ᠪᠠᠶᠢᠯᠳᠤᠭᠠᠨᠲᠤ ᠤᠯᠤᠰ ᠤᠨ ᠦᠶ᠎ᠠ ᠶᠢᠨ ᠵᠤᠤ ᠤᠯᠤᠰ ᠤᠨ ᠣᠷᠳᠣ ᠴᠠᠭᠠᠨ ᠬᠡᠷᠡᠮ ︵ᠬᠥᠨᠳᠡᠯᠡᠨ ᠲᠣᠭᠤᠷᠢᠭ ᠤᠨ ᠬᠡᠰᠡᠭ︶
ᠨᠡᠶᠢᠲᠡᠯᠡᠭᠰᠡᠨ ᠴᠠᠭ᠄
2023/5/19
      ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 300 ᠣᠨ ᠳᠤ᠂ ᠵᠤᠤ ᠤᠯᠤᠰ ᠤᠨ ᠡᠦ ᠯᠢᠩ ᠸᠠᠩ ᠬᠢᠯᠢ ᠬᠢᠵᠠᠭᠠᠷ ᠢᠶᠠᠨ ᠦᠷᠬᠡᠳᠭᠡᠵᠤ ᠶᠦᠨ ᠵᠦᠩ ︵ᠤᠳᠤ ᠶᠢᠨ ᠬᠥᠬᠡᠬᠤᠲᠠ ᠶᠢᠨ ᠲᠣᠭᠲᠠᠬᠤ ᠰᠢᠶᠠᠨ ᠤ ᠭᠦ᠋ ᠴᠧᠩ ᠲᠣᠰᠬᠤᠨ ᠤ ᠡᠷᠲᠡᠨ ᠤ ᠬᠤᠳᠠ︶᠂ ᠵᠢᠦᠶᠤᠸᠠᠨ ︵ᠤᠳᠤ ᠶᠢᠨ ᠪᠤᠭᠤᠲᠤ ᠬᠤᠳᠠ ᠶᠢᠨ ᠲᠡᠯᠡᠨ ᠪᠤᠯᠠᠭ ᠤᠨ ᠡᠷᠲᠡᠨ ᠤ ᠬᠤᠳᠠ ᠶᠢᠨ ᠬᠤᠶᠢᠲᠤ ᠬᠡᠷᠡᠮ︶  ᠬᠦᠷᠦᠭᠰᠡᠨ ᠤ ᠳᠠᠷᠠᠭ᠎ᠠ᠂ ᠮᠤᠨᠢ ᠠᠭᠤᠯᠠ ᠶᠢᠨ ᠡᠮᠦᠨ᠎ᠡ ᠪᠡᠯ ᠲᠠᠭᠠᠵᠤ 500 ᠭᠠᠷᠤᠢ ᠺᠢᠯᠤᠮᠧᠲᠷ ᠤᠨ ᠤᠷᠳᠤ ᠴᠠᠭᠠᠨ ᠬᠡᠷᠡᠮ ᠢ ᠪᠠᠶᠢᠭᠤᠯᠵᠤ᠂ ᠾᠦᠩᠨᠦ ᠶᠢᠨ ᠲᠦᠷᠢᠵᠤ ᠤᠷᠤᠵᠤ ᠢᠷᠡᠬᠦ ᠠᠴᠠ ᠰᠡᠷᠭᠡᠶᠢᠯᠡᠪᠡ᠃ ᠤᠴᠢᠷ ᠨᠢ ᠡᠨᠡ ᠬᠦ ᠣᠷᠳᠣ ᠴᠠᠭᠠᠨ ᠬᠡᠷᠡᠮ ᠨᠢ ᠵᠣᠣ ᠤᠯᠤᠰ ᠤᠨ ᠤᠮᠠᠷᠠᠲᠤ ᠬᠡᠰᠡᠭ ᠤᠨ ᠬᠢᠯᠢ ᠳᠡᠭᠡᠷ᠎ᠡ ᠣᠷᠣᠰᠢᠵᠤ ᠪᠠᠶᠢᠭ᠎ᠠ ᠲᠤᠯᠠ ᠲᠡᠦᠬᠡᠨ ᠳᠡᠭᠡᠷ᠎ᠡ ︽ᠵᠣᠣ ᠤᠯᠤᠰ ᠤᠨ ᠤᠮᠠᠷᠠᠲᠤ ᠣᠷᠳᠣ ᠴᠠᠭᠠᠨ ᠬᠡᠷᠡᠮ︾ ᠭᠡᠳᠡᠭ᠃ ᠪᠠᠶᠢᠯᠳᠤᠭᠠᠨᠲᠤ ᠤᠯᠤᠰ ᠤᠨ ᠦᠶ᠎ᠡ ᠶᠢᠨ ᠵᠤᠤ ᠤᠯᠤᠰ ᠤᠨ ᠤᠮᠠᠷᠠᠳᠤ ᠣᠷᠳᠣ ᠴᠠᠭᠠᠨ ᠬᠡᠷᠡᠮ ᠤᠨ ᠬᠥᠨᠳᠡᠯᠡᠨ ᠲᠣᠭᠤᠷᠢᠭ ᠲᠤ ᠪᠠᠶᠢᠭ᠎ᠠ ᠬᠡᠰᠡᠭ ᠨᠢ ᠭᠤᠣᠯᠳᠠᠭᠤ ᠺᠦᠨ ᠪᠸᠢ ᠬᠡᠷᠡᠭ ᠡᠷᠬᠢᠯᠡᠬᠦ ᠭᠠᠵᠠᠷ ᠪᠠ ᠪᠤᠷᠬᠠᠨᠲᠤ ᠪᠠᠯᠭᠠᠰᠤᠨ ᠳᠤ ᠲᠠᠷᠬᠠᠵᠤ᠂ ᠪᠦᠬᠦ ᠣᠷᠳᠣ ᠨᠢ ᠪᠠᠷᠤᠭ 18.5 ᠺᠢᠯᠣᠮᠧᠲᠷ ᠪᠤᠢ᠃ ᠤᠷᠲᠤ ᠴᠠᠭᠠᠨ ᠬᠡᠷᠡᠮ ᠤᠨ ᠬᠡᠷᠡᠮ ᠤᠨ ᠴᠤᠬᠴᠠ ᠨᠢ ᠴᠦᠮ ᠬᠠᠩᠳᠠᠵᠤ ᠪᠠᠶᠢᠭᠤᠯᠤᠬᠰᠠᠨ ᠰᠢᠷᠣᠶ ᠶᠢᠨ ᠬᠡᠷᠡᠮ ᠪᠠᠶᠢᠵᠤ᠂ ᠬᠠᠩᠳᠠᠭᠰᠠᠨ ᠳᠠᠪᠬᠤᠷᠭ᠎ᠠ ᠨᠢ 6 — 8 ᠰᠠᠨᠲ᠋ᠢᠮᠧᠲᠷ ᠵᠤᠵᠠᠭᠠᠨ᠂  ᠡᠯ᠎ᠡ ᠳᠠᠪᠬᠤᠷᠭ᠎ᠠ ᠶᠢᠨ ᠬᠤᠭᠤᠷᠤᠨᠳᠤ ᠪᠠᠨ ᠲᠣᠳᠣᠷᠬᠠᠶ᠂ ᠲᠡᠭᠰᠢ ᠪᠥᠭᠡᠳ ᠬᠠᠲᠠᠭᠤ ᠪᠠᠬᠢᠯᠢᠭ᠌᠃ ᠤᠳᠤ ᠪᠠᠶᠢᠭ᠎ᠠ ᠬᠡᠷᠡᠮ ᠤᠨ ᠥᠨᠳᠥᠷ ᠨᠢ ᠨᠡᠶᠢᠳᠡᠮ ᠳᠡᠭᠡᠨ 2 ᠮᠧᠲᠷ ᠬᠦᠷᠬᠦ ᠦᠭᠡᠶ᠂ ᠳᠠᠯᠠᠩ ᠬᠡᠯᠪᠡᠷᠢ ᠲᠠᠢ᠂ ᠥᠷᠭᠡᠨ ᠨᠢ 4 — 7 ᠮᠧᠲᠷ᠃ ᠰᠢ ᠱᠦᠢ          ᠴᠢᠦᠸᠠᠨ ᠤ ᠬᠡᠰᠡᠭ ᠤᠨ ᠬᠡᠷᠡᠮ ᠳᠡᠭᠡᠷ᠎ᠡ ᠬᠠᠩᠳᠠᠭᠰᠠᠨ ᠬᠤᠳᠤᠭᠤᠷ ᠬᠡᠰᠡᠭ ᠪᠠᠶᠢᠬᠤ ᠶᠢ ᠢᠯᠡᠷᠡᠬᠦᠯᠪᠡ᠂ ᠡᠨᠡ ᠬᠤᠳᠤᠭᠤᠷ ᠨᠢ ᠵᠢᠭᠳᠡ ᠲᠣᠭᠤᠷᠢᠭ ᠬᠡᠯᠪᠡᠷᠢ ᠲᠠᠢ᠂ ᠮᠠᠰᠢ ᠨᠢᠭᠲᠠ᠂ ᠳ᠋ᠢᠶᠠᠮᠧᠲᠷ ᠨᠢ 9.5 ᠰᠠᠨᠲ᠋ᠢᠮᠧᠲᠷ ᠣᠷᠴᠢᠮ᠃ ᠬᠡᠷᠡᠮ ᠢ ᠲᠠᠭᠠᠵᠤ 5 ᠲᠤᠬᠢᠶ᠋ᠨᠨ ᠤ ᠭᠠᠯ ᠤᠨ ᠲᠠᠬᠳᠤ᠂ 7 ᠬᠠᠯᠬᠠᠪᠴᠢ ᠬᠡᠷᠡᠮ ᠢ ᠢᠯᠡᠷᠡᠬᠦᠯᠵᠡᠢ᠂ ᠲᠣᠰ ᠲᠣᠰ᠄ ᠴᠢᠶᠠᠨ ᠺᠸᠦ ᠽᠢ ᠶᠢᠨ ᠲᠤᠬᠢᠶᠠᠨ ᠤ ᠭᠠᠯ ᠤᠨ ᠲᠠᠭᠳᠤ ︵ᠠᠯᠠᠭ᠎ᠠ ᠪᠣᠯᠪᠠ︶᠂ ᠰᠢ ᠱᠦᠶ ᠴᠢᠤᠸᠠᠨ ᠤ 1—3 ᠳ᠋ᠤᠭᠠᠷ ᠨᠣᠮᠧᠷᠲᠤ ᠲᠤᠬᠢᠶᠠᠨ ᠤ ᠭᠠᠯ ᠤᠨ ᠲᠠᠬᠳᠤ ᠪᠠ ᠪᠤᠷᠬᠠᠨᠲᠤ ᠶᠢᠨ ᠲᠤᠬᠢᠶᠠᠨ ᠤ ᠭᠠᠯ ᠤᠨ ᠲᠠᠭᠳᠤ ᠪᠣᠯᠤᠨ᠎ᠠ᠂ ᠡᠲᠡᠭᠡᠷ ᠢ ᠴᠥᠮ ᠰᠢᠷᠣᠶ ᠪᠠᠷ ᠪᠠᠷᠢᠭᠰᠠᠨ ᠪᠥᠭᠡᠳ ᠣᠷᠳᠣ ᠴᠠᠭᠠᠨ ᠬᠡᠷᠡᠮ ᠤᠨ ᠳᠣᠲᠣᠷ᠎ᠠ ᠲᠠᠯ᠎ᠠ ᠳᠤ ᠨᠢ ᠪᠠᠶᠢᠭᠤᠯᠵᠠᠶ᠃ ᠬᠠᠯᠬᠠᠪᠴᠢ ᠬᠡᠷᠡᠮ ᠤᠨ ᠬᠤᠪᠢ ᠳᠤ᠂ ᠲᠤᠰ ᠲᠤᠰ ᠬᠡᠷᠡᠮ ᠲᠤᠰᠬᠤᠨ ᠤ ᠬᠢᠯᠢ ᠳᠤ ᠪᠠᠶᠢᠭ᠎ᠠ ᠬᠠᠯᠬᠠᠪᠴᠢ ᠬᠡᠷᠡᠮ᠂ ᠬᠥᠨᠳᠡᠯᠡᠨ ᠭᠤᠤ ᠶᠢᠨ ᠬᠠᠯᠬᠠᠪᠴᠢ ᠬᠡᠷᠡᠮ᠂ ᠬᠥᠨᠳᠡᠯᠡᠨ ᠰᠦᠮ᠎ᠡ ᠶᠢᠨ ᠬᠠᠯᠬᠠᠪᠴᠢ ᠬᠡᠷᠡᠮ ︵ᠠᠯᠠᠭ᠎ᠠ ᠪᠣᠯᠪᠠ︶᠂  ᠬᠤ᠋ ᠪᠧᠨ ᠬᠠᠨ ᠭᠸᠦ ᠶᠢᠨ ᠬᠤᠶᠢᠲᠤ ᠬᠠᠯᠬᠠᠪᠴᠢ ᠬᠡᠷᠡᠮ᠂ ᠬᠤ᠋ ᠪᠧᠨ ᠬᠠᠨ ᠭᠸᠦ ᠶᠢᠨ ᠡᠮᠦᠨ᠎ᠡ ᠬᠠᠯᠬᠠᠪᠴᠢ ᠬᠡᠷᠡᠮ ︵ᠠᠯᠠᠭ᠎ᠠ ᠪᠣᠯᠪᠠ︶᠂ ᠪᠤᠷᠬᠠᠨᠲᠤ ᠶᠢᠨ ᠬᠠᠯᠬᠠᠪᠴᠢ ᠬᠡᠷᠡᠮ ᠪᠠ ᠬᠠᠳᠠᠮᠠᠯ ᠭᠤᠤᠯ ᠶᠢᠨ ᠬᠠᠯᠬᠠᠪᠴᠢ ᠬᠡᠷᠡᠮ᠂ ᠪᠦᠷ ᠤᠷᠳᠤ ᠴᠠᠭᠠᠨ ᠬᠡᠷᠡᠮ ᠤᠨ ᠳᠣᠲᠣᠷ᠎ᠠ ᠲᠡᠯ᠎ᠡ ᠳᠤ ᠪᠠᠶᠢᠷᠢᠯᠠᠵᠤ᠂ ᠣᠯᠠᠩᠬᠢ ᠶᠢ ᠨᠢ ᠳᠠᠯᠠᠨ ᠬᠠᠷ᠎ᠠ ᠠᠭᠤᠯᠠ᠂ ᠮᠤᠨᠢ ᠠᠭᠤᠯᠠ ᠶᠢᠨ ᠭᠤᠤ ᠶᠢᠨ ᠠᠮᠠ ᠶᠢᠨ ᠬᠤᠶᠠᠷ ᠡᠷᠭᠢ ᠳᠤ ᠪᠠᠶᠢᠷᠢᠯᠠᠭᠤᠯᠵᠠᠶ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号