ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ      ︵2023 ᠣᠨ ᠤ 3 — 4 ᠰᠠᠷ᠎ᠠ︶
ᠨᠡᠶᠢᠲᠡᠯᠡᠭᠰᠡᠨ ᠴᠠᠭ᠄
2023/5/22
ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ             ︵2023 ᠣᠨ ᠤ 3 — 4 ᠰᠠᠷ᠎ᠠ︶        3 ᠰᠠᠷ᠎ᠠ ᠶᠢᠨ 1 ᠤ ᠡᠳᠦᠷ᠂ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ 2023 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠶᠳᠪᠦᠷᠢᠯᠡᠭᠦᠯᠬᠦ ᠠᠵᠢᠯ ᠤᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠦ᠋ ᠸᠧᠨ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠠᠢ ᠶᠦᠨ ᡂᠢ ᠬᠤᠷᠠᠯ ᠢ ᠡᠷᠬᠢᠯᠡᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠯᠢ ᠰᠢᠶᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠳ᠋ᠠᠨ ᠮᠧᠶ ᠬᠤᠷᠠᠯ ᠳᠤ ᠣᠷᠣᠯᠴᠠᠵᠠᠶ᠃ ᠬᠤᠷᠠᠯ ᠠᠴᠠ 2022 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠬᠡᠰᠢᠬᠦᠨ ᠤ ᠰᠠᠨᠠᠯ ᠳᠤᠷᠠᠳᠤᠯᠭ᠎ᠠ ᠶᠢ ᠭᠦᠶᠴᠡᠳᠬᠡᠭᠰᠡᠨ ᠪᠠᠶᠢᠳᠠᠯ ᠢ ᠨᠡᠶᠢᠳᠡᠯᠡᠨ ᠮᠡᠳᠡᠭᠳᠡᠵᠦ᠂ 2023 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠬᠡᠰᠢᠬᠦᠨ ᠤ ᠰᠠᠨᠠᠯ ᠳᠤᠷᠠᠳᠤᠯᠭ᠎ᠠ ᠶᠢ ᠭᠦᠶᠴᠡᠳᠬᠡᠬᠦ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃     3 ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠪᠤᠯᠤᠨ ᠰᠦᠵᠧᠦ ᠶᠢᠨ ᠱᠢ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠦᠩ ᠱᠢ ᠬᠤᠩ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ ᠲᠣᠰ ᠤᠳᠠᠭ᠎ᠠ ᠭᠡᠷ᠎ᠡ ᠲᠣᠭᠲᠠᠭᠰᠠᠨ ᠤ ᠳᠠᠷᠠᠭ᠎ᠠ᠂ ᠱᠢ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠬᠤᠪᠢᠴᠠᠭᠠᠳᠤ ᠬᠢᠵᠠᠭᠠᠷᠳᠤ ᠺᠤᠮᠫᠠᠨᠢ ᠨᠢ ᠣᠲᠣ ᠶᠢᠨ ᠪᠠᠶᠢᠭ᠎ᠠ ᠠᠵᠤ ᠦᠶᠯᠡᠰ ᠢᠶᠠᠷ ᠰᠠᠭᠤᠷᠢ ᠪᠣᠯᠭᠠᠵᠤ᠂ ᠬᠥᠨᠳᠡᠯᠡᠨ ᠲᠣᠭᠤᠷᠢᠭ ᠲᠤ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠳᠡᠭᠡᠳᠦ ᠲᠠᠰ ᠤᠨ ᠲᠣᠨᠣᠭᠯᠠᠯ ᠦᠶᠯᠡᠳᠬᠦ ᠵᠢᠴᠢ ᠰᠢᠨ᠎ᠡ ᠡᠨᠧᠷᠭᠢ ᠶᠢᠨ ᠲᠣᠨᠣᠭᠯᠠᠯ ᠦᠶᠯᠡᠳᠬᠦ ᠲᠥᠷᠥᠯ ᠵᠦᠶᠯ ᠳᠤ ᠪᠠᠯᠠ ᠣᠷᠣᠭᠤᠯᠤᠨ ᠪᠥᠲᠥᠭᠡᠨ ᠪᠠᠶᠢᠭᠤᠯᠬᠤ ᠪᠣᠯᠤᠨ᠎ᠠ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠰᠢᠤ ᠯᠢᠶᠠᠨ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠬᠤᠲᠠ ᠶᠢᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠴᠢᠶᠠᠩ᠂ ᠲᠣᠭᠤᠷᠢᠭ ᠤᠨ ᠤᠳᠤᠷᠢᠳᠤᠯᠭ᠎ᠠ ᠯᠢ ᠵᠥᠩ ᠵᠢᠴᠢ ᠠᠵᠤ ᠠᠬᠤᠶᠢᠯᠠᠯ ᠤᠨ ᠬᠤᠯᠪᠤᠬᠳᠠᠯ ᠪᠥᠬᠦᠶ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠭᠰᠠᠨ ᠪᠥᠭᠡᠳ ᠭᠠᠷ ᠤᠨ ᠥᠰᠥᠭ ᠵᠢᠷᠤᠬᠤ ᠶᠣᠰᠣᠯᠠᠯ ᠢ ᠭᠡᠷᠡᠴᠢᠯᠡᠪᠡ᠃     3 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠪᠤᠯᠤᠨ ᠨᠠᠨ ᠴᠦ᠋ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠪᠦᠯᠦᠭᠯᠡᠯ ᠬᠢᠵᠠᠭᠠᠷᠲᠤ ᠺᠣᠮᠫᠠᠨᠢ ᠶᠢᠨ ᠪᠡᠭᠡᠵᠢᠩ ᠳᠠᠬᠢ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠲᠠᠨ ᠰᠢᠤᠢ ᠬᠠᠶ ᠪᠥᠸᠧ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ︽ᠪᠤᠭᠤᠲᠤ ᠶᠢᠨ ᠴᠠᠬᠢᠭᠤᠷ ᠤᠨ ᠮᠠᠲ᠋ᠧᠷᠢᠶᠠᠯ᠂ ᠬᠤᠪᠣᠷ ᠰᠢᠷᠣᠶ ᠶᠢᠨ ᠦᠶᠯᠡᠳᠬᠦᠨ ᠤ ᠪᠡᠯᠡᠨ ᠪᠠᠷᠠᠭ᠎ᠠ ᠶᠢ ᠠᠷᠠᠯᠵᠢᠶᠠᠯᠠᠬᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠬᠡᠬᠡ ᠶᠢᠨ ᠬᠦᠷᠢᠶᠡᠯᠡᠩ ᠤᠨ ᠲᠥᠷᠥᠯ ᠵᠦᠶᠯ︾  ᠳᠤ ᠭᠠᠷ ᠤᠨ ᠥᠰᠥᠭ ᠵᠢᠷᠤᠪᠠ᠃ ᠲᠣᠰ ᠲᠥᠷᠥᠯ ᠵᠦᠶᠯ ᠤᠨ  ᠶᠡᠷᠦᠩᠬᠡᠢ ᠪᠡᠯᠡ ᠤᠷᠤᠭᠤᠯᠤᠯᠳᠠ 6 ᠳ᠋ᠦᠩᠰᠢᠭᠤᠷ ᠲᠥᠭᠦᠷᠢᠭ᠂ 100 ᠮᠥ ᠭᠠᠵᠠᠷ ᠬᠡᠷᠡᠭᠯᠡᠬᠦ ᠪᠠᠷ ᠲᠥᠯᠥᠪᠯᠡᠵᠦ ᠪᠤᠢ᠂ ᠭᠤᠤᠯᠳᠠᠭᠤ ᠴᠠᠬᠢᠭᠤᠷ ᠤᠨ ᠮᠠᠲ᠋ᠧᠷᠢᠶᠠᠯ᠂ ᠬᠤᠪᠣᠷ ᠰᠢᠷᠣᠶ ᠶᠢᠨ ᠦᠶᠯᠡᠳᠬᠦᠨ ᠪᠠ ᠲᠡᠮᠦᠷᠯᠢᠭ ᠤᠨ ᠦᠶᠯᠡᠳᠬᠦᠨ ᠵᠡᠷᠭᠡ ᠡᠳ᠋ ᠪᠠᠷᠠᠭ᠎ᠠ ᠶᠢᠨ ᠬᠥᠮᠥᠷᠭᠡᠯᠡᠨ ᠬᠠᠳᠠᠭᠠᠯᠠᠬᠤ ᠵᠢᠴᠢ ᠪᠡᠯᠡᠨ ᠪᠠᠷᠠᠭ᠎ᠠ ᠶᠢ ᠲᠤᠰᠢᠶᠠᠬᠤ ᠳᠤ ᠬᠡᠷᠡᠭᠯᠡᠨ᠎ᠡ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠬᠥᠨᠳᠡᠯᠡᠨ ᠲᠣᠭᠤᠷᠢᠭ ᠤᠨ ᠢᠷᠡᠭᠡᠳᠦᠶ ᠳᠤ ᠲᠡᠮᠦᠷᠯᠢᠭ ᠵᠢᠴᠢ ᠭᠡᠷᠡᠯᠴᠢ ᠴᠡᠨᠡᠭ ᠤᠨ ᠦᠶᠯᠡᠳᠬᠦᠨ ᠤ ᠭᠠᠵᠠᠷ ᠣᠷᠣᠨ ᠤ ᠠᠷᠠᠯᠵᠢᠶᠠᠨ ᠤ ᠲᠠᠪᠴᠠᠩ ᠢ ᠪᠠᠶᠢᠭᠤᠯᠬᠤ᠂ ᠭᠠᠵᠠᠷ ᠣᠷᠣᠨ ᠤ ᠠᠷᠠᠯᠵᠢᠶ᠎ᠠ ᠶᠢᠨ ᠵᠢᠯᠣᠭᠤᠳᠬᠤ ᠦᠨ᠎ᠡ ᠬᠠᠩᠰᠢ ᠶᠢᠨ ᠰᠢᠰᠲ᠋ᠧᠮ ᠪᠣᠯᠤᠨ ᠠᠷᠠᠯᠵᠢᠶᠠᠨ ᠤ ᠲᠥᠪ ᠢ ᠪᠦᠷᠢᠯᠳᠦᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠣᠭᠤᠷᠢᠭ ᠤᠨ ᠤᠳᠤᠷᠢᠳᠤᠯᠭ᠎ᠠ ᠯᠢ ᠵᠦᠩ᠂ ᠢᠦᠢ ᠷᠦᠢ ᠴᠢᠩ᠂ ᠯᠢ ᠬᠤᠩ ᠢᠦᠢ ᠵᠢᠴᠢ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃    3 ᠰᠠᠷ᠎ᠠ ᠶᠢᠨ 3 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠬᠦᠷᠴᠦ ᠴᠢᠳᠠᠪᠤᠷᠢᠲᠠᠨ ᠠᠵᠢᠯᠲᠠᠨ ᠤ ᠶᠠᠪᠤᠳᠠᠯ ᠤᠨ ᠦᠶᠯᠡᠴᠢᠯᠡᠭᠡ᠂ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ᠂ ᠠᠵᠢᠯ ᠣᠯᠵᠤ ᠦᠶᠯᠡᠰ ᠪᠤᠰᠬᠠᠬᠤ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠶᠢ ᠪᠣᠶ ᠪᠣᠯᠭᠠᠵᠤ᠂ ᠪᠥᠬᠦ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ ᠰᠣᠶᠣᠯ ᠤᠨ ᠦᠶᠯᠡᠰ᠂ ᠴᠢᠳᠠᠪᠤᠷᠢᠲᠠᠨ ᠢ ᠬᠥᠮᠦᠵᠢᠭᠦᠯᠦᠨ ᠦᠯᠡᠳᠡᠭᠡᠵᠦ ᠬᠡᠷᠡᠭᠯᠡᠬᠦ ᠵᠡᠷᠭᠡ ᠠᠵᠢᠯ ᠳᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠬᠡᠵᠤ ᠴᠢᠬᠤᠯᠠᠴᠢᠯᠠᠪᠠ᠃ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃    3 ᠰᠠᠷ᠎ᠠ ᠶᠢᠨ 3 ᠤ ᠡᠳᠦᠷ᠂ ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ ᠪᠣᠯᠤᠨ ᠪᠡᠭᠡᠵᠢᠩ ᠤᠨ ᠺᠠ ᠪᠢᠨ ᠴᠠᠨᠠᠯᠠᠯᠳᠠ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠦᠯᠦᠭᠯᠡᠯ ᠤᠨ ᠳᠡᠳ᠋ ᠶᠡᠷᠦᠩᠬᠡᠶ ᠵᠡᠬᠢᠷᠦᠯ ᠵᠧᠤ ᠳ᠋ᠠᠶ ᠶᠠᠨ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ᠺᠦᠨᠯᠦ᠋ᠨ ᠴᠠᠨᠠᠯᠠᠯᠳᠠ ᠶᠢᠨ ᠲᠠᠯᠠᠪᠤᠷ ᠤᠨ ᠲᠥᠷᠥᠯ ᠵᠦᠶᠯ ᠳᠤ ᠬᠡᠷ᠎ᠡ ᠲᠤᠬᠳᠠᠵᠤ ᠭᠠᠷ ᠤᠨ ᠥᠰᠥᠭ ᠵᠢᠷᠤᠪᠠ᠃ ᠲᠣᠰ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 5 ᠳ᠋ᠦᠩᠰᠢᠭᠤᠷ ᠲᠥᠭᠦᠷᠢᠭ᠂ ᠶᠡᠷᠦᠩᠬᠡᠶ ᠡᠵᠡᠯᠡᠬᠦ ᠭᠠᠵᠠᠷ ᠨᠢ ᠪᠠᠷᠤᠭ 37 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠬᠠᠩᠭᠠᠬᠤ ᠬᠢᠭᠡᠳ ᠬᠤᠲᠠ ᠶᠢᠨ ᠵᠤᠭ᠎ᠠ ᠴᠡᠩᠭᠡᠯ ᠤᠨ ᠬᠦᠷᠢᠶᠡᠯᠡᠩ ᠢ ᠵᠡᠷᠭᠡ ᠪᠠᠷ ᠴᠢᠬᠤᠯᠠᠴᠢᠯᠠᠬᠰᠠᠨ ᠪᠥᠬᠦ ᠤᠯᠠᠷᠢᠯ ᠳᠤ ᠡᠵᠡᠩᠨᠡᠬᠦ ᠪᠥᠬᠦ ᠵᠢᠭᠤᠯᠴᠢᠯᠠᠭᠰᠠᠳ ᠢ ᠬᠠᠮᠤᠷᠤᠭᠰᠠᠨ ᠰᠡᠯᠡᠭᠦᠴᠡᠯ ᠵᠤᠭ᠎ᠠ ᠴᠡᠩᠭᠡᠯ ᠤᠨ ᠵᠢᠵᠢᠭ ᠪᠠᠯᠭᠠᠰᠤ ᠶᠢ ᠪᠥᠲᠥᠭᠡᠨ ᠪᠠᠶᠢᠭᠤᠯᠬᠤ ᠪᠣᠯᠤᠨ᠎ᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ᠂ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠵᠢᠴᠢ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃      3 ᠰᠠᠷ᠎ᠠ ᠶᠢᠨ 7 ᠤ ᠡᠳᠦᠷ᠂ ᠬᠥᠨᠳᠡᠯᠡᠨ ᠲᠣᠭᠤᠷᠢᠭ ︽ ᠪᠤᠭᠤᠳᠤ ᠬᠤᠲᠠ ᠶᠢᠨ ᠡᠮᠡᠭᠲᠡᠶᠢᠴᠦᠳ ᠨᠠᠮ ᠢᠶᠠᠨ ᠳᠠᠭᠠᠵᠤ ᠭᠠᠷ ᠬᠤᠯᠪᠣᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠨ᠎ᠠ︾ ᠬᠡᠬᠦ ︽3·8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠤᠨ 113 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠣᠭᠤᠷᠢᠭ ᠤᠨ ᠤᠳᠤᠷᠢᠳᠤᠯᠭ᠎ᠠ ᠲᠢᠶᠠᠨ ᠬᠤᠩ ᠴᠧᠩ᠂ ᠯᠢ ᠵᠢᠶᠦ᠋ᠨ᠂ ᠮᠠ ᠹᠦ᠋᠂ ᠢᠦᠢ ᠷᠦᠢ ᠴᠢᠩ᠂ ᠵᠤᠤ ᠳ᠋ᠠᠨ ᠮᠧᠢ᠂ ᠪᠤᠭᠤᠳᠤ ᠶᠢᠨ ᠪᠤᠯᠤᠳ ᠲᠡᠮᠦᠷ ᠤᠨ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ ᠶᠠᠩ ᠯᠢ ᠮᠢᠨ ᠨᠡᠷ ᠶᠡᠭᠡ ᠬᠤᠷᠠᠯ ᠳᠤ ᠣᠷᠣᠯᠴᠠᠵᠠᠢ᠃ ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ ᠶᠡᠭᠡ ᠬᠤᠷᠠᠯ ᠢ ᠡᠷᠭᠢᠯᠡᠪᠡ᠃ ᠶᠡᠭᠡ ᠬᠤᠷᠠᠯ ᠠᠴᠠ ︽ᠬᠥᠨᠳᠡᠯᠡᠨ ᠲᠣᠭᠤᠷᠢᠭ ᠤᠨ ︿3·8﹀ ᠤ ᠤᠯᠠᠭᠠᠨ ᠲᠤᠭᠴᠢ ᠶᠢᠨ ᠵᠢᠱᠢᠶᠡᠴᠢ  ᠂ ︿3·8﹀ ᠤ ᠤᠯᠠᠭᠠᠨ ᠲᠤᠭᠴᠢ ︵ᠬᠠᠮᠲᠤ︶᠂ ᠬᠠᠮᠤᠭ ᠤᠨ ᠭᠤᠶᠤ ᠭᠡᠷ ᠪᠦᠯᠢ ᠵᠡᠷᠭᠡ ᠶᠢ ᠨᠡᠷᠡᠶᠢᠳᠬᠦ ᠲᠤᠬᠠᠢ ᠬᠥᠨᠳᠡᠯᠡᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠭᠰᠡᠨ ᠪᠥᠭᠡᠳ ᠢᠷᠠᠭᠤ ᠠᠯᠳᠠᠷ ᠢ ᠬᠦᠷᠳᠡᠭᠰᠡᠨ ᠲᠥᠯᠥᠭᠡᠯᠡᠭᠴᠢ᠂ ᠨᠢᠭᠡᠴᠢ ᠪᠣᠯᠤᠨ ᠭᠡᠷ ᠪᠦᠯᠢ ᠳᠤ ᠱᠠᠩᠨᠠᠯ ᠭᠠᠷᠳᠠᠭᠤᠯᠪᠠ᠃    3 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠮᠠᠨ ᠤ ᠲᠤᠭᠤᠷᠢᠭ ᠤᠨ ᠦᠶᠯᠡᠴᠢᠯᠡᠭᠡᠨ ᠤ ᠦᠶᠯᠡᠰ ᠤᠨ ᠠᠷᠠᠯᠵᠢᠶᠠᠴᠢᠨ ᠤᠷᠢᠵᠤ ᠪᠠᠯᠠ ᠮᠥᠩᠭᠦ ᠣᠷᠣᠭᠤᠯᠤᠨ ᠠᠪᠴᠢᠷᠠᠬᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠰᠢᠯᠢᠳᠡᠭ ᠲᠦᠷᠦᠯ ᠵᠦᠢᠯ ᠪᠠ ᠠᠵᠤ ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠵᠤ᠂ ᠬᠡᠷᠡᠭᠯᠡᠭᠡ ᠶᠢᠨ ᠡᠵᠡᠩᠨᠡᠯᠲᠡ ᠶᠢᠨ ᠬᠡᠯᠪᠡᠷᠢ ᠶᠢ ᠴᠢᠨᠠᠭᠰᠢᠳᠠ ᠪᠠᠶᠠᠯᠢᠭᠵᠢᠭᠤᠯᠵᠤ᠂ ᠤᠯᠠᠨ ᠶᠠᠩᠵᠤᠵᠢᠬᠰᠠᠨ᠂ ᠬᠡᠪᠴᠢᠶᠡᠵᠢᠭᠰᠡᠨ᠂ ᠳᠡᠭᠡᠳᠦ ᠲᠡᠰᠵᠢᠭᠰᠡᠨ ᠬᠤᠳᠠᠯᠳᠤᠭᠠᠨ ᠤ ᠦᠢᠯᠡᠰ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃ ᠲᠤᠭᠤᠷᠢᠭ ᠤᠨ ᠤᠳᠤᠷᠢᠳᠤᠯᠭ᠎ᠠ ᠯᠢ ᠬᠤᠩ ᠢᠦᠶ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃    3 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠮᠠᠨ ᠤ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠦᠨᠳᠦᠰᠦᠨ ᠪᠠᠶᠢᠳᠠᠯ ᠵᠢᠴᠢ 2023 ᠣᠨ ᠤ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠬᠤᠯᠪᠤᠬᠳᠠᠯ ᠪᠥᠬᠦᠶ ᠰᠠᠯᠠᠭ᠎ᠠ ᠮᠥᠴᠢᠷ ᠨᠢᠬᠡᠴᠢ ᠣᠲᠣ ᠶᠢᠨ ᠪᠠᠶᠢᠭ᠎ᠠ ᠰᠠᠭᠤᠷᠢᠨ ᠳᠡᠭᠡᠷ᠎ᠡ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠠᠵᠠ ᠲᠣᠬᠢᠶᠠᠯ ᠢ ᠠᠮᠵᠢᠵᠤ᠂ ᠪᠥᠬᠦ ᠲᠤᠭᠤᠷᠢᠭ ᠤᠨ ᠬᠦᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠨᠠᠩ ᠶᠡᠭᠡ ᠬᠥᠭᠵᠢᠯᠲᠡ ᠶᠢ ᠲᠠᠰᠤᠷᠠᠯᠲᠠ ᠥᠬᠡᠶ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃ ᠲᠤᠭᠤᠷᠢᠭ ᠤᠨ ᠤᠳᠤᠷᠢᠳᠤᠯᠭ᠎ᠠ ᠸᠠᠩ ᠰᠢᠤ ᠵᠢᠤᠸᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃    3 ᠰᠠᠷ᠎ᠠ ᠶᠢᠨ 13 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠶ ᠶᠦᠨ ᡂᠢ᠂ ᠯᠢ ᠵᠥᠩ᠂ ᠵᠦ ᠮᠧᠩ᠂ ᠭᠤᠤ ᠢᠦᠶ ᠫᠦ᠋᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠬᠥᠨᠳᠡᠯᠡᠨ ᠲᠣᠭᠤᠷᠢᠭ ᠤᠨ ᠭᠡᠨᠡᠳᠲᠡ ᠶᠢᠨ ᠬᠡᠷᠡᠭ ᠤᠨ ᠪᠦᠬᠦᠯᠢ ᠴᠤᠬᠴᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ︵ᠲᠤᠷᠰᠢᠨ ᠬᠡᠷᠡᠭᠵᠢᠭᠦᠯᠬᠦ︶ ︵ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠳᠡᠭᠡᠳᠦ ᠱᠠᠲᠤᠨ ᠤ ᠪᠡᠯᠡ ᠮᠥᠩᠭᠦ ᠶᠢ ᠲᠡᠮᠡᠴᠡᠨ ᠤᠯᠬᠤ ᠶᠢ ᠬᠢᠨᠠᠨ ᠰᠢᠯᠭᠠᠵᠤ ᠱᠠᠩᠨᠠᠬᠤ ᠲᠦᠷ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ ︵ᠬᠢᠨᠠᠭᠤᠯᠬᠤ ᠨᠤᠤᠷᠠᠭ︶︾ ᠶᠢ ᠰᠤᠳᠤᠯᠤᠨ ᠬᠢᠨᠠᠨ ᠵᠦᠪᠯᠡᠪᠡ︔ ︽ᠤᠮᠠᠷᠠᠲᠤ ᠶᠢᠨ ᠬᠤᠪᠣᠷ ᠰᠢᠷᠣᠶ ᠶᠢᠨ ᠪᠣᠬᠢᠷᠲᠤᠯ ᠥᠬᠡᠶ ᠪᠣᠯᠪᠠᠰᠤᠷᠠᠭᠤᠯᠬᠤ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠶᠯ ᠤᠨ ᠵᠠᠮ ᠱᠤᠭᠤᠮ ᠢ ᠨᠡᠬᠦᠯᠬᠡᠨ ᠥᠭᠡᠷᠡᠴᠢᠯᠡᠬᠦ ᠲᠥᠰᠦᠯ ︵ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠰᠢᠨ ᠶᠤᠸᠠᠨ ᠴᠠᠬᠢᠭᠤᠷ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨ ᠶᠤᠸᠠᠨ ᠤ 220kV ᠤᠨ ᠬᠤᠪᠢᠰᠬᠠᠭᠤᠷ ᠤᠨ ᠥᠷᠲᠡᠭᠡ ᠶᠢᠨ ᠪᠠᠯᠠ ᠣᠷᠣᠭᠤᠯᠤᠯᠲᠠ ᠶᠢᠨ ᠨᠥᠬᠦᠪᠥᠷᠢ ᠵᠥᠪᠯᠡᠯᠴᠡᠭᠡᠷ ︵ᠬᠢᠨᠠᠭᠤᠯᠬᠤ ᠨᠤᠤᠷᠠᠭ︶︾ ᠢ ᠰᠤᠳᠤᠯᠪᠠ︔ 2023 ᠣᠨ ᠤ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠭᠤᠤᠯᠳᠠᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠳᠤ ᠲᠤᠭᠤᠷᠢᠭ ᠤᠨ  ᠵᠠᠰᠠᠭ ᠤᠨ ᠣᠷᠳᠣᠨ ᠤ ᠠᠵᠢᠯ ᠤᠨ ᠠᠭᠤᠯᠭ᠎ᠠ ᠳᠤ ᠬᠤᠯᠪᠣᠭᠳᠠᠭᠰᠠᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠭᠦᠶᠯᠭᠡᠬᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠱᠠᠩᠨᠠᠯ ᠤᠨ ᠮᠥᠩᠭᠦ ᠶᠢ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠤᠨ ᠬᠥᠳᠡᠯᠮᠦᠷᠢ ᠶᠢᠨ ᠬᠠᠷᠢᠴᠠᠭ᠎ᠠ ᠪᠠᠨ ᠬᠦᠴᠦᠨ ᠥᠬᠡᠶ ᠪᠣᠯᠭᠠᠭᠰᠠᠨ ᠬᠥᠮᠦᠰ ᠲᠤ ᠨᠥᠬᠦᠪᠥᠷᠢ ᠦᠭᠬᠦ ︵ᠲᠥᠯᠥᠪᠦᠷᠢ︶ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠨ ᠢ ᠲᠥᠪᠬᠢᠨᠡᠭᠦᠯᠬᠦ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠬᠠᠷᠢᠭᠤ ᠮᠡᠳᠡᠭᠦᠯᠦᠯᠲᠡ︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠦᠷ ᠦᠭᠬᠦ ᠵᠤᠭᠤᠰ ᠢ ᠭᠡᠷᠡᠭᠯᠡᠵᠤ ᠪᠠᠩᠬᠢ ᠶᠢᠨ ᠡᠬᠡ ᠬᠦᠦ ᠮᠥᠩᠭᠦ ᠶᠢ ᠪᠤᠴᠠᠭᠠᠬᠤ ᠬᠠᠮᠢᠶ᠎ᠠ ᠪᠥᠬᠦᠶ ᠶᠠᠪᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠪᠠ᠃     3 ᠰᠠᠷ᠎ᠠ ᠶᠢᠨ 18 ᠤ ᠡᠳᠦᠷ᠂ ᠬᠥᠨᠳᠡᠯᠡᠨ ᠲᠣᠭᠤᠷᠢᠭ ᠤᠮᠠᠷᠠᠲᠤ ᠶᠢᠨ ᠴᠢ ᠴᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠨᠡᠭᠡᠭᠡᠯᠲᠡ ᠶᠢᠨ ᠶᠣᠰᠣᠯᠠᠯ ᠵᠢᠴᠢ ᠪᠤᠭᠤᠲᠤ ᠶᠢᠨ ᠲᠣᠭᠠᠴᠢᠯᠠᠭᠰᠠᠨ ᠠᠵᠤ ᠠᠬᠤᠶ ᠬᠢᠭᠡᠳ ᠰᠦᠯᠵᠢᠶᠡᠨ ᠤ ᠠᠮᠤᠷ ᠲᠦᠪᠰᠢᠨ ᠤ ᠳᠡᠭᠡᠳᠦ ᠲᠠᠰ ᠤᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠪᠡ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠰᠢᠤ ᠯᠢᠶᠠᠨ ︽ᠪᠤᠭᠤᠲᠤ ᠬᠤᠲᠠ ᠶᠢᠨ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ︾᠂ ︽ᠪᠤᠭᠤᠲᠤ ᠬᠤᠲᠠ ᠶᠢᠨ ︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠳᠤ ᠤᠯᠤᠰ﹀ ᠵᠠᠯᠠᠭᠤᠴᠤᠳ ᠤᠨ ᠰᠢᠨ᠎ᠡ ᠶᠢ ᠡᠭᠦᠳᠬᠦ ᠦᠶᠯᠡᠰ ᠪᠤᠰᠬᠠᠬᠤ ᠵᠠᠭᠤᠨ ᠬᠥᠮᠦᠨ ᠤ ᠡᠪᠯᠡᠯ︾᠂ ︽ᠥᠪᠥᠷ ᠮᠣᠩᠭᠤᠯ ᠤᠨ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠲᠤᠷᠠᠭᠰᠠᠨ ᠲᠤᠷᠰᠢᠯᠲᠠ ᠶᠢᠨ ᠲᠠᠰᠤᠭ︾  ᠲᠤ ᠫᠠᠶᠢᠰᠠ ᠡᠯᠬᠦᠵᠤ ᠦᠭᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠤᠮᠠᠷᠠᠲᠤ ᠶᠢᠨ ᠴᠢ ᠴᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠦᠷ᠎ᠡ ᠪᠦᠲᠦᠭᠡᠯ ᠤᠨ ᠨᠠᠷᠢᠨ ᠲᠠᠩᠰᠠ ᠶᠢ ᠨᠡᠶᠢᠲᠡᠯᠡᠪᠡ᠃ ᠲᠤᠭᠤᠷᠢᠭ ᠤᠨ ᠳᠡᠳ᠋ ᠳᠠᠷᠤᠭ᠎ᠠ ᠯᠢ ᠬᠤᠩ ᠢᠦᠶ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠬᠤᠸᠠ ᠷᠦᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠠᠵᠤ ᠦᠶᠯᠡᠰ ᠤᠨ ᠰᠤᠳᠤᠯᠭᠠᠨ ᠤ ᠬᠦᠷᠢᠶᠡᠯᠡᠩ᠂ ᠰᠢᠩ ᠾᠦᠸᠧ · ᠴᠦᠷᠭᠡᠯᠡᠭᠡ ᠲᠤᠤᠷ ᠰᠦᠯᠵᠢᠶ᠎ᠡ ᠶᠢᠨ ᠭᠤᠤᠯ ᠨᠢᠷᠤᠭᠤᠪᠴᠢ ᠶᠢᠨ ᠵᠠᠩᠭᠢᠯᠠᠭ᠎ᠠ ᠶᠢᠨ ᠴᠡᠭ ︵ᠥᠪᠥᠷ ᠮᠣᠩᠭᠤᠯ ᠤᠨ ᠪᠤᠭᠤᠲᠤ︶ ᠤᠨ ᠲᠥᠷᠥᠯ ᠵᠦᠶᠯ ᠵᠡᠷᠭᠡ 3 ᠲᠥᠷᠥᠯ ᠵᠦᠶᠯ ᠤᠨ ᠬᠠᠷᠢᠭᠤᠴᠠᠯᠭᠠᠲᠠᠨ ᠲᠠᠢ ᠲᠥᠷᠥᠯ ᠵᠦᠶᠯ ᠢ ᠨᠠᠶᠢᠳᠠᠪᠤᠷᠢᠵᠢᠭᠤᠯᠤᠨ ᠭᠡᠷ᠎ᠡ ᠲᠣᠭᠲᠠᠵᠤ᠂ ᠬᠠᠩᠵᠧᠦ ᠶᠢᠨ ᠢ ᠢᠦᠶ ᠴᠢᠶᠠᠨ ᠰᠢᠶᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠢᠶᠠᠩᠰᠦ ᠶᠢᠨ ᠯᠦᠩ ᠱᠧᠩ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 6 ᠺᠣᠮᠫᠠᠨᠢ ᠶᠢᠨ ᠬᠠᠷᠢᠭᠤᠴᠠᠯᠭᠠᠲᠠᠨ ᠲᠠᠢ ᠲᠥᠷᠥᠯ ᠵᠦᠶᠯ ᠢ ᠬᠦᠷᠢᠶᠡᠯᠡᠩ ᠳᠤ ᠤᠷᠤᠭᠤᠯᠬᠤ ᠭᠡᠷ᠎ᠡ ᠲᠣᠭᠲᠠᠪᠠ᠃ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠳ᠋ᠠ ᠯᠢᠩ ᠸᠠᠨ ᠲᠤᠰᠬᠠᠶ ᠲᠦᠷᠦᠯ ᠵᠦᠢᠯ ᠤᠨ ᠠᠯᠪᠠᠨ ᠬᠡᠷ ᠤᠨ ᠳᠡᠳ᠋ ᠡᠷᠬᠢᠯᠡᠭᠴᠢ ᠵᠠᠩ ᡁᠢ ᠭᠠᠩ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠵᠠᠬᠢᠷᠤᠯ ᠷᠧᠨ ᠡᠾᠦ᠋ᠢ ᠫᠢᠩ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠫᠧᠩ ᠰᠢᠶᠤᠤ ᠳ᠋ᠦᠩ᠂ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠳᠠᠷᠤᠭ᠎ᠠ ᠶᠠᠩ ᠵᠢᠶᠦ᠋ᠨ᠂ ᠲᠣᠭᠤᠷᠢᠭ ᠤᠨ ᠤᠳᠤᠷᠢᠳᠤᠯᠭ᠎ᠠ ᠮᠠ ᠹᠦ᠋᠂ ᠢᠦᠢ ᠷᠦᠢ ᠴᠢᠩ᠂ ᠡᠤ ᠱᠧᠨ ᠮᠦᠸᠧ ᠶᠣᠰᠣᠯᠠᠯ ᠳᠤ ᠣᠷᠣᠯᠴᠠᠪᠠ᠃     3 ᠰᠠᠷ᠎ᠠ ᠶᠢᠨ 18 ᠤ ᠡᠳᠦᠷ᠂ ᠪᠤᠭᠤᠲᠤ ᠬᠤᠲᠠ ᠶᠢᠨ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠳᠠᠭᠠᠭᠠᠴᠢᠯᠠᠨ ᠡᠷᠭᠢᠯᠡᠭᠰᠡᠨ ᠪᠤᠭᠤᠲᠤ ᠶᠢᠨ ᠲᠣᠭᠠᠴᠢᠯᠠᠭᠰᠠᠨ ᠠᠵᠤ ᠠᠬᠤᠶ ᠬᠢᠭᠡᠳ ᠰᠦᠯᠵᠢᠶᠡᠨ ᠤ ᠠᠮᠤᠷ ᠲᠦᠪᠰᠢᠨ ᠤ ᠳᠡᠭᠡᠳᠦ ᠲᠠᠰ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠰᠢᠤ ᠯᠢᠶᠠᠨ ︽ᠥᠪᠥᠷ ᠮᠣᠩᠭᠤᠯ ᠤᠨ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠲᠤᠷᠠᠭᠰᠠᠨ ᠲᠤᠷᠰᠢᠯᠲᠠ ᠶᠢᠨ ᠲᠠᠰᠤᠭ︾ ᠤᠨ 13 ᠬᠡᠷᠡᠭ ᠡᠷᠬᠢᠯᠡᠭᠴᠢ ᠨᠢᠭᠡᠴᠢ ᠳᠤ ᠫᠠᠶᠢᠰᠠ ᠣᠯᠭᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠪᠤᠭᠤᠲᠤ ᠬᠤᠲᠠ ᠶᠢᠨ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠢᠨᠲ᠋ᠧᠷ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠵᠦᠪᠯᠡᠯ ᠤᠨ ᠠᠯᠪᠠᠨ ᠬᠡᠷ ᠤᠨ ᠡᠷᠬᠢᠯᠡᠭᠴᠢ ᠴᠧᠨ ᡁᠢ ᠭᠠᠩ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠳ᠋ᠠ ᠯᠢᠩ ᠸᠠᠨ ᠲᠤᠰᠬᠠᠶ ᠲᠦᠷᠦᠯ ᠵᠦᠢᠯ ᠤᠨ ᠠᠯᠪᠠᠨ ᠬᠡᠷ ᠤᠨ ᠳᠡᠳ᠋ ᠡᠷᠬᠢᠯᠡᠭᠴᠢ ᠵᠠᠩ ᡁᠢ ᠭᠠᠩ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠳᠠᠷᠤᠭ᠎ᠠ ᠶᠠᠩ ᠵᠢᠶᠦ᠋ᠨ᠂ ᠲᠣᠭᠤᠷᠢᠭ ᠤᠨ ᠤᠳᠤᠷᠢᠳᠤᠯᠭ᠎ᠠ ᠢᠦᠶ ᠷᠦᠢ ᠴᠢᠩ᠂ ᠦ᠋ ᠱᠧᠨ ᠮᠦᠸᠧ᠂ ᠯᠢ ᠬᠤᠩ ᠢᠦᠶ᠂ ᠵᠧᠤ ᠬᠠᠶ ᠹᠸᠢ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃    3 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠪᠤᠭᠤᠲᠤ ᠶᠢᠨ ᠪᠣᠯᠣᠳ ᠲᠡᠮᠦᠷ ᠲᠡᠮᠦᠷᠯᠢᠭ  ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ ᠬᠦᠷᠢᠶᠡᠯᠡᠩ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠪᠣᠯᠤᠨ ᠠᠶᠤᠯᠬᠦᠢ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠵᠠᠢ ᠶᠦᠨ ᡂᠢ᠂ ᠢᠦᠢ ᠷᠦᠢ ᠴᠢᠩ᠂ ᠵᠧᠦ ᠬᠠᠢ ᠹᠸᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠪᠠ᠃      3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 3 ᠤ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠪᠡᠭᠡᠵᠢᠩ᠂ ᠱᠧᠨᠵᠧᠨ᠂ ᠴᠢᠩᠳᠣᠤ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠠᠵᠢᠯ ᠥᠷᠨᠢᠭᠦᠯᠪᠡ᠃ ᠱᠧᠨᠵᠧᠨ ᠤ ᠸᠧ ᠹᠦ᠋ ᠲᠧ ᠠᠦ᠋ᠲ᠋ᠣᠴᠢᠯᠠᠭᠰᠠᠨ ᠲᠤᠨᠤᠭ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ᠂ ᠺᠧ ᠮᠤᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠬᠤᠳᠠᠯᠳᠤᠭᠠᠨ ᠤ ᠬᠤᠯᠪᠣᠭ᠎ᠠ ᠶᠢᠨ ᠪᠠᠷᠠᠭ᠎ᠠ ᠰᠤᠯᠢᠯᠴᠠᠬᠤ ᠠᠷᠠᠯᠵᠢᠶᠠᠨ ᠤ ᠬᠤᠪᠢᠶᠠᠷᠢ ᠨᠡᠶᠢᠭᠡᠮᠯᠢᠭ ᠢᠶᠠᠷ ᠬᠦᠷᠴᠦ ᠰᠢᠨᠵᠢᠯᠡᠨ ᠪᠠᠶᠢᠴᠠᠭᠠᠭᠰᠠᠨ ᠪᠥᠭᠡᠳ ᠱᠧᠨᠵᠧᠨ ᠤ ᠮᠤᠤ ᠶᠧ ︵ᠪᠦᠯᠦᠭᠯᠡᠯ︶ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠵᠦᠪᠯᠡᠯ ᠤᠨ ᠲᠡᠷᠢᠭᠦᠯᠡᠭᠴᠢ ᠬᠤᠸᠠᠩ ᠮᠤᠤ ᠷᠤ᠋᠂ ᠰᠢᠨ ᠳ᠋ᠡ ᠲᠠᠩ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠨᠠ ᠰᠢᠨ ᠲᠠᠢ ᠶᠠᠷᠢᠯᠴᠠᠪᠠ᠃ ᠲᠣᠭᠤᠷᠢᠭ ᠤᠨ ᠤᠳᠤᠷᠢᠳᠤᠯᠭ᠎ᠠ ᠯᠢ ᠬᠤᠩ ᠢᠦᠶ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠣᠷᠣᠯᠴᠠᠪᠠ᠃    4 ᠰᠠᠷ᠎ᠠ ᠶᠢᠨ 4 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠢ ᠶᠦᠨ ᡂᠢ᠂ ᠯᠢ ᠵᠦᠩ᠂ ᠵᠦ ᠮᠧᠩ᠂ ᠭᠤᠤ ᠢᠦᠢ ᠫᠦ᠋᠂ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠵᠤᠤ ᠲᠠᠢ ᠰᠢᠶᠠᠨ᠂ ᠯᠢ ᠸᠧᠢ ᠬᠤᠷᠠᠯ ᠳᠤ ᠣᠷᠣᠯᠴᠠᠪᠠ᠃ ᠬᠤᠷᠠᠯ ᠠᠴᠠ ︽ᠪᠦᠬᠦ ᠨᠠᠮ ᠤᠨ ᠲᠤᠳᠤᠷ᠎ᠠ ᠪᠠᠶᠢᠴᠠᠭᠠᠨ ᠰᠤᠳᠤᠯᠤᠯᠲᠠ ᠬᠢᠬᠦ ᠶᠢ ᠶᠡᠬᠡᠪᠡᠷ ᠦᠷᠨᠢᠬᠦᠯᠬᠦ ᠲᠤᠬᠠᠢ ᠠᠵᠢᠯ ᠤᠨ ᠲᠥᠰᠦᠯ︾᠂ ︽ᠪᠤᠭᠤᠲᠤ ᠬᠤᠲᠠ ᠶᠢᠨ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠬᠤ ᠲᠦᠷᠦᠯ ᠵᠦᠢᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠮᠢᠶᠠᠷᠤᠯᠲᠠ ᠶᠢᠨ ᠲᠡᠰ ᠳᠠᠷᠠᠭᠠᠯᠠᠯ︾ ᠵᠢᠴᠢ ᠰᠦᠨ ᠱᠤᠤ ᠴᠧᠩ ᠱᠦᠵᠢ ᠶᠢᠨ ᠤᠯᠠᠭᠠᠨᠬᠠᠳᠠ ᠶᠢᠨ ᠠᠤᠬᠠᠨ ᠬᠤᠰᠢᠭᠤᠨ ᠤ ᠭᠠᠯ ᠤᠨ ᠭᠠᠮᠰᠢᠭ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ︽ᠬᠦᠨᠳᠡᠯᠡᠨ ᠭᠤᠤᠯ ᠴᠡᠴᠡᠷᠯᠢᠭ ᠤᠨ ᠬᠠᠮᠢᠶᠠᠷᠤᠯᠲᠠ ᠠᠷᠠᠴᠢᠯᠠᠯᠳᠠ ᠡᠵᠡᠩᠨᠡᠯᠳᠡ ᠶᠢ ᠨᠢᠭᠡ ᠴᠣᠭᠴᠠᠵᠢᠭᠤᠯᠬᠤ ᠲᠥᠷᠥᠯ ᠵᠦᠶᠯ ᠤᠨ ᠬᠠᠮᠲᠤᠷᠠᠯᠴᠠᠭᠠᠨ ᠤ ᠵᠥᠪᠯᠡᠯᠴᠡᠭᠡᠷ ︵ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠥᠪᠥᠷ ᠮᠣᠩᠭᠤᠯ ᠤᠨ ᠵᠥᠩ ᠴᠧᠩ ᠲᠠᠬᠢᠨ ᠠᠰᠢᠬᠯᠠᠵᠤ ᠪᠤᠯᠬᠤ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠶᠢᠨ ︵ᠨᠢᠭᠡᠳᠦᠭᠡᠷ᠂ ᠬᠤᠶᠠᠳᠤᠭᠠᠷ ᠬᠤᠭᠤᠴᠠᠭ᠎ᠠ︶ ᠭᠠᠵᠠᠷ ᠰᠢᠷᠣᠶ ᠲᠠᠲᠠᠪᠤᠷᠢᠯᠠᠬᠤ ᠳᠤ ᠪᠠᠯᠠ ᠮᠥᠩᠭᠦ ᠶᠢ ᠣᠷᠣᠯᠠᠨ ᠥᠭᠭᠦᠭᠰᠡᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃    4 ᠰᠠᠷ᠎ᠠ ᠶᠢᠨ 4 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 4  ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠶ ᠶᠦᠨ ᡂᠢ᠂ ᠵᠦ ᠮᠧᠩ᠂ ᠵᠠᠩ ᠬᠤᠸᠠ᠂ ᠸᠠᠩ ᠰᠢᠤ ᠵᠢᠦᠸᠠᠨ᠂ ᠵᠣᠣ ᠲᠠᠢ ᠰᠢᠶᠠᠨ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ︽ᠬᠥᠨᠳᠡᠯᠡᠨ ᠲᠣᠭᠤᠷᠢᠭ ᠤᠨ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠬᠡᠷᠡᠭᠵᠢᠭᠦᠯᠬᠦ ᠲᠥᠰᠦᠯ ︵ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭᠠᠨ ᠤ ᠲᠥᠰᠦᠯ ︵2023 — 2025 ᠣᠨ︶ ︵ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠬᠥᠨᠳᠡᠯᠡᠨ ᠲᠣᠭᠤᠷᠢᠭ ᠤᠨ ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠳᠠᠰᠤ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠤᠲᠠ ᠶᠢᠨ ᠳᠠᠷᠤᠭ᠎ᠠ ᠵᠠᠩ ᠷᠦᠢ ᠶᠢᠨ ᠲᠤᠰᠢᠶᠠᠨ ᠰᠢᠢᠳᠪᠦᠷᠢᠯᠡᠬᠦᠯᠦᠭᠰᠡᠨ ᠵᠦᠶᠯᠡᠰ ᠢ ᠬᠥᠨᠳᠡᠯᠡᠨ ᠲᠣᠭᠤᠷᠢᠭ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠬᠠᠷᠢᠭᠤ ᠮᠡᠳᠡᠭᠦᠯᠦᠯᠲᠡ᠂ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠰᠤᠷᠭᠠᠭᠤᠯᠢ ᠶᠢᠨ ᠬᠦᠷᠢᠶᠡᠨ ᠤ ᠲᠤᠰᠬᠠᠶ ᠲᠤᠰᠢᠶᠠᠯᠲᠤ ᠠᠮᠤᠷ ᠢ ᠬᠠᠮᠠᠭᠠᠯᠠᠬᠤ ᠠᠵᠢᠯᠲᠠᠨ ᠢ ᠨᠡᠮᠡᠵᠦ ᠲᠣᠬᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠪᠥᠭᠡᠮ ᠬᠦᠴᠢᠯ ᠤᠨ ᠪᠠᠶᠢᠴᠠᠭᠠᠯᠳᠠ ᠬᠢᠵᠤ ᠥᠷᠢᠲᠦᠭᠰᠡᠨ ᠵᠣᠭᠤᠰ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     4 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠪᠤᠭᠤᠲᠤ ᠶᠢᠨ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠲᠡᠮᠦᠷᠯᠢᠭ ᠢ ᠨᠠᠷᠢᠯᠢᠭ ᠡᠳ᠋ᠰᠢᠬᠦᠯᠬᠦ ᠠᠵᠤ ᠦᠶᠯᠡᠰ ᠤᠨ ᠬᠦᠷᠢᠶᠡᠯᠡᠩ ᠳᠤ ᠬᠦᠷᠴᠦ ᠲᠦᠩ ᠸᠧᠶ ᠶᠢᠨ ᠴᠠᠬᠢᠭᠤᠷ ᠤᠨ ᠡᠨᠧᠷᠭᠢ ᠶᠢᠨ 20 ᠲᠦᠮᠡᠨ ᠲᠣᠨ ᠤᠨ ᠴᠤᠯ ᠴᠡᠪᠡᠷ ᠲᠠᠯᠠᠰᠲᠤ ᠴᠠᠬᠢᠭᠤᠷ᠂ ︽ ᠵᠦᠩ ᠶᠢᠦ ᠵᠦᠩ ᠪᠤᠤ︾   ᠶᠢᠨ ᠵᠢᠯ ᠳᠤ 40 ᠲᠦᠮᠡᠨ ᠲᠣᠨ ᠤᠷᠢᠶᠠᠮᠠᠭ / ᠰᠢᠯᠤᠭᠤᠨ ᠵᠠᠭᠠᠳᠠᠰᠤᠲᠤ ᠪᠣᠯᠣᠳ ᠬᠤᠭᠤᠯᠠᠶ ᠦᠢᠯᠡᠳᠪᠦᠷᠢᠯᠡᠬᠦ ᠵᠢᠴᠢ ᠳᠤᠯᠠᠭᠠᠨ ᠢ ᠬᠠᠳᠠᠭᠠᠯᠠᠵᠤ ᠢᠳᠡᠭᠳᠡᠯ ᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠ ᠠᠶᠦᠯᠬᠦᠢ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠡᠯ᠎ᠡ ᠰᠠᠯᠠᠭ᠎ᠠ ᠮᠥᠴᠢᠷ ᠵᠣᠬᠢᠴᠠᠭᠤᠯᠭ᠎ᠠ ᠨᠡᠪᠲᠡᠷᠡᠯᠴᠡᠭᠡ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠠᠬᠢᠴᠠ ᠳᠤ ᠭᠠᠷᠠᠭ ᠲᠤ ᠨᠢᠬᠡ ᠤᠳᠠᠭ᠎ᠠ ᠲᠣᠬᠢᠷᠠᠭᠤᠯᠤᠯᠲᠠ    ᠬᠢᠵᠤ᠂ ᠡᠳᠦᠷ ᠪᠦᠷᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠪᠠᠯᠠ ᠮᠥᠩᠭᠦ᠂ ᠭᠠᠵᠠᠷ ᠰᠢᠷᠣᠶ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ︔ ᠡᠯ᠎ᠡ ᠠᠵᠤ ᠠᠬᠤᠶᠢᠯᠠᠯ ᠠᠰᠢᠭᠲᠠᠢ ᠴᠠᠭ ᠮᠥᠴᠡ ᠶᠢ ᠠᠮᠵᠢᠵᠤ᠂ ᠪᠠᠷᠢᠯᠭ᠎ᠠ ᠶᠢᠨ ᠠᠮᠤᠷ ᠲᠦᠪᠰᠢᠨ ᠪᠠ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠲᠦᠷᠦᠯ ᠵᠦᠢᠯ ᠤᠨ ᠡᠷᠲᠡᠬᠡᠨ ᠪᠠᠷᠢᠯᠭ᠎ᠠ ᠳᠠᠭᠤᠰᠴᠤ᠂ ᠡᠷᠲᠡᠬᠡᠨ ᠦᠷ᠎ᠡ ᠠᠰᠢᠭ ᠡᠬᠦᠳᠬᠦ ᠶᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ ᠲᠣᠭᠤᠷᠢᠭ ᠤᠨ ᠤᠳᠤᠷᠢᠳᠤᠯᠭ᠎ᠠ ᠯᠢ ᠵᠥᠩ᠂ ᠶᠠᠩ ᠶᠦᠩ᠂ ᠵᠧᠤ ᠬᠠᠶ ᠹᠸᠢ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃    4 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭ᠎ᠠ ᠶᠢᠨ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠯᠤᠰ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ  ᠤᠨ ᠡᠷᠦᠬᠡ ᠳᠤ ᠣᠷᠣᠬᠤ ᠡᠬᠢᠯᠡᠯᠲᠡ ᠶᠢᠨ ᠶᠣᠰᠣᠯᠠᠯ ᠬᠥᠨᠳᠡᠯᠡᠨ ᠲᠣᠭᠤᠷᠢᠭ ᠤᠨ ᠡᠤ ᠶᠤᠸᠠᠢ ᠠᠭᠤᠳᠠᠮ ᠲᠠᠯᠠᠪᠠᠶ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ ᠼᠤᠤ ᠰᠧ ᠶᠠᠩ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠲᠢᠶᠠᠨ ᠰᠢᠨ ᠷᠤ᠋᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠷᠦᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠵᠠᠨ ᠶᠤᠸᠠᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠲᠡᠳ᠋ ᠳᠠᠷᠤᠭ᠎ᠠ ᠭᠤᠤ ᠡᠾᠦ᠋ᠢ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ ᠼᠦᠢ ᠯᠢ ᠭᠠᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    4 ᠰᠠᠷ᠎ᠠ ᠶᠢᠨ 12 ᠤᠨ ᠡᠳᠦᠷ᠂ ᠬᠥᠨᠳᠡᠯᠡᠨ ᠲᠣᠭᠤᠷᠢᠭ ︽ᠨᠤᠭᠤᠭᠠᠷᠠᠭᠤᠯᠵᠤ ᠨᠣᠭᠤᠭᠠᠷᠠᠭᠤᠯᠤᠯᠲᠠ ᠶᠢ ᠬᠠᠮᠠᠭᠠᠯᠠᠵᠤ᠂ ᠪᠠᠶᠢᠭᠠᠯᠢ ᠶᠢ ᠬᠠᠶᠢᠷᠠᠯᠠᠶ᠎ᠡ︾ 2023 