ᠬᠥᠨᠳᠡᠯᠡᠨ ᠲᠣᠭᠤᠷᠢᠭ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/20
    5 ᠰᠠᠷ᠎ᠠ ᠶᠢᠨ 16 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠶ ᠶᠦᠨ ᡂᠢ ᠬᠥᠨᠳᠡᠯᠡᠨ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠲᠤᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠠᠨ ᠬᠤᠩ ᠴᠢᠶᠠᠩ ᠵᠢᠴᠢ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ  ᠬᠤᠯᠪᠤᠬᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
    ᠬᠤᠷᠠᠯ ᠠᠴᠠ ᠪᠥᠬᠦ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠢ 4 ᠰᠠᠷ᠎ᠠ ᠳᠠᠬᠢ ᠲᠤᠬᠠᠶ ᠶᠢᠨ ᠭᠠᠵᠠᠷ ᠲᠤ ᠳᠠᠭᠤᠷᠢᠶᠠᠵᠤ ᠰᠢᠯᠭᠠᠨ ᠦᠨᠡᠯᠡᠭᠰᠡᠨ ᠪᠠᠶᠢᠳᠠᠯ ᠢ ᠮᠡᠳᠡᠭᠳᠡᠵᠦ᠂ ᠮᠠᠨ ᠤ ᠲᠤᠭᠤᠷᠢᠭ ᠤᠨ ᠪᠠᠶᠢᠩᠭᠤᠵᠢᠭᠤᠯᠤᠨ ᠡᠭᠦᠳᠦᠨ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠪᠣᠯᠤᠨ ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ ᠶᠢ ᠲᠣᠬᠢᠷᠠᠭᠤᠯᠤᠨ ᠪᠠᠶᠢᠷᠢᠯᠠᠭᠤᠯᠵᠤ᠂ ᠬᠠᠮᠢᠶ᠎ᠠ ᠪᠥᠬᠦᠶ ᠵᠡᠭᠡᠯᠢ ᠪᠠᠯᠭᠠᠰᠤ᠂ ᠰᠠᠯᠠᠭ᠎ᠠ ᠮᠥᠴᠢᠷ᠂ ᠨᠢᠭᠡᠴᠢ ᠠᠴᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃    ᠬᠤᠷᠠᠯ ᠠᠴᠠ᠂ ᠬᠥᠨᠳᠡᠯᠡᠨ ᠲᠣᠭᠤᠷᠢᠭ ᠨᠢ ᠬᠤᠭᠤᠴᠠᠭ᠎ᠠ ᠪᠦᠷᠢ ᠶᠢᠨ ᠪᠤᠭᠤᠲᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠭᠤᠤᠯ ᠲᠡᠶᠢᠨ ᠤ ᠲᠠᠯᠠᠪᠤᠷ᠂ ᠭᠤᠤᠯ ᠬᠦᠴᠦᠨ ᠴᠡᠷᠢᠭ ᠪᠣᠯᠤᠭᠰᠠᠨ ᠤ ᠬᠤᠪᠢ ᠳᠤ᠂ ᠡᠯ᠎ᠡ ᠵᠡᠭᠡᠯᠢ ᠪᠠᠯᠭᠠᠰᠤ᠂ ᠰᠠᠯᠠᠭ᠎ᠠ ᠮᠥᠴᠢᠷ ᠨᠢᠭᠡᠴᠢ ᠦᠳᠲᠡᠷ ᠲᠦᠷᠭᠡᠨ ᠬᠥᠳᠡᠯᠦᠯᠴᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠢᠯᠭᠠᠨ ᠦᠨᠡᠯᠡᠬᠦ ᠰᠢᠰᠲ᠋ᠧᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠡᠷᠬᠢᠨ ᠲᠣᠭᠤᠷᠢᠨ᠂ ᠪᠤᠶᠢᠳᠠ ᠪᠦᠭᠯᠡᠬᠦᠦ ᠵᠡᠭᠡᠯᠢ ᠭᠤᠳᠤᠮᠵᠢ᠂ ᠬᠠᠭᠤᠴᠢᠨ ᠬᠤᠷᠢᠶᠠᠯᠠᠯ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠶᠢ ᠭᠤᠤᠯᠳᠠᠯᠭ᠎ᠠ ᠲᠠᠢ ᠠᠩᠬᠠᠷᠴᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ ᠬᠡᠵᠤ ᠵᠢᠭᠠᠵᠤ ᠭᠠᠷᠭᠠᠵᠠᠢ᠃    ᠬᠤᠷᠠᠯ ᠠᠴᠠ᠂ ᠪᠥᠬᠦ ᠲᠤᠭᠤᠷᠢᠭ ᠳᠠᠶᠠᠭᠠᠷ ᠢᠶᠠᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠪᠠᠶᠢᠳᠠᠯ ᠢ ᠲᠣᠳᠣᠷᠬᠠᠶ ᠲᠠᠨᠢᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠯᠭᠠᠮ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠡᠯ᠎ᠡ ᠵᠡᠭᠡᠯᠢ ᠪᠠᠯᠭᠠᠰᠤ᠂ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠤᠨᠢᠨ ᠲᠡᠭᠡᠷ᠎ᠡ ᠨᠢ ᠪᠦᠲᠦᠮᠵᠢᠲᠡᠢ ᠰᠠᠶᠢᠲᠤᠷ ᠠᠳᠬᠤᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ᠂ ᠲᠣᠬᠢᠷᠠᠭᠤᠯᠬᠤ᠂ ᠵᠠᠷᠯᠠᠨ ᠮᠡᠳᠡᠭᠳᠡᠬᠦ ᠡᠷᠴᠢᠮ ᠢᠶᠠᠨ ᠴᠢᠩᠭᠠᠷᠠᠭᠤᠯᠵᠤ᠂ ︽ᠬᠤᠶᠠᠷ ᠠᠯᠪᠠᠨ ᠬᠡᠷ︾ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠠᠵᠢᠯ ᠤᠨ ᠲᠤᠰᠬᠠᠶ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠡᠯ᠎ᠡ ᠡᠭᠦᠷᠭᠡ ᠲᠤᠰᠢᠶᠠᠯᠳᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠬᠤ ᠶᠢ ᠦᠨᠡᠨᠬᠦ ᠰᠠᠶᠢᠳᠤᠷ ᠠᠳᠬᠤᠵᠤ᠂ ᠠᠰᠠᠭᠤᠳᠠᠯ ᠢ ᠢᠯᠡᠷᠡᠬᠦᠯᠪᠡᠯ ᠲᠤᠬᠠᠶ ᠶᠢᠨ ᠲᠠᠯᠠᠪᠠᠶ ᠳᠤ ᠬᠠᠷᠢᠭᠤ ᠲᠤᠰᠬᠠᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠪᠣᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠲᠥᠷᠥᠯ ᠤᠨ ᠵᠠᠭᠤᠴᠢᠯᠠᠭᠤᠷ ᠪᠠ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠭᠦᠶᠴᠡᠳ ᠠᠰᠢᠭᠯᠠᠨ᠂ ᠵᠥᠪ ᠲᠠᠯ᠎ᠠ ᠠᠴᠠ ᠤᠬᠠᠭᠤᠯᠬᠤ ᠪᠠ ᠡᠰᠡᠷᠭᠦ ᠲᠠᠯ᠎ᠠ ᠠᠴᠠ ᠢᠯᠡᠴᠢᠯᠡᠬᠦ ᠶᠢ ᠴᠢᠩᠭᠠᠳᠬᠠᠵᠤ᠂ ᠥᠷᠭᠡᠨ ᠣᠯᠠᠨ ᠲᠦᠮᠡᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠪᠠ ᠳᠡᠮᠵᠢᠬᠦ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠲᠠ ᠶᠢᠨ ᠬᠠᠮᠢᠶᠠᠷᠤᠯᠲᠠ ᠪᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠷᠢᠮᠵᠢᠶᠠᠵᠢᠭᠤᠯᠬᠤ᠂ ᠨᠠᠷᠢᠯᠢᠬᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ ᠬᠡᠵᠤ ᠴᠢᠬᠤᠯᠠᠴᠢᠯᠠᠵᠠᠢ᠃ ︵ᠢᠷᠡᠯᠲᠡ᠄ ᠲᠤᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠵᠦᠪᠯᠡᠯ ᠤᠨ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号