ᠵᠠᠷᠢᠮ ᠰᠦᠯᠵᠢᠶᠡᠨ ᠢᠷᠬᠡᠳ ᠤᠨ ᠲᠤᠰᠬᠠᠭᠰᠠᠨ ᠳ᠋ᠤᠭᠠᠷ ᠠᠪᠴᠤ ᠰᠦᠶᠳᠬᠡᠯ ᠲᠤᠰᠢᠶᠠᠬᠤ ᠴᠤᠩᠬᠤᠪᠴᠢ | ᠬᠡᠳᠤ ᠳᠤᠤᠷ᠎ᠠ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠥᠨᠳᠡᠯᠡᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠲᠡᠷᠡ | ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠲᠤᠰᠬᠠᠶ ᠰᠡᠳᠦᠪ ᠢᠶᠠᠷ ᠰᠤᠳᠤᠯᠤᠨ | ᠳᠤᠷᠠᠳᠤᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠪᠡ᠄ | ᠨᠢᠭᠡ ᠳᠤ᠂ ᠳ᠋ᠤᠭᠠᠷᠯᠠᠵᠤ ᠰᠦᠶᠳᠬᠡᠯ ᠲᠤᠰᠢᠶᠠᠬᠤ ᠪᠠ ᠡᠮ ᠤᠨ ᠦᠷᠦᠬᠡ ᠶᠢᠨ ᠴᠣᠩᠬᠤᠪᠴᠢ ᠳᠤ ᠲᠡᠭᠡᠭᠰᠢ | ᠲᠤᠷᠤᠬᠰᠢ ᠲᠤᠬᠢᠷᠠᠭᠤᠯᠵᠤ ᠪᠤᠯᠬᠤ ᠰᠠᠨᠳᠠᠯᠢ ᠨᠡᠮᠡᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠳᠤ ᠲᠥᠬᠦᠮ | ᠦᠵᠡᠭᠦᠯᠪᠡ︔ ᠬᠤᠶᠠᠷ ᠲᠤ᠂ ᠬᠥᠲᠥᠯᠥᠨ ᠵᠢᠯᠣᠭᠤᠳᠬᠤ ᠠᠵᠢᠯᠲᠠᠨ ᠨᠡᠮᠡᠵᠦ ᠲᠣᠬᠢᠷᠠᠭᠤᠯᠤᠨ᠂ ᠡᠪᠡᠳᠴᠢᠲᠡᠨ ᠤ | ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠶᠳᠪᠦᠷᠢᠯᠡᠪᠠ︔ ᠭᠤᠷᠪᠠ ᠳᠤ᠂ ᠲᠡᠷᠡ ᠲᠤᠤᠷ᠎ᠠ ᠨᠢ | ᠳ᠋ᠤᠭᠠᠷᠯᠠᠵᠤ ᠰᠦᠶᠳᠬᠡᠯ ᠲᠤᠰᠢᠶᠠᠬᠤ ᠴᠣᠩᠬᠤᠪᠴᠢ ᠪᠠ ᠡᠮ ᠤᠨ ᠦᠷᠦᠬᠡ ᠶᠢᠨ ᠴᠣᠩᠬᠤᠪᠴᠢ ᠶᠢᠨ ᠴᠢᠨᠠᠷ ᠢ | ᠳᠡᠭᠡᠭᠰᠢᠯᠡᠭᠦᠯᠬᠦ᠂ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠴᠣᠩᠬᠤᠪᠴᠢ ᠶᠢᠨ ᠥᠨᠳᠥᠷ ᠤᠨ | ᠬᠡᠮᠵᠢᠶ᠎ᠡ ᠶᠢ ᠳᠡᠭᠡᠭᠰᠢᠯᠡᠭᠦᠯᠵᠦ᠂ ᠨᠢᠭᠡ ᠭᠠᠷᠠᠭ ᠤᠨ ᠳᠣᠲᠣᠷ᠎ᠠ ᠥᠭᠡᠷᠡᠴᠢᠯᠡᠨ ᠵᠠᠰᠠᠬᠤ ᠶᠢ ᠪᠡᠶᠡᠯᠡᠭᠦᠯᠪᠠ︔ | ᠳᠥᠷᠪᠡ ᠳᠤ᠂ ᠬᠥᠨᠳᠡᠯᠡᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠡᠮᠨᠡᠯᠭᠡ ᠶᠢᠨ ᠬᠤᠷᠢᠶ᠎ᠠ ᠶᠢᠨ | ᠪᠥᠲᠥᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠵᠦ᠂ ᠳᠠᠷᠤᠶ ᠲᠦᠷᠭᠡᠨ ᠠᠰᠢᠭᠯᠠᠯᠲᠠ ᠳᠤ ᠣᠷᠣᠭᠤᠯᠵᠤ᠂ | ᠥᠷᠭᠡᠨ ᠣᠯᠠᠨ ᠡᠪᠡᠳᠴᠢᠲᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠴᠢᠨᠠᠭᠰᠢᠳᠠ ᠬᠠᠩᠭᠠᠪᠠ᠃ | ᠥᠷᠭᠡᠨ ᠣᠯᠠᠨ ᠰᠦᠯᠵᠢᠶᠡᠨ ᠢᠷᠭᠡᠳ ᠤᠨ ᠬᠥᠨᠳᠡᠯᠡᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ | ᠬᠠᠯᠠᠮᠵᠢᠯᠠᠵᠤ᠂ ᠣᠶᠢᠯᠠᠭᠠᠵᠤ᠂ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠥᠨᠳᠡᠯᠡᠨ | ᠲᠣᠭᠤᠷᠢᠭ ᠤᠨ ᠡᠮᠨᠡᠯᠭᠡ ᠶᠢᠨ ᠬᠤᠷᠢᠶ᠎ᠠ ᠦᠶᠯᠡᠴᠢᠯᠡᠭᠡᠨ ᠤ ᠶᠠᠰᠤ ᠴᠢᠨᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ | ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠥᠷᠭᠡᠨ ᠣᠯᠠᠨ ᠡᠪᠡᠳᠴᠢᠲᠡᠨ ᠤ ᠡᠪᠡᠳᠴᠢᠨ ᠦᠵᠡᠭᠦᠯᠬᠦ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ ︵ᠢᠷᠡᠯᠲᠡ᠄ ᠬᠥᠨᠳᠡᠯᠡᠨ ᠲᠣᠭᠤᠷᠢᠭ ᠤᠨ ᠡᠮᠨᠡᠯᠭᠡ ᠶᠢᠨ | ᠬᠤᠷᠢᠶ᠎ᠠ︶ |