ᠲᠢᠶᠠᠨ ᠬᠤᠩ ᠴᠧᠩ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/18
    5 ᠰᠠᠷ᠎ᠠ ᠶᠢᠨ 15 ᠤ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠢ ᠪᠠᠶᠢᠴᠠᠭᠠᠨ ᠰᠤᠳᠤᠯᠪᠠ᠃     ᠨᠢᠭᠡᠳᠦᠭᠡᠷ ᠴᠠᠬᠢᠯᠭᠠᠨ ᠦᠢᠯᠡᠳᠪᠦᠷᠢ ᠶᠢᠨ ᠭᠡᠷ ᠪᠦᠯᠢ ᠶᠢᠨ ᠬᠦᠷᠢᠶᠡᠯᠡᠩ᠂ ᠯᠦᠩ ᠲᠧᠩ ᠵᠢᠶᠠ ᠶᠤᠸᠠᠨ ᠵᠡᠷᠭᠡ ᠬᠤᠷᠢᠶᠠᠯᠠᠯ ᠳᠤ᠂ ᠲᠢᠶᠠᠨ ᠬᠤᠩ ᠴᠧᠩ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠭᠡᠭᠰᠡᠨ ᠪᠠᠶᠢᠳᠠᠯ ᠢ ᠰᠣᠨᠣᠰᠪᠠ᠃ ᠲᠡᠷᠡ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠤᠨ᠎ᠠ᠃ ︽ᠪᠦᠷᠢᠨ ᠪᠦᠲᠦᠨ ᠨᠡᠶᠢᠭᠡᠮ ᠲᠣᠭᠤᠷᠢᠭ︾ ᠤᠨ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠠᠬᠢᠭᠤᠯᠵᠤ᠂ ᠰᠠᠭᠤᠭᠠᠯᠢ ᠠᠷᠠᠳ ᠤᠨ ᠪᠣᠳᠠᠲᠠᠢ ᠬᠡᠷᠡᠭᠴᠡᠭᠡ ᠶᠢ ᠦᠨᠳᠦᠰᠦᠯᠡᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠣᠳᠠᠲᠤ ᠶᠠᠪᠤᠳᠠᠯ ᠢ ᠪᠣᠳᠠᠲᠠᠢ ᠠᠳᠬᠤᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠠᠮᠢᠳᠤᠷᠠᠯ ᠢ ᠨᠡᠩ ᠲᠦᠬᠦᠮ ᠨᠡᠩ ᠲᠠᠭᠠᠯᠠᠮᠵᠢᠲᠠᠢ ᠪᠣᠯᠭᠠᠬᠤ ᠬᠡᠷᠡᠭᠲᠡᠢ᠃ ᠨᠡᠪᠳᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠠᠵᠢᠯ ᠢ ᠬᠦᠴᠦ ᠪᠠᠨ ᠬᠠᠮᠲᠤᠳᠬᠠᠨ ᠠᠬᠢᠭᠤᠯᠵᠤ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠬᠠᠷᠠᠯᠲᠠ ᠡᠭᠦᠷᠭᠡ ᠶᠢ ᠲᠣᠭᠲᠠᠭᠰᠠᠨ ᠴᠠᠭ ᠲᠠᠭᠠᠨ ᠲᠤᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠷᠢᠨ ᠵᠦᠢᠯᠡᠰ ᠤᠨ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠨᠠᠷᠢᠨ ᠵᠦᠢᠯᠡᠰ ᠳᠡᠭᠡᠷ᠎ᠡ ᠬᠦᠴᠦᠯᠡᠵᠤ᠂ ᠦᠷ᠎ᠡ ᠪᠦᠲᠦᠮᠵᠢ ᠪᠠᠨ ᠨᠠᠷᠢᠨ ᠵᠦᠢᠯᠡᠰ ᠳᠡᠭᠡᠷ᠎ᠡ ᠢᠯᠡᠷᠡᠭᠦᠯᠬᠦ ᠬᠡᠷᠡᠭᠲᠡᠢ᠃ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠥᠷᠭᠡᠨ ᠭᠦᠨᠵᠡᠭᠡᠢ ᠥᠷᠨᠢᠭᠦᠯᠵᠦ᠂ ᠥᠭᠡᠷᠡᠴᠢᠯᠡᠯᠲᠡ ᠶᠢᠨ ᠳᠤᠮᠳᠠ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠨᠡᠩ ᠤᠯᠠᠨ ᠤᠯᠠᠨ ᠲᠦᠮᠡᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠲᠠᠶᠢᠴᠢᠯᠠᠬᠤ ᠬᠡᠷᠡᠭᠲᠡᠢ᠃     ᠺᠦᠨᠪᠸᠢ ᠪᠠᠷᠠᠭᠤᠨ ᠵᠠᠮ ᠪᠠ ᠰᠢᠨ ᠰᠢᠶᠠᠨ ᠴᠧᠩ ᠵᠠᠮ ᠵᠡᠷᠭᠡ ᠵᠠᠮ ᠬᠠᠷᠢᠯᠴᠠᠭᠠᠨ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠲᠢᠶᠠᠨ ᠬᠤᠩ ᠴᠧᠩ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠶᠢᠯᠠᠭᠠᠪᠠ᠃ ᠲᠡᠷᠡ᠂ ᠶᠡᠷᠦᠩᠬᠡᠶᠢᠯᠡᠭᠰᠡᠨ ᠰᠤᠳᠤᠯᠭᠠᠨ ᠢ ᠪᠠᠷᠢᠮᠲᠠᠯᠠᠵᠤ᠂ ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ ᠶᠢ ᠭᠦᠶᠴᠡᠳ ᠰᠠᠶᠢᠲᠤᠷ ᠬᠢᠵᠦ᠂ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠵᠠᠮ ᠤᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠵᠤ᠂ ᠬᠤᠲᠠ ᠶᠢᠨ ᠢᠷᠡᠭᠡᠳᠦᠶ ᠶᠢᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠶ᠃ ᠲᠦᠷᠤᠯ ᠵᠦᠢᠯ ᠤᠨ ᠪᠦᠳᠤᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠨᠢᠬᠳᠠ ᠴᠢᠩᠭ᠎ᠠ ᠠᠩᠬᠠᠷᠴᠤ᠂ ᠲᠦᠷᠭᠡᠨ ᠠᠰᠢᠭᠯᠠᠯᠲᠠ ᠳᠤ ᠣᠷᠣᠭᠤᠯᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠨᠡᠩ ᠲᠦᠷᠭᠡᠨ᠂ ᠨᠡᠩ ᠲᠦᠬᠦᠮ ᠪᠠᠶᠢᠬᠤ ᠶᠢ ᠪᠠᠲᠤᠯᠠᠬᠤ ᠬᠡᠷᠡᠭᠲᠡᠢ᠃ ᠵᠠᠮ ᠤᠨ ᠢᠵᠢ ᠪᠦᠷᠢᠳᠦᠭᠦᠯᠬᠦ ᠰᠠᠭᠤᠷᠢ ᠲᠦᠬᠦᠬᠡᠷᠦᠮᠵᠢ ᠶᠢ ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠵᠠᠮ ᠤᠨ ᠬᠤᠶᠠᠷ ᠬᠠᠵᠠᠭᠤ ᠶᠢ ᠴᠡᠪᠡᠷᠰᠢᠭᠦᠯᠬᠦ᠂ ᠨᠣᠭᠤᠭᠠᠷᠠᠭᠤᠯᠬᠤ᠂ ᠭᠤᠶᠤᠵᠢᠭᠤᠯᠬᠤ ᠵᠡᠷᠭᠡ ᠢᠨᠵᠧᠨᠧᠷᠢᠩ ᠢ ᠰᠠᠶᠢᠲᠤᠷ ᠬᠢᠵᠦ᠂ ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠪᠠ ᠴᠢᠨᠠᠷ ᠳᠡᠰ ᠢ ᠳᠡᠭᠡᠭᠰᠢᠯᠡᠭᠦᠯᠬᠦ ᠬᠡᠷᠡᠭᠲᠡᠶ ᠬᠡᠪᠡ᠃     ᠲᠣᠭᠤᠷᠢᠭ ᠤᠨ ᠳᠡᠳ᠋ ᠳᠠᠷᠤᠭ᠎ᠠ ᠶᠠᠩ ᠶᠦᠩ ᠵᠢᠴᠢ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ᠄ ᠶᠠᠨ ᠢ ᠫᠸᠢ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号