ᠪᠥᠬᠦ ᠳᠡᠯᠡᠬᠡᠢ ᠶᠢᠨ ᠬᠥᠮᠥᠨ ᠠᠮᠠ ᠶᠢᠨ ᠬᠠᠭᠠᠰ ᠨᠢ ᠮᠠᠷᠢᠶᠠᠯᠢᠭ ᠪᠤᠶᠤ ᠬᠡᠳᠦ ᠬᠦᠨᠳᠦ ᠪᠣᠯᠣᠨ᠎ᠠ᠂ ᠬᠡᠷᠬᠢᠨ ᠰᠢᠨᠵᠢᠯᠡᠬᠦ ᠤᠬᠠᠭᠠᠨᠴᠢ ᠪᠠᠷ ᠮᠠᠷᠢᠶ᠎ᠠ ᠪᠠᠨ ᠰᠢᠭᠤᠷᠠᠭᠤᠯᠬᠤ ᠪᠣᠶ︖
ᠨᠡᠶᠢᠲᠡᠯᠡᠭᠰᠡᠨ ᠴᠠᠭ᠄
2023/5/15
      ᠣᠳᠣᠬᠠᠨ ᠳᠤ᠂ ᠮᠠᠷᠢᠶᠠᠯᠠᠬᠤ ᠬᠡᠮ ᠨᠢ ᠨᠢᠭᠡᠨᠲᠡ ᠳᠡᠯᠡᠬᠡᠢ ᠶᠢᠨ  ᠬᠡᠪᠴᠢᠶᠡᠨ ᠳᠠᠬᠢ  ᠬᠠᠮᠤᠭ ᠤᠨ  ᠬᠦᠨᠳᠦ  ᠨᠣᠴᠢᠲᠠᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠤᠨ ᠨᠢᠭᠡ ᠪᠣᠯᠵᠠᠢ᠂ ᠳᠡᠯᠡᠬᠡᠢ ᠶᠢᠨ ᠮᠠᠷᠢᠶ᠎ᠠ ᠮᠢᠬᠠᠨ ᠤ ᠨᠡᠶᠢᠭᠡᠮᠯᠢᠭ ‍ᠦᠨ‌‍ᠰᠢᠨ᠎ᠡ ᠪᠠᠷ ᠨᠡᠶᠢᠲᠡᠯᠡᠭᠰᠡᠨ ︽2023 ᠣᠨ ᠤ ᠪᠥᠬᠦ ᠪᠥᠮᠪᠥᠷᠴᠡᠭ ᠤᠨ ᠮᠠᠷᠢᠶ᠎ᠠ  ᠮᠢᠬᠠᠨ ᠤ  ᠭᠠᠵᠠᠷ ᠤᠨ  ᠵᠢᠷᠤᠭ︾ ᠡᠴᠡ‌ᠦᠵᠡᠪᠡᠯ᠂ 2035 ᠣᠨ ᠪᠣᠯᠬᠤ ᠳᠤ᠂ ᠪᠥᠬᠦ ᠪᠥᠮᠪᠥᠷᠴᠡᠭ ᠤᠨ 40 ᠳ᠋ᠦᠩᠰᠢᠭᠤᠷ ᠭᠠᠷᠤᠢ ᠬᠥᠮᠥᠨ ᠮᠠᠷᠢᠶᠠᠯᠢᠭ ᠪᠤᠶᠤ ᠬᠡᠳᠦ ᠬᠦᠨᠳᠦ ᠳᠤ ᠲᠣᠭᠠᠴᠠᠭᠳᠠᠵᠤ᠂ ᠪᠥᠬᠦ ᠪᠥᠮᠪᠥᠷᠴᠡᠭ ᠤᠨ ᠬᠥᠮᠥᠨ ᠠᠮᠠ ᠶᠢᠨ 51% ᠶᠢ ᠡᠵᠡᠯᠡᠬᠦ ᠪᠣᠯᠣᠨ᠎ᠠ᠃             ᠮᠠᠷᠢᠶᠠᠯᠠᠬᠤ ᠨᠢ ᠨᠢᠭᠡᠨᠲᠡ ᠬᠦᠨᠳᠦ ᠨᠣᠴᠢᠲᠠᠢ ᠨᠡᠶᠢᠭᠡᠮ ᠤᠨ ᠴᠢᠨᠠᠷᠲᠠᠢ ᠡᠷᠡᠭᠦᠯ ᠮᠡᠨᠳᠦ ᠶᠢᠨ ᠠᠰᠠᠭᠤᠳᠠᠯ ᠪᠣᠯᠵᠠᠢ               ᠳᠡᠯᠡᠬᠡᠢ ᠶᠢᠨ ᠬᠡᠪᠴᠢᠶᠡᠨ ᠳᠤ ᠮᠠᠷᠢᠶᠠᠯᠢᠭ ᠬᠥᠮᠥᠰ ᠤᠨ ᠣᠯᠠᠰᠢᠷᠠᠬᠤ ᠶᠢ ᠳᠠᠭᠠᠯᠳᠤᠨ᠂  ᠮᠠᠷᠢᠶᠠᠯᠠᠬᠤ ᠨᠢ ᠨᠢᠭᠡᠨᠲᠡ ᠬᠦᠨᠳᠦ ᠨᠣᠴᠢᠲᠠᠢ ᠨᠡᠶᠢᠭᠡᠮ ᠤᠨ ᠴᠢᠨᠠᠷᠲᠠᠢ ᠡᠷᠡᠭᠦᠯ ᠮᠡᠨᠳᠦ ᠶᠢᠨ ᠠᠰᠠᠭᠤᠳᠠᠯ ᠪᠣᠯᠵᠠᠢ᠃ ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠰᠢᠮ᠎ᠡ ᠲᠡᠵᠢᠭᠡᠯ ᠬᠢᠭᠡᠳ ᠤᠳᠠᠭᠠᠨ  ᠴᠢᠨᠠᠷᠲᠠᠢ ᠡᠪᠡᠳᠴᠢᠨ ᠤ ᠪᠠᠶᠢᠳᠠᠯ ᠤᠨ  ᠮᠡᠳᠡᠭᠦᠯᠦᠯᠲᠡ ︵2020ᠣᠨ︶︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠳᠤᠮᠳᠠᠳᠤ ᠤᠯᠤᠰ ᠤᠨ ᠨᠠᠰᠤᠨ ᠳᠤ ᠭᠦᠷᠦᠭᠰᠡᠳ ᠤᠨ ᠳᠣᠲᠣᠷᠠᠬᠢ ᠬᠠᠭᠠᠰ ᠢᠯᠡᠭᠦᠦ ᠲᠣᠭᠠᠨ ᠤ ᠬᠥᠮᠥᠨ ᠨᠢ ᠬᠡᠳᠦ ᠬᠦᠨᠳᠦ ᠪᠤᠶᠤ ᠮᠠᠷᠢᠶᠠᠯᠢᠭ ᠪᠠᠶᠢᠨ᠎ᠠ᠂ ᠨᠠᠰᠤᠨ ᠳᠤ ᠭᠦᠷᠦᠭᠰᠡᠨ ᠰᠠᠭᠤᠭᠠᠯᠢᠴᠤᠳ‌‍ᠤᠨ ᠬᠡᠳᠦ ᠬᠦᠨᠳᠦ ᠪᠣᠯᠣᠭᠰᠠᠨ ᠨᠣᠷᠮ᠎ᠠ ᠨᠢ 34.3%᠂ ᠮᠠᠷᠢᠶᠠᠯᠠᠭᠰᠠᠨ ᠨᠣᠷᠮ᠎ᠠ ᠨᠢ 16.4% ᠪᠣᠯᠣᠨ᠎ᠠ᠃ ᠮᠠᠷᠢᠶ᠎ᠠ ᠮᠢᠬ᠎ᠠ ᠬᠢᠭᠡᠳ ᠡᠷᠡᠭᠦᠯ ᠮᠡᠨᠳᠦ ᠶᠢᠨ ᠬᠠᠷᠢᠴᠠᠭ᠎ᠠ ᠨᠢ ᠮᠠᠰᠢ ᠨᠢᠭᠲᠠ ᠪᠠᠶᠢᠳᠠᠭ᠂ ᠮᠠᠷᠢᠶᠠᠯᠠᠬᠤ ᠨᠢ ᠴᠢᠰᠤᠨ ᠳᠠᠷᠤᠯᠲᠠ ᠥᠨᠳᠥᠷ᠂  ᠴᠢᠰᠤᠨ‌ᠥᠭᠡᠬᠦ ᠦᠨᠳᠦᠷ᠂ ᠰᠢᠬᠢᠷ ᠰᠢᠵᠢᠩ ᠡᠪᠡᠳᠴᠢᠨ᠂ ᠲᠤᠯᠠᠢ ᠡᠪᠡᠳᠴᠢᠨ᠂ ᠰᠢᠭᠡᠰᠦᠨ ᠬᠦᠴᠢᠯ ᠥᠨᠳᠥᠷ ᠠᠴᠠ ᠪᠣᠯᠣᠭᠰᠠᠨ‌‍ᠴᠢᠰᠤᠨ ᠬᠡᠮ᠂ ᠥᠭᠡᠬᠦᠯᠡᠭᠰᠡᠨ ᠡᠯᠢᠭᠡ ᠵᠡᠷᠭᠡ ᠡᠪᠡᠳᠴᠢᠨ ᠢ ᠡᠭᠦᠰᠬᠡᠨ᠎ᠡ᠃              