ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2023/5/18
    5 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠱᠦᠵᠢ  ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠧ ᠰᠢᠨ ᠤ ᠵᠢᠯ ᠳᠤ 30 ᠲᠦᠮᠡᠨ ᠲᠣᠨ ᠮᠥᠬᠦᠯᠢᠭᠲᠦ ᠴᠠᠬᠢᠭᠤᠷ ᠦᠶᠯᠡᠳᠪᠦᠷᠢᠯᠡᠬᠦ ᠲᠥᠷᠥᠯ ᠵᠦᠶᠯ ᠵᠡᠷᠭᠡ ᠪᠥᠬᠦ ᠲᠤᠭᠤᠷᠢᠭ ᠤᠨ ᠴᠢᠬᠤᠯᠠ ᠶᠡᠭᠡ ᠲᠥᠷᠥᠯ ᠵᠦᠶᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠤᠳᠤᠷᠢᠳᠤᠯᠭ᠎ᠠ ᠲᠢᠶᠠᠨ ᠬᠤᠩ ᠴᠧᠩ᠂ ᠯᠢ ᠵᠦᠩ᠂ ᠢᠦᠢ ᠷᠦᠢ ᠴᠢᠩ᠂ ᠶᠠᠩ ᠶᠦᠩ᠂ ᠵᠧᠦ ᠬᠠᠢ ᠹᠸᠢ ᠬᠤᠷᠠᠯ ᠳᠤ ᠣᠷᠣᠯᠴᠠᠪᠠ᠃     ᠬᠤᠷᠠᠯ ᠠᠴᠠ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠲᠦ ᠬᠥᠳᠡᠯᠭᠡᠭᠦᠷ ᠪᠠ ᠴᠢᠬᠤᠯᠠ ᠭᠠᠷᠳᠠᠴᠠ ᠪᠣᠯᠭᠠᠵᠤ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ︽ᠰᠢᠨ᠎ᠡ ᠪᠠᠷ ᠨᠡᠮᠡᠭᠳᠡᠬᠦᠯᠬᠦ︾ ︽ᠪᠣᠳᠠᠲᠠᠶ ᠠᠳᠬᠤᠬᠤ︾ ︽ᠬᠢᠵᠤ ᠪᠦᠳᠦᠬᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠭᠤᠷᠪᠠᠳᠤᠭᠠᠷ ᠤᠯᠠᠷᠢᠯ ᠤᠨ ︽ᠰᠢᠵᠢᠷ ᠠᠯᠲᠠᠨ ᠴᠠᠭ ᠬᠤᠭᠤᠴᠠᠭ᠎ᠠ︾ ᠶᠢ ᠵᠠᠪᠳᠤᠨ ᠠᠳᠬᠤᠵᠤ᠂ ᠬᠠᠷᠠᠯᠲᠠ ᠡᠭᠦᠷᠭᠡ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠨᠢᠬᠳᠠ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠪᠥᠬᠦ ᠬᠦᠴᠦᠨ ᠢᠶᠠᠷ ᠢᠶᠠᠨ ᠠᠵᠢᠯ ᠢᠶᠠᠨ ᠡᠬᠢᠯᠡᠭᠦᠯᠵᠦ᠂ ᠠᠬᠢᠴᠠ ᠪᠠᠨ ᠳᠡᠭᠡᠭᠰᠢᠯᠡᠭᠦᠯᠬᠦ ᠬᠡᠷᠡᠭᠲᠡᠶ᠃ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠦᠭᠵᠢᠷᠡᠯ ᠤᠨ ᠴᠡᠭ ᠢ ᠨᠡᠪᠲᠡᠷᠡᠭᠦᠯᠵᠦ᠂ ᠡᠯ᠎ᠡ ᠲᠥᠷᠥᠯ ᠤᠨ ᠭᠠᠷᠳᠠᠮ ᠬᠦᠢᠴᠡᠳᠬᠡᠯ ᠪᠣᠯᠤᠨ ᠪᠤᠰᠤᠳ ᠵᠦᠶᠯᠡᠰ ᠢ ᠨᠢᠭᠡᠳᠦᠯᠲᠡᠶ ᠲᠥᠯᠥᠪᠵᠢᠭᠦᠯᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠱᠠᠯᠠᠪᠳᠠᠭᠤᠯᠤᠨ ᠵᠢᠯᠣᠭᠤᠳᠴᠤ ᠬᠢᠨᠠᠨ ᠰᠢᠯᠭᠠᠬᠤ ᠶᠢ ᠴᠢᠩᠭ᠎ᠠ ᠠᠳᠬᠤᠵᠤ᠂ ᠱᠠᠳᠤ ᠱᠠᠳᠤ ᠪᠠᠷ ᠳᠠᠷᠤᠯᠲᠠ ᠥᠭᠴᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠠᠯᠲᠠ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠨᠡᠩ ᠤᠯᠠᠨ ᠰᠤᠯᠠ ᠲᠠᠯᠪᠢᠬᠳᠠᠵᠤ ᠪᠠᠶᠢᠭ᠎ᠠ ᠬᠤᠭᠤᠰᠣᠨ ᠭᠠᠵᠠᠷ ᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠪᠣᠯᠭᠠᠵᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠢ ᠠᠵᠢᠯ ᠣᠯᠭᠤᠬᠤ᠂ ᠭᠠᠶᠢᠯᠢ ᠲᠤᠰᠢᠶᠠᠬᠤ᠂ ᠦᠷᠳᠡᠭ ᠡᠭᠦᠳᠬᠦ ᠠᠵᠤ ᠠᠬᠤᠶᠢᠯᠠᠯ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠰᠢᠨ᠎ᠡ ᠨᠡᠮᠡᠭᠳᠡᠯ ᠤᠨ ᠬᠡᠮᠵᠢᠶ᠎ᠡ ᠶᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠹᠧᠩ ᠰᠢᠤᠸᠠᠢ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号