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ᠃ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠶᠦᠩ ᠯᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠶᠦ᠋ᠨ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠪᠥᠬᠦ ᠲᠣᠭᠤᠷᠢᠭ ᠤᠨ 300 ᠭᠠᠷᠤᠶ ᠺᠠᠳ᠋ᠷ ᠠᠵᠢᠯᠲᠠᠨ ᠠᠵᠢᠯᠴᠢᠨ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ ᠬᠠᠶᠢᠯᠠᠷ ᠨᠠᠷᠠᠰᠤ᠂ ᠵᠡᠷᠯᠢᠭ ᠲᠣᠭᠤᠷ᠂ ᠬᠡᠭᠡᠷ᠎ᠡ ᠶᠢᠨ ᠬᠦᠶᠯᠡᠰᠦ ᠵᠡᠷᠭᠡ 6000 ᠭᠠᠷᠤᠶ ᠰᠠᠭᠤᠷᠢ ᠮᠤᠳᠤ ᠳᠠᠷᠢᠪᠠ᠃     4 ᠰᠠᠷ᠎ᠠ ᠶᠢᠨ 13 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ ᠤ ᠵᠥᠪᠯᠡᠯ ᠤᠨ 2023 ᠣᠨ ᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ︵ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠬᠤᠷᠠᠯ︶ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠶ ᠶᠦᠨ ᡂᠢ᠂ ᠭᠤᠤ ᠢᠦᠶ ᠫᠦ᠋᠂ ᠵᠠᠩ ᠬᠤᠸᠠ᠂ ᠶᠠᠩ ᠶᠦᠩ᠂ ᠯᠢ ᠬᠤᠩ ᠢᠦᠶ᠂ ᠵᠣᠣ ᠲᠠᠢ ᠰᠢᠶᠠᠨ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ︽ᠪᠦᠬᠦ ᠨᠠᠮ ᠢᠶᠠᠷ ᠢᠶᠠᠨ ᠰᠢ ᠶᠢᠨ ᠫᠢᠩ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠦᠷᠨᠢᠬᠦᠯᠬᠦ ᠲᠤᠬᠠᠢ ᠰᠠᠨᠠᠯ︾᠂ 2023 ᠣᠨ ᠤ ᠬᠤᠳᠠ ᠶᠢᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠠᠩᠬᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠬᠥᠨᠳᠡᠯᠡᠨ ᠲᠣᠭᠤᠷᠢᠭ ᠤᠨ ︿ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ  ᠲᠤᠭᠤᠷᠢᠭ﹀ ᠢ ᠡᠭᠦᠳᠦᠨ ᠪᠠᠶᠢᠭᠤᠯᠬᠤ ᠠᠵᠢᠯ ᠤᠨ    ᠲᠥᠰᠦᠯ︾ ᠢ ᠰᠤᠳᠤᠯᠤᠨ ᠬᠢᠨᠠᠨ ᠵᠥᠪᠯᠡᠪᠡ︔ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠥᠬᠦ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠪᠦᠬᠦᠯᠢ ᠴᠤᠬᠴᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠡᠷ ᠭᠠᠵᠠᠷ ᠤᠨ ᠬᠥᠷᠥᠩᠭᠡ ᠶᠢᠨ ᠲᠡᠦᠬᠡ ᠶᠢᠨ ᠦᠯᠡᠳᠡᠭᠳᠡᠯ ᠠᠰᠠᠭᠤᠳᠠᠯ ᠵᠢᠴᠢ ᠠᠵᠤ ᠦᠶᠯᠡᠳᠪᠦᠷᠢ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠯᠡᠳᠡᠭᠳᠡᠯ ᠠᠰᠠᠭᠤᠳᠠᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     4 ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠪᠤᠭᠤᠲᠤ ᠶᠢᠨ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ ᠬᠦᠷᠢᠶᠡᠯᠡᠩ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠪᠣᠯᠤᠨ  ᠠᠶᠤᠯᠬᠦᠢ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠭᠠᠵᠠᠷ ᠰᠢᠷᠦᠢ ᠬᠡᠷᠡᠭᠯᠡᠬᠦ ᠵᠡᠷᠭᠡ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠡᠯ᠎ᠡ ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠡᠯ᠎ᠡ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠠᠳᠡᠯ ᠡᠬᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠬᠡᠵᠤ ᠴᠢᠬᠤᠯᠠᠴᠢᠯᠠᠪᠠ᠃ ᠲᠣᠭᠤᠷᠢᠭ ᠤᠨ ᠤᠳᠤᠷᠢᠳᠤᠯᠭ᠎ᠠ ᠵᠠᠶ ᠶᠦᠨ ᡂᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠬᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃     4 ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠤᠷᠢᠳ ᠬᠤᠵᠢᠳ ᠪᠤᠭᠤᠳᠤ ᠶᠢᠨ ᠪᠦᠷᠢᠨ ᠪᠠᠷᠠᠭᠠᠳᠤ ᠶᠠᠪᠠᠭᠠᠨ ᠵᠡᠭᠡᠯᠢ᠂ ︽ᠴᠤᠤ ᠡᠾᠧ︾ ᠵᠡᠭᠡᠯᠢ ᠶᠢᠨ ᠲᠣᠭᠤᠷᠢᠭ᠂ ᠰᠥᠩ ᠮᠧᠶ ᠵᠡᠭᠡᠯᠢ᠂ ᠵᠥᠩ ᠶᠧ ᠱᠢ ᠵᠢᠶᠠ ᠶᠢᠨ ᠬᠤᠭᠤᠷᠤᠨᠳᠤᠬᠢ ᠬᠡᠰᠡᠭ ᠵᠡᠷᠭᠡ ᠭᠠᠵᠠᠷ ᠲᠤ ᠬᠦᠷᠴᠦ ᠮᠠᠨ ᠤ ᠲᠣᠭᠤᠷᠢᠭ ᠤᠨ ᠣᠨᠴᠠᠯᠢᠭᠲᠤ ᠵᠡᠭᠡᠯᠢ ᠶᠢᠨ ᠲᠣᠭᠤᠷᠢᠭ᠂ ᠬᠡᠷᠡᠭᠯᠡᠭᠡ ᠶᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠡᠯ᠎ᠡ ᠰᠠᠯᠠᠭ᠎ᠠ ᠮᠥᠴᠢᠷ ᠵᠠᠬ᠎ᠠ ᠳᠡᠯᠭᠡᠭᠦᠷ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠤᠨᠢᠨ ᠲᠡᠭᠡᠷ᠎ᠡ ᠨᠢ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠵᠤ᠂ ᠬᠠᠮᠢᠶᠠᠷᠤᠯᠲᠠ ᠦᠢᠯᠡᠴᠢᠯᠡᠭᠡ ᠪᠠᠨ ᠴᠢᠩᠭᠠᠳᠬᠠᠵᠤ᠂ ᠤᠨᠴᠠᠯᠢᠬᠳᠤ ᠵᠡᠭᠡᠯᠢ  ᠶᠢᠨ ᠲᠣᠭᠤᠷᠢᠭ ᠤᠨ ᠣᠷᠴᠢᠨ ᠲᠣᠭᠤᠷᠢᠨ ᠪᠣᠯᠤᠨ ᠵᠡᠭᠡᠯᠢ ᠭᠤᠳᠤᠮᠵᠢ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠬᠡᠵᠤ ᠴᠢᠬᠤᠯᠠᠴᠢᠯᠠᠪᠠ᠃ ᠲᠣᠭᠤᠷᠢᠭ ᠤᠨ ᠤᠳᠤᠷᠢᠳᠤᠯᠭ᠎ᠠ ᠵᠤᠤ ᠲᠠᠢ ᠰᠢᠶᠠᠨ᠂ ᠭᠤᠤ ᠮᠢᠩ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠪᠡ᠃     4 ᠰᠠᠷ᠎ᠠ ᠶᠢᠨ 19 ᠤ ᠡᠳᠦᠷ᠂ ᠬᠥᠨᠳᠡᠯᠡᠨ ᠲᠣᠭᠤᠷᠢᠭ ᠤᠨ 2023 ᠣᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠬᠢᠨᠠᠨ ᠲᠤᠬᠳᠠᠭᠠᠬᠤ ᠲᠠᠬᠢᠨ ᠬᠢᠨᠠᠨ ᠪᠠᠶᠢᠴᠠᠭᠠᠯᠳᠠ ᠶᠢ ᠬᠦᠯᠢᠶᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ︽2023 ᠣᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠪᠠ ᠲᠡᠬᠢᠵᠤ ᠬᠢᠨᠠᠨ ᠲᠤᠬᠳᠠᠭᠠᠬᠤ ᠠᠵᠢᠯ ᠢ ᠰᠠᠶᠢᠲᠤᠷ ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ᠢ ᠤᠯᠠᠮᠵᠢᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠰᠢᠨ᠎ᠡ ᠱᠠᠭᠠᠷᠳᠠᠯᠭ᠎ᠠ ᠶᠢ ᠲᠠᠨᠢᠯᠴᠠᠭᠤᠯᠤᠨ ᠲᠣᠳᠣᠷᠬᠠᠶᠢᠯᠠᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠬᠡᠬᠡᠨ ᠤ ᠵᠦᠪᠯᠡᠯ ᠤᠨ ᠠᠯᠪᠠᠨ ᠬᠡᠷ ᠤᠨ ᠡᠷᠬᠢᠯᠡᠭᠴᠢ ᠶᠦᠨ ᠭᠤᠸᠠᠨ ᠰᠢᠩ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠲᠡᠬᠢᠵᠤ ᠬᠢᠨᠠᠨ ᠲᠤᠬᠳᠠᠭᠠᠬᠤ ᠪᠠᠷᠢᠮᠵᠢᠶ᠎ᠠ ᠵᠢᠴᠢ ᠠᠩᠬᠠᠷᠬᠤ ᠵᠦᠶᠯ ᠤᠨ ᠲᠤᠬᠠᠶ ᠪᠣᠯᠪᠠᠰᠤᠷᠠᠯ ᠬᠦᠷᠳᠡᠬᠡᠵᠤ ᠲᠠᠶᠢᠯᠤᠮᠵᠢ ᠬᠢᠪᠠ᠃ ᠲᠣᠭᠤᠷᠢᠭ ᠤᠨ ᠤᠳᠤᠷᠢᠳᠤᠯᠭ᠎ᠠ ᠵᠠᠩ ᠬᠤᠸᠠ᠂ ᠵᠤᠤ ᠲᠠᠢ ᠰᠢᠶᠠᠨ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     4 ᠰᠠᠷ᠎ᠠ ᠶᠢᠨ 20 ᠤ ᠡᠳᠦᠷ᠂ ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ ᠪᠤᠯᠤᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠬᠡᠬᠡᠨᠬᠠᠰ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠬᠠᠮᠲᠤᠷᠠᠯᠴᠠᠵᠤ ᠰᠤᠷᠭᠠᠭᠤᠯᠢ ᠡᠷᠬᠢᠯᠡᠬᠦ ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ᠃ ᠲᠢᠶᠠᠨ ᠬᠤᠩ ᠴᠧᠩ ᠬᠡᠷ᠎ᠡ ᠲᠤᠬᠳᠠᠬᠤ ᠶᠣᠰᠣᠯᠠᠯ ᠳᠡᠭᠡᠷ᠎ᠡ᠂ ᠣᠳᠣᠬᠠᠨ ᠳᠤ ᠬᠥᠨᠳᠡᠯᠡᠨ ᠲᠣᠭᠤᠷᠢᠭ ᠶᠠᠭ ︽1357︾ ᠰᠤᠷᠭᠠᠨ ᠬᠥᠮᠦᠵᠢᠯ ᠤᠨ ᠡᠷᠡᠯᠬᠡᠭᠯᠡᠨ ᠤᠷᠤᠭᠰᠢᠯᠠᠬᠤ ᠲᠥᠯᠥᠪᠯᠡᠭᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠨᠳᠥᠷ ᠬᠢᠷᠢ ᠲᠦᠪᠰᠢᠨ ᠪᠥᠬᠦᠶ ᠰᠤᠷᠭᠠᠨ ᠬᠥᠮᠦᠵᠢᠯ ᠤᠨ ᠴᠢᠳᠠᠪᠤᠷᠢᠲᠠᠨ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠡᠷᠡᠭᠴᠡᠭᠡ ᠤᠯᠠᠮ ᠠᠴᠠ ᠤᠯᠠᠮ ᠲᠤᠯᠭᠠᠮ ᠱᠠᠭᠠᠷᠳᠠᠭᠳᠠᠵᠤ ᠪᠠᠶᠢᠨ᠎ᠠ᠃ ᠲᠣᠭᠤᠷᠢᠭ ᠤᠨ ᠵᠠᠰᠠᠭ ᠤᠨ ᠣᠷᠳᠣᠨ ᠪᠣᠯᠤᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠨᠢ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠨᠡᠩ ᠥᠨᠳᠥᠷ ᠲᠠᠪᠴᠠᠩ ᠢ ᠪᠠᠶᠢᠭᠤᠯᠵᠤ ᠥᠭᠬᠦ ᠪᠣᠯᠤᠨ᠎ᠠ ᠬᠡᠵᠤ ᠵᠢᠭᠠᠵᠤ ᠭᠠᠷᠭᠠᠪᠠ᠃ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠬᠤᠸᠠᠩ ᠬᠠᠢ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠰᠢᠶᠤᠤ ᠷᠦᠩ ᠬᠡᠷ᠎ᠡ ᠲᠤᠬᠳᠠᠬᠤ ᠶᠣᠰᠣᠯᠠᠯ ᠳᠤ ᠣᠷᠣᠯᠴᠠᠪᠠ᠃ ᠬᠥᠨᠳᠡᠯᠡᠨ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠨᠠᠷ ᠬᠡᠷ᠎ᠡ ᠲᠤᠬᠳᠠᠬᠤ ᠶᠣᠰᠣᠯᠠᠯ ᠳᠤ ᠣᠷᠣᠯᠴᠠᠪᠠ᠃    4 ᠰᠠᠷ᠎ᠠ ᠶᠢᠨ 20 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 4 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠸᠠᠩ ᠰᠢᠤ ᠵᠢᠤᠸᠠᠨ᠂ ᠯᠢ ᠬᠤᠩ ᠢᠦᠶ᠂ ᠵᠣᠣ ᠲᠠᠢ ᠰᠢᠶᠠᠨ᠂ ᠯᠢ ᠸᠧᠶ ᠬᠤᠷᠠᠯ ᠳᠤ ᠣᠷᠣᠯᠴᠠᠪᠠ᠃ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠠᠶᠤᠯᠲᠠᠶ ᠪᠣᠳᠠᠰ ᠢ ᠲᠡᠭᠡᠭᠡᠪᠦᠷᠢᠯᠡᠬᠦ ᠲᠡᠷᠭᠡ ᠬᠥᠰᠬᠡ ᠶᠢᠨ ᠲᠡᠷᠬᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠬᠠᠷᠢᠭᠤ ᠮᠡᠳᠡᠭᠦᠯᠦᠯᠲᠡ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠪᠤᠭᠤᠲᠤ ᠶᠢᠨ ᠪᠣᠯᠣᠳ ᠲᠡᠮᠦᠷ ᠪᠠᠷᠠᠭᠤᠨ ᠵᠠᠮ ᠤᠨ ᠳᠤᠮᠳᠠ ᠬᠡᠰᠡᠭ ᠤᠨ ᠵᠠᠮ ᠤᠨ ᠰᠠᠭᠤᠷᠢ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠬᠠᠷᠢᠭᠤ ᠮᠡᠳᠡᠭᠦᠯᠦᠯᠲᠡ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠸᠧᠢ ᠴᠢ ᠵᠠᠮ ᠤᠨ ᠬᠤᠶᠢᠲᠤ ᠬᠡᠰᠡᠭ ᠤᠨ ᠵᠠᠮ ᠤᠨ ᠰᠠᠭᠤᠷᠢ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃    4 ᠰᠠᠷ᠎ᠠ ᠶᠢᠨ 20 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠶ ᠶᠦᠨ ᡂᠢ᠂ ᠭᠤᠤ ᠢᠦᠶ ᠫᠦ᠋᠂ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠰᠢᠶᠧ ᠵᠢᠶᠦ᠋ᠨ ᠵᠢᠶᠧ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠪᠥᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠡᠤ ᠬᠠᠶ ᠳ᠋ᠦᠩ ᠤᠨ ᠪᠤᠭᠤᠲᠤ ᠬᠤᠲᠠ᠂ ᠳ᠋ᠦᠩ ᠾᠧ ᠲᠣᠭᠤᠷᠢᠭ ᠲᠤ ᠲᠣᠭᠤᠷᠢᠨ ᠪᠠᠶᠢᠴᠠᠭᠠᠬᠤ ᠦᠶ᠎ᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠬᠥᠨᠳᠡᠯᠡᠨ ᠲᠣᠭᠤᠷᠢᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ︵ᠪᠠᠯᠭᠠᠰᠤ︶  ᠶᠢ ᠬᠢᠨᠠᠨ ᠲᠤᠭᠳᠠᠭᠠᠬᠤ ᠳᠠᠬᠢᠨ ᠬᠢᠨᠠᠨ ᠪᠠᠶᠢᠴᠠᠭᠠᠯᠳᠠ ᠶᠢ ᠬᠦᠯᠢᠶᠡᠬᠦ ᠠᠵᠢᠯ ᠤᠨ ᠲᠥᠰᠦᠯ ︵ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠤᠯᠤᠰ ᠤᠨ ᠦᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢᠨ ᠬᠡᠷᠡᠭᠯᠡᠬᠦ ᠡᠷᠬᠡ ᠶᠢ ᠲᠠᠲᠠᠪᠤᠷᠢᠯᠠᠬᠤ ᠪᠠᠷ ᠪᠠᠶᠢᠭ᠎ᠠ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯᠲᠠᠨ ᠤ ᠨᠡᠮᠡᠭᠦᠷᠢ ᠵᠤᠭᠤᠰ ᠨᠥᠬᠦᠪᠥᠷᠢ ᠮᠦᠩᠬᠦ ᠶᠢᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠥᠬᠦᠶ ᠵᠦᠶᠯᠡᠰ ᠤᠨ ᠲᠤᠬᠠᠶ ᠬᠠᠷᠢᠭᠤ ᠮᠡᠳᠡᠭᠦᠯᠦᠯᠲᠡ᠂ ᠴᠠᠭᠳᠠᠭ᠎ᠠ ᠶᠢᠨ ᠶᠠᠪᠤᠳᠠᠯ ᠤᠨ ᠲᠤᠰᠠᠯᠠᠬᠤ ᠠᠵᠢᠯᠲᠠᠨ ᠡᠯᠰᠡᠬᠦ ᠪᠠᠷ ᠪᠠᠶᠢᠭ᠎ᠠ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠬᠠᠷᠢᠭᠤ ᠮᠡᠳᠡᠭᠦᠯᠦᠯᠲᠡ᠂ 2022 ᠣᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠤᠨ ᠨᠡᠭᠡᠭᠡᠬᠦ ᠪᠠᠯᠠ ᠮᠥᠩᠭᠦ ᠶᠢᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠦᠨᠳᠦᠰᠦᠲᠡᠨ ᠤ ᠪᠠᠷᠠᠭᠤᠨ ᠵᠠᠮ ︵ᠼᠤᠤ ᠼᠦᠨ ᠤ ᠬᠡᠰᠡᠭ︶ ᠤᠨ  ᠤᠮᠠᠷᠠᠰᠢ ᠪᠠᠨ ᠦᠷᠬᠡᠳᠬᠡᠬᠦ ᠲᠥᠷᠥᠯ ᠵᠦᠶᠯ ᠤᠨ ᠬᠤᠯᠪᠤᠬᠳᠠᠯ ᠪᠥᠬᠦᠶ ᠵᠠᠷᠤᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠤᠭᠤᠲᠤ ᠬᠤᠲᠠ ᠶᠢᠨ ᠡᠮᠦᠨ᠎ᠡ ᠲᠡᠭᠦᠷᠭᠡ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ ᠳᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠰᠠᠯᠭᠠᠨ ᠥᠭᠭᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃    4 ᠰᠠᠷ᠎ᠠ ᠶᠢᠨ 27 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠤᠷᠢᠳ ᠬᠤᠵᠢᠳ ᠪᠤᠭᠤᠲᠤ ᠶᠢᠨ ᠭᠠᠯᠲᠤ ᠲᠡᠷᠭᠡᠨ ᠥᠷᠲᠡᠭᠡ᠂ ᠡᠾᠦ᠋ᠢ ᠲᠦᠩ ᠬᠡᠶ ᠨᠡᠮᠡᠬᠦ ᠥᠷᠲᠡᠭᠡ᠂ ᠪᠤᠭᠤᠲᠤ ᠶᠢᠨ ᠴᠡᠩᠬᠡᠯ ᠤᠨ ᠬᠦᠷᠢᠶᠡᠯᠡᠩ᠂ ᠪᠤᠭᠤᠳᠤ ᠶᠢᠨ ᠪᠦᠷᠢᠨ ᠪᠠᠷᠠᠭᠠᠳᠤ  ᠬᠠᠮ ᠳᠡᠯᠭᠡᠭᠦᠷ ︵ᠾᠧ ᠫᠢᠩ ᠳᠠᠬᠢ ᠳᠡᠯᠭᠡᠭᠦᠷ︶ ᠪᠣᠯᠤᠨ ᠨᠥᠬᠦᠷᠯᠡᠯ ᠢᠳᠡᠰᠢᠨ ᠨᠣᠭᠤᠭ᠎ᠠ ᠶᠢ ᠪᠥᠭᠡᠮ ᠢᠶᠠᠷ  ᠪᠤᠷᠤᠯᠠᠭᠤᠯᠬᠤ ᠵᠠᠬ᠎ᠠ ᠳᠡᠯᠭᠡᠭᠦᠷ ᠲᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠶᠯᠡᠳᠪᠦᠷᠢᠯᠡᠯ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠪᠡ᠃ ᠲᠢᠶᠠᠨ ᠬᠤᠩ ᠴᠧᠩ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠵᠡᠩᠨᠡᠯᠲᠡ ᠶᠢᠨ ᠨᠢᠭᠡᠴᠢ ᠭᠤᠣᠯᠳᠠᠯᠭ᠎ᠠ ᠲᠠᠢ ᠪᠠᠶᠢᠭᠤᠯᠤᠮᠵᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠴᠢᠩᠭᠠᠳᠬᠠᠬᠤ ᠬᠡᠷᠡᠭᠲᠡᠢ︔  ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠣᠯᠤᠨ ᠳᠦᠷᠢᠮ ᠲᠣᠭᠲᠠᠭᠠᠯ ᠢ ᠨᠠᠷᠢᠨ ᠬᠢᠨᠠᠮᠠᠭᠠᠶ ᠭᠦᠢᠴᠡᠳᠬᠡᠵᠦ᠂ ᠡᠯ᠎ᠡ ᠲᠥᠷᠥᠯ ᠤᠨ ᠲᠤᠨᠤᠭ ᠲᠥᠬᠦᠭᠡᠷᠦᠮᠵᠢ ᠶᠢ ᠤᠷᠢᠳᠴᠢᠯᠠᠨ ᠨᠠᠷᠢᠨ ᠬᠢᠨᠠᠮᠠᠭᠠᠢ ᠪᠠᠶᠢᠴᠠᠭᠠᠵᠤ᠂ ᠠᠶᠤᠯ ᠦᠭᠡᠶ ᠶᠢᠨ ᠭᠡᠮ ᠰᠤᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ︔ ᠪᠠᠶᠠᠷ ᠤᠨ ᠡᠳᠦᠷ ᠤᠨ ᠬᠤᠭᠤᠴᠠᠭᠠᠨ ᠳᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ᠂ ᠢᠳᠡᠭᠡᠨ ᠤ ᠠᠮᠤᠷ ᠲᠦᠪᠰᠢᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠳᠡᠢ ᠬᠡᠵᠤ ᠴᠢᠬᠤᠯᠠᠴᠢᠯᠠᠪᠠ᠃ ᠬᠤᠯᠪᠤᠬᠳᠠᠯ ᠪᠦᠬᠦᠢ ᠰᠠᠯᠠᠭ᠎ᠠ ᠮᠥᠴᠢᠷ ᠨᠢᠬᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃     4 ᠰᠠᠷ᠎ᠠ ᠶᠢᠨ 29 ᠤ ᠡᠳᠦᠷ᠂ ︽ᠳᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ︾ 2023 ︽ᠪᠢ ᠪᠤᠭᠤᠲᠤ ᠳᠤ ᠲᠠᠨ ᠢ ᠬᠦᠯᠢᠶᠡᠵᠦ ᠪᠠᠶᠢᠨ᠎ᠠ︾ ᠠᠵᠢᠯ ᠤᠨ ᠴᠢᠯᠥᠭᠡᠨ ᠤ ᠳᠠᠭᠤᠴᠢᠨ ᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠬᠥᠨᠳᠡᠯᠡᠨ ᠲᠣᠭᠤᠷᠢᠭ ᠤᠨ ᠪᠤᠭᠤᠳᠤ ᠶᠢᠨ ᠪᠦᠷᠢᠨ ᠪᠠᠷᠠᠭᠠᠳᠤ ᠶᠠᠪᠠᠭᠠᠨ ᠵᠡᠭᠡᠯᠢ ᠳᠤ ᠶᠠᠪᠤᠭᠳᠠᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠪᠠᠶᠠᠷ ᠤᠨ ᠦᠭᠡ ᠬᠡᠯᠡᠵᠦ᠂ ᠲᠤᠭᠤᠷᠢᠭ ᠤᠨ ᠳᠡᠳ᠋ ᠳᠠᠷᠤᠭ᠎ᠠ ᠵᠠᠩ ᠬᠤᠸᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ ᠵᠣᠣ ᠰᠢᠶᠤᠤ ᠯᠸᠢ᠂ ᠳᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ ᠤᠨ ᠪᠤᠭᠤᠲᠤ ᠳᠠᠬᠢ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ ᠯᠢᠦ ᠵᠢᠶᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     4 ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠤᠷᠢᠳ ᠬᠤᠵᠢᠳ ᠬᠥᠨᠳᠡᠯᠡᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠪᠤᠭᠤᠲᠤ ᠶᠢᠨ ᠪᠤᠯᠤᠳ ᠲᠡᠮᠦᠷ ᠤᠨ ᠤᠨᠴᠠ ᠲᠦᠷᠦᠯ ᠤᠨ ᠪᠣᠯᠣᠳ ᠬᠤᠭᠤᠯᠠᠶ ᠶᠢᠨ ᠬᠢᠵᠠᠭᠠᠷᠲᠤ ᠺᠣᠮᠫᠠᠨᠢ᠂ ᠬᠤᠸᠠ ᠱᠠᠩ ᠬᠤᠪᠣᠷ ᠰᠢᠷᠣᠶ ᠶᠢᠨ ᠬᠠᠶᠢᠯᠤᠰᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠢᠶᠠᠨ ᠱᠠᠨ ᠬᠦᠨᠳᠦ ᠠᠵᠤ ᠦᠶᠯᠡᠳᠪᠦᠷᠢ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠤᠬᠠᠶ ᠲᠠᠯᠳᠠᠭᠤᠷ ᠪᠠᠶᠢᠴᠠᠭᠠᠪᠠ᠃ ᠲᠢᠶᠠᠨ ᠬᠤᠩ ᠴᠧᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠠᠳᠬᠤᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ  ᠡᠬᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠵᠢᠷᠤᠮᠵᠢᠭᠰᠠᠨ ᠬᠠᠮᠢᠶᠠᠷᠤᠯᠲᠠ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ︽5·1︾ ᠤ ᠠᠮᠠᠷᠠᠯᠳᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃ ᠲᠤᠭᠤᠷᠢᠭ ᠤᠨ ᠤᠳᠤᠷᠢᠳᠤᠯᠭ᠎ᠠ ᠯᠢ ᠵᠦᠩ᠂ ᠵᠠᠢ ᠶᠦᠨ ᡂᠢ ᠪᠠᠷ᠎ᠠ ᠪᠤᠯᠵᠤ ᠪᠠᠶᠢᠴᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号