5 ᠰᠠᠷ᠎ᠠ ᠶᠢᠨ 16 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠶ ᠶᠦᠨ ᡂᠢ ᠬᠥᠨᠳᠡᠯᠡᠨ ᠲᠣᠭᠤᠷᠢᠭ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠮᠠᠨ ᠤ ᠲᠤᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠹᠠᠨ ᠬᠤᠩ ᠴᠢᠶᠠᠩ ᠵᠢᠴᠢ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠤᠬᠳᠠᠯ ᠪᠥᠬᠦᠶ ᠨᠢᠭᠡᠴᠢ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | ᠬᠤᠷᠠᠯ ᠠᠴᠠ ᠪᠥᠬᠦ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠢ 4 ᠰᠠᠷ᠎ᠠ ᠳᠠᠬᠢ | ᠲᠤᠬᠠᠶ ᠶᠢᠨ ᠭᠠᠵᠠᠷ ᠲᠤ ᠳᠠᠭᠤᠷᠢᠶᠠᠵᠤ ᠰᠢᠯᠭᠠᠨ ᠦᠨᠡᠯᠡᠭᠰᠡᠨ ᠪᠠᠶᠢᠳᠠᠯ ᠢ ᠮᠡᠳᠡᠭᠳᠡᠵᠦ᠂ ᠮᠠᠨ ᠤ ᠲᠤᠭᠤᠷᠢᠭ ᠤᠨ | ᠪᠠᠶᠢᠩᠭᠤᠵᠢᠭᠤᠯᠤᠨ ᠡᠭᠦᠳᠦᠨ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ | ᠪᠣᠯᠤᠨ ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ ᠶᠢ ᠲᠣᠬᠢᠷᠠᠭᠤᠯᠤᠨ ᠪᠠᠶᠢᠷᠢᠯᠠᠭᠤᠯᠵᠤ᠂ ᠬᠠᠮᠢᠶ᠎ᠠ | ᠪᠥᠬᠦᠶ ᠵᠡᠭᠡᠯᠢ ᠪᠠᠯᠭᠠᠰᠤ᠂ ᠰᠠᠯᠠᠭ᠎ᠠ ᠮᠥᠴᠢᠷ᠂ ᠨᠢᠭᠡᠴᠢ ᠠᠴᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ | ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ | ᠬᠤᠷᠠᠯ ᠠᠴᠠ᠂ ᠬᠥᠨᠳᠡᠯᠡᠨ ᠲᠣᠭᠤᠷᠢᠭ ᠨᠢ ᠬᠤᠭᠤᠴᠠᠭ᠎ᠠ ᠪᠦᠷᠢ ᠶᠢᠨ ᠪᠤᠭᠤᠲᠤ ᠬᠤᠲᠠ ᠶᠢᠨ ᠪᠥᠬᠦ ᠤᠯᠤᠰ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠭᠤᠤᠯ ᠲᠡᠶᠢᠨ ᠤ ᠲᠠᠯᠠᠪᠤᠷ᠂ ᠭᠤᠤᠯ ᠬᠦᠴᠦᠨ ᠴᠡᠷᠢᠭ ᠪᠣᠯᠤᠭᠰᠠᠨ ᠤ | ᠬᠤᠪᠢ ᠳᠤ᠂ ᠡᠯ᠎ᠡ ᠵᠡᠭᠡᠯᠢ ᠪᠠᠯᠭᠠᠰᠤ᠂ ᠰᠠᠯᠠᠭ᠎ᠠ ᠮᠥᠴᠢᠷ ᠨᠢᠭᠡᠴᠢ ᠦᠳᠲᠡᠷ ᠲᠦᠷᠭᠡᠨ ᠬᠥᠳᠡᠯᠦᠯᠴᠡᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠢᠯᠭᠠᠨ ᠦᠨᠡᠯᠡᠬᠦ ᠰᠢᠰᠲ᠋ᠧᠮ ᠤᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠵᠤ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠡᠷᠬᠢᠨ ᠲᠣᠭᠤᠷᠢᠨ᠂ ᠪᠤᠶᠢᠳᠠ ᠪᠦᠭᠯᠡᠬᠦᠦ | ᠵᠡᠭᠡᠯᠢ ᠭᠤᠳᠤᠮᠵᠢ᠂ ᠬᠠᠭᠤᠴᠢᠨ ᠬᠤᠷᠢᠶᠠᠯᠠᠯ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠶᠢᠨ ᠪᠣᠳᠠᠲᠤ | ᠦᠷ᠎ᠡ ᠪᠦᠲᠦᠮᠵᠢ ᠶᠢ ᠭᠤᠤᠯᠳᠠᠯᠭ᠎ᠠ ᠲᠠᠢ ᠠᠩᠬᠠᠷᠴᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ | ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ ᠬᠡᠵᠤ ᠵᠢᠭᠠᠵᠤ ᠭᠠᠷᠭᠠᠵᠠᠢ᠃ | ᠬᠤᠷᠠᠯ ᠠᠴᠠ᠂ ᠪᠥᠬᠦ ᠲᠤᠭᠤᠷᠢᠭ ᠳᠠᠶᠠᠭᠠᠷ ᠢᠶᠠᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ | ᠰᠠᠨᠠᠭ᠎ᠠ ᠪᠠᠨ ᠨᠢᠭᠡᠳᠬᠡᠨ᠂ ᠪᠠᠶᠢᠳᠠᠯ ᠢ ᠲᠣᠳᠣᠷᠬᠠᠶ ᠲᠠᠨᠢᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ | ᠠᠵᠢᠯ ᠢ ᠰᠠᠶᠢᠲᠤᠷ ᠬᠢᠬᠦ ᠲᠤᠯᠭᠠᠮ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠥᠬᠡᠶ | ᠴᠢᠩᠭᠠᠳᠬᠠᠬᠤ ᠬᠡᠷᠡᠭᠲᠡᠶ᠃ ᠡᠯ᠎ᠡ ᠵᠡᠭᠡᠯᠢ ᠪᠠᠯᠭᠠᠰᠤ᠂ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠪᠠᠨ | ᠲᠣᠳᠣᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠤᠨᠢᠨ ᠲᠡᠭᠡᠷ᠎ᠡ ᠨᠢ ᠪᠦᠲᠦᠮᠵᠢᠲᠡᠢ ᠰᠠᠶᠢᠲᠤᠷ ᠠᠳᠬᠤᠬᠤ ᠬᠡᠷᠡᠭᠲᠡᠢ᠃ | ᠱᠠᠯᠠᠪᠳᠠᠭᠤᠯᠤᠨ ᠪᠠᠶᠢᠴᠠᠭᠠᠬᠤ᠂ ᠲᠣᠬᠢᠷᠠᠭᠤᠯᠬᠤ᠂ ᠵᠠᠷᠯᠠᠨ ᠮᠡᠳᠡᠭᠳᠡᠬᠦ ᠡᠷᠴᠢᠮ ᠢᠶᠠᠨ ᠴᠢᠩᠭᠠᠷᠠᠭᠤᠯᠵᠤ᠂ ︽ᠬᠤᠶᠠᠷ | ᠠᠯᠪᠠᠨ ᠬᠡᠷ︾ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠠᠵᠢᠯ ᠤᠨ ᠲᠤᠰᠬᠠᠶ ᠱᠠᠯᠠᠪᠳᠠᠭᠤᠯᠤᠨ | ᠪᠠᠶᠢᠴᠠᠭᠠᠬᠤ ᠳᠤᠭᠤᠶᠢᠯᠠᠩ ᠠᠴᠠ ᠡᠯ᠎ᠡ ᠡᠭᠦᠷᠭᠡ ᠲᠤᠰᠢᠶᠠᠯᠳᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠭᠰᠡᠨ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠬᠤ ᠶᠢ ᠦᠨᠡᠨᠬᠦ ᠰᠠᠶᠢᠳᠤᠷ ᠠᠳᠬᠤᠵᠤ᠂ ᠠᠰᠠᠭᠤᠳᠠᠯ ᠢ | ᠢᠯᠡᠷᠡᠬᠦᠯᠪᠡᠯ ᠲᠤᠬᠠᠶ ᠶᠢᠨ ᠲᠠᠯᠠᠪᠠᠶ ᠳᠤ ᠬᠠᠷᠢᠭᠤ ᠲᠤᠰᠬᠠᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ | ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠪᠣᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ | ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠲᠥᠷᠥᠯ ᠤᠨ ᠵᠠᠭᠤᠴᠢᠯᠠᠭᠤᠷ ᠪᠠ | ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠭᠦᠶᠴᠡᠳ ᠠᠰᠢᠭᠯᠠᠨ᠂ ᠵᠥᠪ ᠲᠠᠯ᠎ᠠ ᠠᠴᠠ ᠤᠬᠠᠭᠤᠯᠬᠤ ᠪᠠ ᠡᠰᠡᠷᠭᠦ | ᠲᠠᠯ᠎ᠠ ᠠᠴᠠ ᠢᠯᠡᠴᠢᠯᠡᠬᠦ ᠶᠢ ᠴᠢᠩᠭᠠᠳᠬᠠᠵᠤ᠂ ᠥᠷᠭᠡᠨ ᠣᠯᠠᠨ ᠲᠦᠮᠡᠨ ᠤ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠶᠢ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠪᠠ ᠳᠡᠮᠵᠢᠬᠦ ᠨᠣᠷᠮ᠎ᠠ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠲᠠ ᠶᠢᠨ ᠬᠠᠮᠢᠶᠠᠷᠤᠯᠲᠠ ᠪᠠ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠷᠢᠮᠵᠢᠶᠠᠵᠢᠭᠤᠯᠬᠤ᠂ ᠨᠠᠷᠢᠯᠢᠬᠵᠢᠭᠤᠯᠬᠤ᠂ ᠣᠷᠳᠣ | ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ ᠬᠡᠵᠤ ᠴᠢᠬᠤᠯᠠᠴᠢᠯᠠᠵᠠᠢ᠃ ︵ | ᠢᠷᠡᠯᠲᠡ᠄ ᠲᠤᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠵᠦᠪᠯᠡᠯ ᠤᠨ ᠠᠯᠪᠠᠨ ᠬᠡᠷ︶ |