ᠳᠤᠮᠳᠠᠳᠤ ᠤᠯᠤᠰ ᠤᠨ ᠡᠮᠴᠢ ᠨᠠᠷ ᠤᠨ ᠨᠡᠶᠢᠭᠡᠮᠯᠢᠭ ᠤᠨ  ᠭᠠᠳᠠᠷ  ᠰᠠᠯᠠᠭᠠᠨ ᠤ  ᠡᠮᠴᠢ  ᠨᠠᠷ ᠤᠨ  ᠬᠤᠪᠢᠶᠠᠷᠢ ᠨᠡᠶᠢᠭᠡᠮᠯᠢᠭ ᠤᠨ ᠭᠡᠰᠢᠭᠦᠨ ᠵᠠᠩ ᠨᠧᠩ ᠸᠧᠢ ᠬᠡᠯᠡᠬᠦ ᠳᠡᠭᠡᠨ᠄ ᠮᠠᠷᠢᠶ᠎ᠠ ᠲᠠᠢ ᠭᠡᠳᠡᠭ ᠨᠢ ᠥᠭᠡᠬᠦ ᠬᠡᠲᠦᠷᠬᠡᠢ ᠬᠤᠷᠠᠭᠰᠠᠨ ᠠᠴᠠ ᠪᠣᠯᠵᠠᠢ᠃ ᠥᠭᠡᠬᠦ ᠪᠣᠯ ᠪᠡᠶ᠎ᠡ ᠶᠢᠨ ᠳᠣᠲᠣᠷᠠᠬᠢ ᠬᠠᠮᠤᠭ ᠤᠨ ᠲᠣᠮᠣ ᠰᠢᠭᠦᠷᠡᠭᠦᠯᠬᠦ ᠡᠷᠬᠡᠲᠡᠨ ᠮᠥᠨ᠂ ᠲᠡᠷᠡ ᠨᠢ  ᠮᠠᠰᠢ ᠣᠯᠠᠨ ᠬᠤᠷᠮᠣᠨ ᠰᠢᠭᠦᠷᠡᠭᠦᠯᠳᠡᠭ᠃ ᠡᠨᠡ ᠬᠦ ᠥᠭᠡᠬᠦ ᠨᠢ ᠬᠡᠪ ᠤᠨ ᠬᠡᠮᠵᠢᠶ᠎ᠡ ᠠᠴᠠ ᠬᠡᠲᠦᠷᠡᠬᠦ ᠦᠶ᠎ᠡ ᠳᠤ᠂ ᠰᠢᠭᠦᠷᠡᠭᠦᠯᠬᠦ ᠬᠤᠷᠮᠣᠨ ᠨᠢ ᠲᠤᠶᠢᠯ ᠤᠨ ᠠᠶᠤᠮᠰᠢᠭᠲᠠᠢ ᠪᠣᠯᠳᠠᠭ᠂ ᠬᠠᠮᠤᠭ ᠤᠨ ᠰᠠᠶᠢᠨ ᠮᠡᠳᠡᠳᠡᠭ ᠨᠢ  ᠢᠨᠰᠦᠯᠢᠨ ᠤ  ᠡᠰᠡᠷᠭᠦᠴᠡᠯ  ᠪᠣᠯᠣᠨ᠎ᠠ᠂ ᠲᠡᠷᠡ ᠨᠢ ᠢᠨᠰᠦᠯᠢᠨ ᠤ ᠠᠵᠢᠯᠯᠠᠭ᠎ᠠ ᠶᠢ ᠶᠡᠭᠡ ᠪᠠᠷ ᠪᠠᠭᠤᠷᠠᠭᠤᠯᠤᠨ᠎ᠠ᠂ ᠡᠨᠡ  ᠪᠣᠯ ᠳᠠᠷᠤᠢ ᠰᠢᠬᠢᠷ  ᠰᠢᠵᠢᠩ ᠡᠪᠡᠳᠴᠢᠨ ᠤ ᠢᠷᠡᠯᠲᠡ ᠪᠣᠯᠣᠨ᠎ᠠ᠃ ᠬᠡᠯᠡᠯᠭᠡᠨ ᠦᠭᠡᠢ ᠲᠡᠷᠡ ᠨᠢ ᠪᠠᠰᠠ ᠪᠤᠰᠤᠳ ᠬᠤᠷᠮᠣᠨ ᠢ ᠰᠢᠭᠦᠷᠡᠭᠦᠯᠳᠡᠭ᠂ ᠵᠢᠱᠢᠶᠡᠯᠡᠪᠡᠯ ᠪᠡᠯᠭᠡ ᠶᠢᠨ ᠬᠤᠷᠮᠣᠨ ᠢ ᠰᠢᠭᠦᠷᠡᠭᠦᠯᠵᠦ᠂  ᠪᠡᠯᠭᠡ ᠶᠢᠨ  ᠬᠤᠷᠮᠣᠨ ᠤ ᠰᠣᠯᠢᠯᠴᠠᠭ᠎ᠠ ᠶᠢ ᠬᠠᠷᠰᠢᠯᠠᠳᠠᠭ᠃ ᠡᠭᠦᠨ ᠠᠴᠠ ᠪᠣᠯᠵᠤ ᠡᠷᠡᠭᠲᠡᠢ  ᠬᠥᠮᠥᠨ ᠤ ᠪᠣᠶᠢᠵᠢᠯᠲᠠ ᠨᠢ ᠠᠰᠠᠭᠤᠳᠠᠯ ᠲᠠᠢ᠂ ᠡᠮᠡᠭᠲᠡᠢ ᠬᠥᠮᠥᠨ ᠣᠯᠠᠨ ᠤᠭᠤᠲᠠᠲᠤ ᠥᠨᠳᠡᠭᠡᠪᠴᠢ ᠲᠠᠢ᠂ ᠰᠠᠷ᠎ᠠ ᠶᠢᠨ ᠭᠬᠢᠷ ᠲᠡᠭᠰᠢ ᠦᠭᠡᠢ ᠵᠡᠷᠭᠡ ᠠᠰᠠᠭᠤᠳᠠᠯ ᠪᠤᠢ ᠪᠣᠯᠳᠠᠭ᠃  ᠪᠠᠰᠠ ᠰᠠᠪᠠ ᠶᠢᠨ ᠳᠣᠲᠣᠷ  ᠪᠦᠷᠬᠦᠪᠴᠢ ᠶᠢᠨ  ᠥᠮᠡᠨ ᠳᠤ  ᠨᠡᠷᠪᠡᠭᠳᠡᠬᠦ  ᠨᠤᠷᠮ᠎ᠠ   ᠨᠢ ᠨᠡᠮᠡᠭᠳᠡᠳᠡᠭ᠃              ᠬᠡᠦᠬᠡᠳ ᠤᠨ ᠮᠠᠷᠢᠶᠠᠯᠠᠬᠤ ᠨᠣᠷᠮ᠎ᠠ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ              ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠪᠥᠬᠦ ᠳᠡᠯᠡᠬᠡᠢ ᠶᠢᠨ ᠨᠠᠰᠤᠨ ᠳᠤ  ᠬᠦᠷᠦᠭᠰᠡᠨ ᠲᠠᠪᠤᠨ  ᠬᠦᠮᠦᠨ ᠤ ᠳᠣᠲᠣᠷ᠎ᠠ ᠠᠴᠠ ᠨᠠᠭᠠᠲᠤ ᠵᠠᠬ᠎ᠠ ᠳᠠᠭᠠᠨ ᠬᠤᠶᠠᠷ ᠬᠥᠮᠥᠨ ᠬᠡᠲᠦ ᠬᠦᠨᠳᠦ  ᠪᠤᠶᠤ  ᠮᠠᠷᠢᠶᠠᠯᠠᠬᠤ ᠶᠢᠨ ᠭᠠᠴᠢᠭᠳᠠᠯ ᠳᠤ ᠤᠴᠠᠷᠠᠵᠤ ᠪᠠᠶᠢᠨ᠎ᠠ᠂ ᠡᠭᠦᠨ ᠤ ᠵᠡᠷᠭᠡ ᠳᠤ ᠬᠡᠦᠬᠡᠳ ᠪᠠ ᠵᠠᠯᠠᠭᠤᠴᠤᠳ ᠪᠠᠭᠠᠴᠤᠳ ᠤᠨ ᠬᠡᠳᠦ ᠬᠦᠨᠳᠦ ᠪᠣᠯᠬᠤ ᠪᠠ ᠮᠠᠷᠢᠶᠠᠯᠠᠬᠤ ᠠᠰᠠᠭᠤᠳᠠᠯ ᠴᠤ ᠡᠳᠦᠷ ᠢᠷᠡᠬᠦᠶ᠎ᠡ ᠬᠦᠨᠳᠦ ᠨᠣᠴᠢᠲᠠᠢ ᠪᠣᠯᠵᠤ᠂ ᠬᠤᠶᠢᠴᠢ ᠦᠶ᠎ᠡ ᠶᠢᠨ ᠬᠢᠨ ᠤ ᠡᠷᠡᠭᠦᠯ ᠢᠶᠠᠷ  ᠦᠰᠦᠨ  ᠪᠣᠶᠢᠵᠢᠬᠤ ᠶᠢ ᠨᠥᠯᠥᠭᠡᠯᠡᠵᠦ ᠪᠠᠶᠢᠨ᠎ᠠ᠃              ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠰᠢᠮ᠎ᠡ ᠲᠡᠵᠢᠭᠡᠯ  ᠬᠢᠭᠡᠳ  ᠤᠳᠠᠭᠠᠨ  ᠴᠢᠨᠠᠷᠲᠠᠢ  ᠡᠪᠡᠳᠴᠢᠨ ‍ᠦ‌‍ᠪᠠᠶᠢᠳᠠᠯ ᠤᠨ ᠮᠡᠳᠡᠭᠦᠯᠦᠯᠲᠡ ︵2020 ᠣᠨ︶︾ ᠶᠢᠨ ᠲᠤᠭ᠎ᠠ  ᠪᠠᠷᠢᠮᠲᠠ ᠳᠤ  ᠢᠯᠡᠷᠡᠭᠦᠯᠦᠭᠰᠡᠨ ᠢᠶᠠᠷ ᠂  ᠮᠠᠨ ᠤ  ᠤᠯᠤᠰ ᠲᠤ᠋‌ᠨᠢᠭᠡᠨᠲᠡ 50% ᠠᠴᠠ ᠳᠡᠭᠡᠭᠰᠢᠬᠢ ᠨᠠᠰᠤᠨ ᠳᠤ ᠭᠦᠷᠦᠭᠰᠡᠳ ᠪᠠ 20% ᠶᠢᠨ ᠰᠤᠷᠬᠤ ᠨᠠᠰᠤᠨ ᠤ ᠬᠡᠦᠬᠡᠳ ᠬᠡᠳᠦ ᠬᠦᠨᠳᠦ ᠪᠤᠶᠤ ᠮᠠᠷᠢᠶᠠᠯᠢᠭ ᠪᠠᠶᠢᠨ᠎ᠠ᠂ ᠡᠭᠦᠨ ᠳᠤ 6 ᠨᠠᠰᠤᠨ ᠠᠴᠠ ᠳᠣᠷᠣᠭᠰᠢᠬᠢ ᠬᠡᠦᠬᠡᠳ ᠤᠨ ᠡᠵᠡᠯᠡᠬᠦ ᠬᠠᠷᠢᠴᠠᠯ 10% ᠳᠤ ᠬᠦᠷᠴᠦ᠂ᠨᠢᠭᠡᠨᠲᠡ ᠮᠠᠨ ᠤ ᠤᠯᠤᠰ ᠤᠨ ᠬᠡᠦᠬᠡᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠰᠦᠷᠳᠡᠭᠦᠯᠵᠦ ᠪᠠᠶᠢᠭ᠎ᠠ ᠣᠯᠠᠨ‌ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠠᠰᠠᠭᠤᠳᠠᠯ  ᠪᠣᠯᠤᠭᠰᠠᠨ  ᠪᠠᠶᠢᠨ᠎ᠠ᠃  ᠲᠤᠰᠬᠠᠢ  ᠮᠡᠷᠭᠡᠵᠢᠯᠲᠡᠨ ᠤ  ᠵᠢᠭᠠᠵᠤ ᠭᠠᠷᠭᠠᠭᠰᠠᠨ ᠢᠶᠠᠷ᠂ ᠬᠡᠦᠬᠡᠳ ᠪᠠᠭᠠᠴᠤᠳ ᠤᠨ ᠬᠤᠭᠤᠴᠠᠭᠠᠨ ᠤ ᠬᠡᠲᠦ ᠬᠦᠨᠳᠦ ᠪᠠ ᠮᠠᠷᠢᠶᠠᠯᠢᠭ ᠤᠨ ᠨᠡᠮᠡᠭᠳᠡᠯ ᠤᠨ ᠬᠠᠨᠳᠤᠰᠢ ᠶᠢ ᠪᠦᠲᠦᠮᠵᠢᠲᠡᠢ ᠬᠤᠷᠢᠭᠯᠠᠵᠤ ᠳᠡᠶᠢᠯᠬᠦ ᠦᠭᠡᠢ ᠪᠣᠯ ᠮᠠᠨ ᠤ ᠤᠯᠤᠰ ᠤᠨ ᠵᠠᠯᠠᠭᠤ ᠨᠢᠭᠡ ᠦᠶ᠎ᠡ ᠶᠢᠨ ᠬᠢᠨ ᠤ ᠡᠷᠡᠭᠦᠯ ᠮᠡᠨᠳᠦ ᠵᠢᠨ‌‍ᠲ᠋ᠦ᠋ᠪᠰᠢᠨ ᠢ ᠲᠤᠶᠢᠯ ᠤᠨ ᠶᠡᠭᠡ ᠪᠠᠷ ᠨᠥᠯᠥᠭᠡᠯᠡᠬᠦ ᠪᠣᠯᠣᠨ᠎ᠠ᠃               