠵᠢᠯ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠡᠮᠴᠢ ᠰᠤᠪᠢᠯᠠᠭᠴᠢᠳ ᠢ ᠬᠥᠬᠢᠭᠦᠯᠦᠨ ᠰᠠᠶᠢᠰᠢᠶᠠᠵᠤ᠂  ᠦᠪᠡᠷ ᠤᠨ ᠳᠡᠷᠭᠡᠳᠡᠬᠢ ᠨᠠᠨᠲ᠋ᠢᠩᠭᠧᠯ ᠳᠤ ᠬᠦᠨᠳᠦᠳᠬᠡᠯ ᠳᠡᠪᠰᠢᠭᠦᠯᠦᠯ᠎ᠡ︕
    ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠵᠢᠶᠠᠨ ᠵᠢᠶᠦ᠋ᠨ᠂ ᠲᠣᠭᠤᠷᠢᠭ ᠤᠨ ᠤᠳᠤᠷᠢᠳᠤᠯᠭ᠎ᠠ ᠹᠠᠨ ᠬᠤᠩ ᠴᠢᠶᠠᠩ᠂ ᠯᠢᠦ ᠯᠢ ᠰᠢᠶᠠ᠂ ᠯᠢᠦ ᠴᠢᠶᠠᠨ ᠶᠢᠨ᠂ ᠰᠢᠶᠧ ᠵᠢᠶᠦ᠋ᠨ ᠵᠢᠶᠧ᠂ ᠨᠢᠦ ᠱᠢ ᠸᠠᠩ ᠠᠵᠢᠯᠯᠠᠭ᠎ᠠ ᠳᠤ ᠣᠷᠣᠯᠴᠠᠪᠠ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠭ᠎ᠠ ᠶᠢᠨ ᠡᠯ᠎ᠡ ᠲᠠᠰᠤᠭ᠂ ᠬᠤᠶᠠᠳᠤᠭᠠᠷ ᠳᠡᠰ ᠤᠨ ᠨᠢᠭᠡᠴᠢ ᠶᠢᠨ ᠬᠠᠷᠢᠭᠤᠴᠠᠯᠭᠠᠲᠠᠨ ᠵᠢᠴᠢ ᠪᠥᠬᠦ ᠲᠤᠭᠤᠷᠢᠭ ᠤᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ 200 ᠭᠠᠷᠤᠶ ᠡᠮᠴᠢ ᠰᠤᠪᠢᠯᠠᠭᠴᠢ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃
    ᠠᠵᠢᠯᠯᠠᠭ᠎ᠠ ᠳᠤ᠂ ᠪᠥᠬᠦ ᠲᠤᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠠᠴᠠ ᠰᠢᠯᠭᠠᠷᠠᠭᠤᠯᠵᠤ ᠭᠠᠷᠭᠠᠭᠰᠠᠨ 95 ︽ᠰᠢᠯᠢᠳᠡᠭ ᠰᠤᠪᠢᠯᠠᠭᠴᠢ︾ ᠶᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠮᠠᠯᠠᠭᠠᠶ ᠣᠯᠭᠤᠬᠤ ᠶᠣᠰᠣᠯᠠᠯ ᠵᠢᠴᠢ ᠲᠠᠩᠭᠠᠷᠢᠭᠯᠠᠬᠤ ᠠᠵᠢᠯᠯᠠᠭ᠎ᠠ ᠶᠢ ᠲᠥᠪ ᠴᠢᠩᠭ᠎ᠠ ᠪᠠᠷ ᠶᠠᠪᠤᠭᠳᠠᠭᠤᠯᠪᠠ᠃     ᠰᠤᠪᠢᠯᠠᠭᠴᠢ ᠶᠢᠨ ᠡᠩᠨᠡᠭᠡ ᠪᠣᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠹᠷᠣᠨᠲ ᠲᠠᠬᠢ ᠴᠢᠬᠤᠯᠠ ᠬᠦᠴᠦᠨ ᠮᠥᠨ᠂ ᠥᠩᠭᠡᠷᠡᠭᠰᠡᠨ ᠭᠤᠷᠪᠠᠨ ᠵᠢᠯ ᠤᠨ ᠬᠢᠵᠢᠭ ᠲᠠᠢ ᠲᠡᠮᠡᠴᠡᠭᠰᠡᠨ ᠵᠠᠮ ᠢ ᠡᠷᠭᠢᠴᠡᠭᠦᠯᠬᠦᠶ᠎ᠡ᠂ ᠪᠥᠬᠦ ᠲᠤᠭᠤᠷᠢᠭ  ᠤᠨ ᠥᠷᠭᠡᠨ ᠣᠯᠠᠨ ᠰᠤᠪᠢᠯᠠᠭᠴᠢᠳ ᠴᠠᠭᠠᠨ ᠬᠤᠪᠴᠠᠰᠤ ᠡᠮᠦᠰᠴᠤ᠂ ᠰᠥᠷᠥᠨ ᠤᠷᠤᠭᠰᠢᠯᠠᠵᠤ ᠲᠠᠶᠢᠨ ᠳᠤ ᠮᠤᠷᠳᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠣᠷᠣᠯᠴᠠᠵᠤ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠲᠤᠬᠠᠶᠢᠯᠠᠬᠰᠠᠨ ᠠᠵᠢᠯ ᠤᠨ ᠵᠣᠷᠢᠭ ᠰᠠᠨᠠᠭ᠎ᠠ ᠶᠢ ᠦᠶᠯᠡᠳᠦᠯᠭᠡᠵᠢᠭᠦᠯᠵᠦ᠂ ᠴᠠᠭᠠᠷᠠᠭᠰᠠᠨ ᠬᠡᠪ ᠪᠣᠯᠪᠠᠰᠤᠷᠠᠯ ᠪᠠ ᠲᠤᠰᠬᠠᠶ ᠮᠡᠷᠭᠡᠵᠢᠯ ᠤᠨ ᠴᠢᠳᠠᠪᠤᠷᠢ ᠪᠠᠨ ᠢᠯᠡᠷᠡᠭᠦᠯᠵᠦ᠂ ᠪᠥᠬᠦ ᠨᠡᠶᠢᠭᠡᠮ ᠤᠨ ᠬᠦᠨᠳᠦᠳᠬᠡᠯ ᠪᠠ ᠮᠠᠭᠲᠠᠭᠠᠯ ᠰᠠᠶᠢᠰᠢᠶᠠᠯ ᠢ ᠤᠯᠪᠠ᠃ ᠰᠢᠨ᠎ᠡ ᠪᠠᠶᠢᠳᠠᠯ ᠤᠨ ᠡᠮᠦᠨ᠎ᠡ᠂ ᠪᠥᠬᠦ ᠲᠤᠭᠤᠷᠢᠭ ᠤᠨ ᠥᠷᠭᠡᠨ ᠣᠯᠠᠨ ᠰᠤᠪᠢᠯᠠᠭᠴᠢ ᠰᠢᠨ᠎ᠡ ᠴᠠᠭ ᠦᠶ᠎ᠡ ᠰᠢᠨ᠎ᠡ ᠠᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠭᠤᠤᠯ ᠡᠭᠦᠷᠭᠡ ᠶᠢᠨ ᠲᠣᠭᠤᠷᠢᠨ ᠳᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠦᠴᠦᠯᠡᠨ ᠴᠢᠷᠮᠠᠶᠢᠵᠤ᠂ ︽ᠡᠪᠡᠳᠴᠢᠲᠡᠨ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠨᠲ᠋ᠢᠩᠭᠧᠯ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠤᠪᠢᠯᠠᠯᠲᠠ ᠶᠢᠨ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃     ᠬᠥᠬᠢᠭᠦᠯᠦᠭᠳᠡᠨ ᠰᠠᠶᠢᠰᠢᠶᠠᠭᠳᠠᠭᠰᠠᠨ ᠰᠢᠯᠢᠳᠡᠭ ᠰᠤᠪᠢᠯᠠᠭᠴᠢ ᠨᠡᠷ᠄ ︽ᠬᠤᠶᠢᠰᠢᠳᠠ ᠨᠠᠨᠲ᠋ᠢᠩᠭᠧᠯ ᠤᠨ ᠲᠠᠩᠭᠠᠷᠢᠭ ᠢ ᠦᠷᠭᠦᠯᠵᠢᠯᠡᠨ ᠪᠠᠲᠤ ᠴᠡᠭᠡᠵᠢᠯᠡᠵᠦ᠂ ᠠᠵᠢᠯᠴᠢ ᠬᠢᠴᠢᠶᠡᠩᠭᠦᠶ ᠪᠠᠷ᠂ ᠠᠵᠢᠯ ᠦᠶᠯᠡᠰ ᠢᠶᠠᠨ ᠳᠡᠭᠡᠳᠦᠯᠡᠬᠦ ᠵᠤᠷᠢᠭ ᠰᠠᠨᠠᠭ᠎ᠠ᠂ ᠬᠠᠯᠠᠭᠤᠨ ᠰᠡᠳᠬᠢᠯᠭᠡ ᠪᠠ ᠬᠠᠶᠢᠷ᠎ᠠ ᠰᠡᠳᠬᠢᠯᠭᠡ ᠪᠠᠷ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ︾ ᠬᠡᠵᠤ ᠢᠯᠡᠷᠬᠡᠶᠢᠯᠡᠵᠡᠬᠡᠪᠡ᠃   ︵ᠢᠷᠡᠯᠲᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号