ᠳᠤᠮᠳᠠᠳᠤ ᠤᠯᠤᠰ ᠤᠨ ᠡᠮᠴᠢ ᠶᠢᠨ ᠨᠡᠶᠢᠭᠡᠮᠯᠢᠭ ᠤᠨ ᠭᠠᠳᠠᠷ  ᠰᠠᠯᠠᠭᠠᠨ ᠤ  ᠡᠮᠴᠢ ᠶᠢᠨ  ᠬᠤᠪᠢᠶᠠᠷᠢ  ᠨᠡᠶᠢᠭᠡᠮᠯᠢᠭ ᠤᠨ ᠭᠡᠰᠢᠭᠦᠨ ᠵᠠᠩ ᠨᠧᠩ ᠸᠧᠢ ᠬᠡᠯᠡᠬᠦ ᠳᠤ ᠪᠠᠨ᠄ ᠬᠡᠷᠪᠡ ᠬᠡᠦᠬᠡᠳ ᠤᠨ ᠪᠡᠶ᠎ᠡ ᠶᠢᠨ ᠬᠦᠨᠳᠦ ᠨᠢ ᠨᠡᠮᠡᠭᠳᠡᠵᠦ᠂ ᠮᠠᠷᠢᠶᠠᠯᠠᠬᠤ ᠡᠯᠧᠮᠧᠨ᠋ᠲ ᠨᠢ ᠨᠡᠮᠡᠭᠳᠡᠪᠡᠯ᠂ ᠲᠡᠭᠦᠨ ᠤ ᠢᠷᠡᠭᠡᠳᠦᠢ ᠳᠤ ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠬᠦ  ᠲᠣᠬᠢᠶᠠᠯᠳᠤᠮᠵᠢ ᠨᠢ ᠰᠡᠭᠦᠯᠴᠢ ᠶᠢᠨ ᠬᠤᠭᠤᠴᠠᠭᠠᠨ ᠳᠤ ᠮᠠᠷᠢᠶᠠᠯᠠᠭᠰᠠᠨ ᠠᠴᠠ ᠪᠣᠯᠵᠤ ᠡᠭᠦᠰᠬᠦ ᠠᠴᠠ ᠨᠡᠩ  ᠢᠯᠡᠭᠦᠦ  ᠬᠦᠨᠳᠦ  ᠨᠤᠴᠢᠲᠠᠢ  ᠪᠣᠯᠣᠨ᠎ᠠ᠂ᠡᠶᠢᠮᠦ ᠠᠴᠠ ᠣᠳᠣ ᠶᠢᠨ  ᠬᠡᠦᠬᠡᠳ ᠤᠨ ᠮᠠᠷᠢᠶᠠᠯᠠᠬᠤ ᠠᠰᠠᠭᠤᠳᠠᠯ   ᠨᠢ  ᠪᠢᠳᠡᠨ ᠳᠤ  ᠠᠪᠴᠤ ᠬᠡᠯᠡᠪᠡᠯ᠂  ᠨᠠᠰᠤᠨ ᠳᠤ ᠬᠦᠷᠦᠭᠰᠡᠳ ᠤᠨ ᠮᠠᠷᠢᠶᠠᠯᠠᠬᠤ ᠠᠰᠠᠭᠤᠳᠠᠯ ᠠᠴᠠ ᠨᠡᠩ ᠢᠯᠡᠭᠦᠦ ᠠᠩᠬᠠᠷᠤᠭᠤᠰᠢᠲᠠᠢ ᠪᠣᠯᠬᠤ ᠪᠠᠷ ᠪᠠᠷᠠᠬᠤ ᠦᠭᠡᠢ ᠤᠷᠢᠳ ᠵᠶ᠋ᠠᠷ‌‍ᠰᠡᠷᠭᠡᠶᠢᠯᠡᠪᠡᠯ ᠵᠣᠬᠢᠨ᠎ᠠ᠃            ᠰᠢᠨᠵᠢᠯᠡᠬᠦ ᠤᠬᠠᠭᠠᠨᠴᠢ ᠪᠠᠷ ᠮᠠᠷᠢᠶ᠎ᠠ ᠰᠢᠭᠤᠷᠠᠭᠤᠯᠤᠨ᠂ ᠪᠡᠶ᠎ᠡ ᠶᠢᠨ ᠬᠦᠨᠳᠦ ᠪᠠᠨ ᠪᠠᠭᠤᠷᠠᠭᠤᠯᠬᠤ   ᠶᠢ  ᠵᠢᠷᠤᠮᠵᠢᠭᠤᠯᠵᠤ ᠡᠷᠡᠬᠦᠯ ᠡᠩᠬᠡ ᠠᠮᠢᠲᠤᠷᠠᠯ ᠡᠳ᠋ᠯᠡᠶ᠎ᠡ              ᠣᠯᠠᠨ ᠲᠦᠮᠡᠨ‌‍ᠰᠢᠨᠵᠢᠯᠡᠬᠦ ᠤᠬᠠᠭᠠᠨᠴᠢ ᠣᠪᠣᠷ ᠢᠶᠠᠷ ᠮᠠᠷᠢᠶᠠᠯᠠᠬᠤ ᠠᠰᠠᠭᠤᠳᠠᠯ ᠳᠤ ᠵᠥᠪ ᠢᠶᠠᠷ ᠬᠠᠨᠳᠤᠬᠤ ᠬᠡᠷᠡᠭᠲᠡᠢ᠂ ᠰᠦᠷᠡᠬᠡᠢ ᠮᠠᠷᠢᠶᠠᠯᠠᠬᠤ ᠪᠣᠯ ᠨᠢᠭᠡ ᠵᠦᠢᠯ ᠤᠨ ᠤᠳᠠᠭᠠᠨ ᠴᠢᠨᠠᠷᠲᠠᠢ ᠡᠪᠡᠳᠴᠢᠨ ᠮᠥᠨ ᠪᠣᠯᠬᠤᠷ ᠢᠳᠡᠪᠬᠢᠲᠡᠢ ᠪᠠᠷ ᠭᠠᠷ  ᠲᠦᠷᠦᠭᠦ‌‍ᠬᠡᠷᠡᠭᠲᠡᠢ ᠭᠡᠵᠦ ᠲᠤᠰᠬᠠᠢ ᠮᠡᠷᠭᠡᠵᠢᠯᠲᠡᠳ ᠤᠷᠢᠶᠠᠯᠠᠵᠤ ᠪᠠᠶᠢᠨ᠎ᠠ᠃ ᠲᠤᠰᠬᠠᠢ ᠮᠡᠷᠭᠡᠵᠢᠯᠲᠡᠨ ᠤ  ᠰᠠᠨᠠᠭᠤᠯᠤᠭᠰᠠᠨ ᠢᠶᠠᠷ᠂  ᠢᠳᠡᠭᠡᠨ‌ᠤᠮᠳᠠᠭᠠᠨ ᠢᠶᠠᠨ ᠬᠢᠵᠠᠭᠠᠷᠯᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠨ ᠨᠡᠮᠡᠭᠳᠡᠭᠦᠯᠵᠦ᠂  ᠰᠠᠶᠢᠨ  ᠰᠠᠶᠢᠬᠠᠨ ᠠᠮᠢᠳᠤᠷᠠᠯ ‍ᠤᠨ‌‍ᠲ᠋ᠠᠳᠬᠠᠯ ᠢᠶᠠᠨ ᠬᠠᠳᠠᠭᠠᠯᠠᠬᠤ ᠪᠣᠯ ᠮᠠᠷᠢᠶ᠎ᠠ ᠰᠢᠭᠤᠷᠠᠭᠤᠯᠬᠤ ᠶᠢᠨ ᠵᠠᠩᠭᠢᠯᠠᠭ᠎ᠠ ᠮᠥᠨ᠃               ᠳᠤᠮᠳᠠᠳᠤ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠳᠣᠲᠣᠭᠠᠳᠤ ᠰᠢᠭᠦᠷᠡᠯ ᠤᠨ ᠤᠬᠠᠭᠠᠨ ᠤ ᠬᠤᠪᠢᠶᠠᠷᠢ ᠨᠡᠶᠢᠭᠡᠮᠯᠢᠭ ᠤᠨ ᠭᠡᠰᠢᠭᠦᠨ ᠬᠥ᠋ ᠸᠧᠢ ᠵᠢᠶᠦ᠋ᠨ ᠬᠡᠯᠡᠬᠦ ᠳᠤ ᠪᠠᠨ᠄ ᠵᠢᠱᠢᠶᠡᠯᠡᠪᠡᠯ᠂ ᠪᠦᠬᠦᠯᠢ ᠡᠳᠦᠷ ᠤᠨ ᠡᠨᠧᠷᠭᠢ ᠶᠢᠨ  ᠬᠡᠮᠵᠢᠶ᠎ᠡ ᠶᠢ ᠬᠢᠵᠠᠭᠠᠷᠯᠠᠬᠤ ᠳᠤ ᠨᠠᠭᠠᠲᠤ ᠵᠠᠬ᠎ᠠ ᠳᠠᠭᠠᠨ 1000 ᠺᠠᠯᠤᠷᠢ ᠳᠣᠲᠣᠷ᠎ᠠ ᠬᠢᠵᠠᠭᠠᠷᠯᠠᠨ᠎ᠠ᠂  ᠶᠠᠷᠢᠶᠠᠨ  ᠦᠭᠡᠢ  ᠪᠢᠳᠡ  ᠪᠠᠰᠠ‌‍ᠲ᠋ᠤᠶᠢᠯ ᠤᠨ ᠳᠣᠣᠷ᠎ᠠ ᠡᠨᠧᠷᠭᠢ ᠶᠢᠨ ᠬᠡᠮᠵᠢᠶ᠎ᠡ ᠶᠢ ᠰᠠᠨᠠᠭᠠᠴᠢᠯᠠᠬᠤ ᠦᠭᠡᠢ᠃ ᠡᠭᠦᠨ ᠠᠴᠠ ᠭᠠᠳᠠᠨ᠎ᠠ᠂  ᠢᠳᠡᠭᠡᠨ ᠤᠮᠳᠠᠭᠠᠨ ‍ᠤ‌‍ᠲ᠋ᠦ᠋ᠷᠦᠯ ᠵᠦᠢᠯ ᠤᠨ ᠲᠠᠯ᠎ᠠ ᠪᠠᠷ᠂  ᠪᠢᠳᠡ  ᠰᠢᠮ᠎ᠡ  ᠲᠡᠵᠢᠭᠡᠯ ᠢ  ᠲᠡᠩᠴᠡᠭᠦᠷᠢᠲᠡᠢ  ᠪᠠᠶᠢᠯᠭᠠᠬᠤ ᠶᠢ  ᠰᠠᠨᠠᠭᠠᠴᠢᠯᠠᠨ᠎ᠠ᠂  ᠵᠠᠷᠴᠢᠮ‌‍ᠲ᠋ᠡᠭᠡᠷ᠎ᠡ ᠪᠠᠨ ᠳᠠᠪᠤᠰᠤ ᠪᠠᠭ᠎ᠠ᠂ ᠥᠭᠡᠬᠦ ᠪᠠᠭ᠎ᠠ᠂ ᠰᠢᠬᠢᠷ ᠪᠠᠭ᠎ᠠ᠂ ᠵᠢᠮ᠎ᠡ ᠶᠣᠰᠣ ᠲᠠᠢ ᠢᠳᠡᠭᠡᠨ ᠤᠮᠳᠠᠭᠠᠨ  ᠤ  ᠵᠣᠷᠰᠢᠯ ᠢ ᠰᠠᠨᠠᠭᠠᠴᠢᠯᠠᠨ᠎ᠠ᠂ ᠬᠡᠲᠦᠷᠡᠲᠡᠯ᠎ᠡ ᠢᠳᠡᠵᠦ ᠤᠤᠭᠤᠬᠤ ᠶᠢ ᠰᠠᠨᠠᠭᠠᠴᠢᠯᠠᠬᠤ  ᠦᠭᠡᠢ᠃  ᠤᠷᠲᠤ  ᠬᠤᠭᠤᠴᠠᠭ᠎ᠠ ᠪᠠᠷ  ᠵᠣᠬᠢᠰᠲᠠᠢ‌‍ᠬᠥ᠋ᠳᠡᠯᠭᠡᠭᠡᠨ ᠬᠢᠬᠦ ᠶᠢ ᠪᠠᠷᠢᠮᠲᠠᠯᠠᠬᠤ ᠬᠡᠷᠡᠭᠲᠡᠢ᠂ ᠵᠢᠱᠢᠶᠡᠯᠡᠪᠡᠯ ᠭᠠᠷᠠᠭ ᠪᠦᠷᠢ ᠠᠳᠠᠭ ᠲᠤ ᠪᠠᠨ  ᠭᠤᠷᠪᠠ  ᠤᠳᠠᠭ᠎ᠠ  ᠬᠥᠳᠡᠯᠭᠡᠭᠡᠨ ᠬᠢᠬᠦ ᠬᠡᠷᠡᠭᠲᠡᠢ᠂ ᠤᠳᠠᠭ᠎ᠠ ᠪᠦᠷᠢ ᠶᠢᠨ ᠬᠥᠳᠡᠯᠭᠡᠭᠡᠨ   ᠨᠢ  ᠪᠠᠷᠤᠭ  ᠬᠠᠭᠠᠰ  ᠴᠠᠭ ᠠᠴᠠ  150 ᠮᠢᠨᠦ᠋ᠲ ᠤᠨ ᠲᠤᠲᠤᠷ᠎ᠠ‌ᠥᠪᠡᠷ ᠤᠨ ᠪᠡᠶ᠎ᠡ ᠳᠡᠭᠡᠨ ᠲᠣᠬᠢᠷᠠᠭᠰᠠᠨ ᠬᠥᠳᠡᠯᠭᠡᠭᠡᠨ ᠤ ᠬᠡᠯᠪᠡᠷᠢ ᠶᠢ ᠠᠪᠴᠤ  ᠪᠣᠯᠣᠨ᠎ᠠ᠂ ᠠᠯᠬᠤᠬᠤ᠂ ᠭᠦᠶᠦᠬᠦ᠂ ᠤᠮᠪᠠᠭ᠋ᠤ ᠪᠤᠶᠤ ᠰᠠᠭᠰᠤᠨ ᠪᠥᠮᠪᠦᠭᠡ ᠨᠠᠭᠠᠳᠬᠤ᠂ ᠥᠳᠥᠨ ᠪᠥᠮᠪᠦᠭᠡ ᠨᠠᠭᠠᠳᠬᠤ ᠵᠡᠷᠭᠡ ᠨᠢ ᠪᠦᠷ ᠪᠣᠯᠣᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号