ᠬᠠᠶᠢᠷ᠎ᠠ ᠶᠢᠨ ᠪᠤᠤᠬᠢᠶ᠎ᠠ ᠶᠢ ᠳᠠᠮᠵᠢᠭᠤᠯᠵᠤ ᠭᠠᠷ ᠬᠤᠯᠪᠣᠨ ᠦᠰᠦᠨ ᠪᠤᠶᠢᠵᠢᠵᠤ ᠰᠠᠶᠢᠨ ᠰᠠᠶᠢᠬᠠᠨ ᠢ ᠬᠠᠮᠲᠤᠪᠠᠷ ᠡᠳ᠋ᠯᠡᠶ᠎ᠡ
ᠨᠡᠶᠢᠲᠡᠯᠡᠭᠰᠡᠨ ᠴᠠᠭ᠄
2023/5/23
       5 ᠰᠠᠷ᠎ᠠ ᠶᠢᠨ 21 ᠤ ᠡᠳᠦᠷ ᠪᠣᠯ ᠮᠠᠨ ᠤ ᠤᠯᠤᠰ ᠤᠨ 33 ᠳ᠋ᠤᠭᠠᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠤ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠪᠦᠬᠦ ᠨᠡᠶᠢᠭᠡᠮ ᠳᠤ ᠵᠡᠮᠳᠡᠭᠴᠦᠳ ᠢ ᠬᠦᠨᠳᠦᠳᠬᠡᠬᠦ᠂ ᠣᠶᠢᠯᠠᠭᠠᠬᠤ᠂ ᠬᠠᠯᠠᠮᠵᠢᠯᠠᠬᠤ ᠪᠠ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠪᠠᠷ ᠵᠤᠷᠢᠯᠭ᠎ᠠ ᠪᠠᠨ ᠪᠤᠯᠭᠠᠬᠰᠠᠨ ᠬᠥᠨᠳᠡᠯᠡᠨ ᠲᠣᠭᠤᠷᠢᠭ ᠤᠨ 2023 ᠣᠨ ᠤ ︽ᠬᠠᠶᠢᠷ᠎ᠠ ᠶᠢᠨ ᠪᠤᠤᠬᠢᠶ᠎ᠠ  ᠶᠢ ᠳᠠᠮᠵᠢᠭᠤᠯᠵᠤ ᠭᠠᠷ ᠬᠤᠯᠪᠣᠨ ᠦᠰᠦᠨ ᠪᠤᠶᠢᠵᠢᠵᠤ ᠰᠠᠶᠢᠨ ᠰᠠᠶᠢᠬᠠᠨ ᠢ ᠬᠠᠮᠲᠤᠪᠠᠷ ᠡᠳ᠋ᠯᠡᠶ᠎ᠡ︾ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠬᠠᠨᠳᠢᠪᠯᠠᠬᠤ ᠠᠵᠢᠯᠯᠠᠭ᠎ᠠ 5 ᠰᠠᠷ᠎ᠠ ᠶᠢᠨ 19 ᠤ ᠦᠳᠡ ᠶᠢᠨ ᠡᠮᠦᠨ᠎ᠡ ᠪᠤᠭᠤᠲᠤ ᠬᠤᠲᠠ ᠶᠢᠨ ᠨᠣᠮ ᠤᠨ ᠰᠠᠩ ᠳᠤ ᠶᠠᠪᠤᠭᠳᠠᠪᠠ᠃  
      ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ᠂ ᠪᠤᠭᠤᠲᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ ᠢᠦᠶ ᠾᠧ᠂ ᠲᠤᠭᠤᠷᠢᠭ ᠤᠨ ᠳᠡᠳ᠋ ᠳᠠᠷᠤᠭ᠎ᠠ ᠵᠠᠩ ᠬᠤᠸᠠ᠂ ᠸᠠᠩ ᠰᠢᠤ ᠵᠢᠤᠸᠠᠨ ᠠᠵᠢᠯᠯᠠᠭ᠎ᠠ ᠳᠤ ᠣᠷᠣᠯᠴᠠᠵᠠᠶ᠃
      ᠲᠣᠰ ᠤᠳᠠᠭᠠᠨ ᠤ ᠠᠵᠢᠯᠯᠠᠭ᠎ᠠ ᠨᠢ ︽ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠪᠠ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠠᠵᠢᠯ ᠦᠶᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠠᠶ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠪᠤᠭᠤᠲᠤ ᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠭᠤᠷᠪᠠᠨ ᠲᠦᠮᠡ ᠭᠠᠷᠤᠶ ᠲᠥᠭᠦᠷᠢᠭ ᠤᠨ ᠥᠷᠲᠡᠭ ᠪᠥᠬᠦᠶ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠠᠪᠠ᠃  
      ᠳᠣᠬᠢᠶᠠᠨ ᠤ ᠬᠡᠯᠡᠨ ᠤ ᠪᠥᠵᠢᠭ ︽ᠴᠢᠮ᠎ᠠ ᠲᠠᠢ ᠠᠳᠠᠯᠢ︾  ᠬᠡᠬᠦ ᠲᠤᠬᠯᠠᠯᠳᠠ ᠶᠢᠨ ᠬᠥᠭᠵᠢᠮ ᠤᠨ ᠠᠶ᠎ᠠ ᠡᠬᠦᠰᠬᠦ ᠶᠢ ᠳᠠᠭᠠᠯᠳᠤᠨ᠂ ᠲᠤᠰᠬᠠᠶ ᠲᠠᠯᠠᠪᠠᠢ ᠲᠣᠭᠯᠠᠯᠲᠠ ᠵᠢᠩᠬᠢᠨᠢ ᠪᠠᠷ ᠡᠬᠢᠯᠡᠪᠡ᠃ ᠬᠦᠭᠵᠢᠮ ︽ᠤᠯᠠᠭᠠᠨᠪᠠᠭᠠᠲᠤᠷ ᠤᠨ ᠦᠳᠡᠰᠢ︾᠂ ᠭᠤᠴᠣᠯᠠᠯ ᠳᠠᠭᠤᠤ ︽ᠮᠤᠨᠠ ᠠᠭᠤᠯᠠ︾᠂ ᠠᠹᠷᠢᠺᠠ ᠲᠢᠪ ᠤᠨ ᠬᠡᠩᠭᠡᠷᠭᠡ ︽ᠬᠥᠬᠦᠭᠡ ᠰᠢᠪᠠᠭᠤ︾᠂ ᠭᠤᠴᠣᠯᠠᠯ ᠳᠠᠭᠤᠤ ︽ᠴᠢ ᠮᠢᠨᠢ ᠪᠠᠶᠢᠪᠠᠯ ᠵᠢᠷᠭᠠᠯ ᠲᠠᠢ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠬᠤᠶᠢᠨ᠎ᠠ ᠬᠤᠶᠢᠨ᠎ᠠ ᠠᠴᠠ ᠨᠢ ᠲᠤᠬᠯᠠᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠲᠣᠭᠯᠠᠯᠲᠠ ᠨᠢ ᠤᠯᠠᠨ ᠬᠦᠮᠦᠨ ᠤ ᠪᠥᠵᠢᠭ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠤᠨ ᠢᠷᠠᠭᠤ ᠭᠤᠶᠤᠬᠠᠨ ᠪᠥᠵᠢᠭ ᠤᠨ ᠳᠤᠮᠳᠠ ᠥᠨᠳᠥᠷᠯᠡᠵᠦ᠂ ᠲᠤᠬᠠᠢ ᠶᠢᠨ ᠲᠠᠯᠠᠪᠠᠢ ᠳᠤ ᠠᠯᠠᠭ᠎ᠠ ᠲᠠᠰᠢᠬᠤ ᠲᠠᠭᠤ ᠤᠳᠠᠳᠠᠯ᠎ᠠ ᠦᠷᠬᠦᠯᠵᠢᠯᠡᠪᠡ᠃
      ᠪᠤᠭᠤᠲᠤ ᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠰᠢᠶᠧ ᠶᠤᠸᠠᠨ ᠰᠢᠶᠠ᠄ ︽ᠣᠯᠠᠩᠬᠢ ᠲᠤᠬᠯᠠᠯᠳᠠ ᠶᠢ ᠮᠠᠨ ᠤ ᠰᠤᠷᠭᠠᠭᠤᠯᠢ ᠶᠢᠨ ᠰᠤᠷᠤᠭᠴᠢᠳ ᠲᠣᠭᠯᠠᠭᠰᠠᠨ ᠶᠤᠮ᠂ ᠲᠡᠳᠡᠨ ᠤ ᠪᠡᠶ᠎ᠡ ᠮᠠᠬᠠᠪᠣᠳ ᠨᠢ ᠬᠡᠳᠦ᠋ᠢᠪᠡᠷ ᠵᠡᠮᠳᠡᠭ ᠪᠣᠯᠪᠠᠴᠤ ᠲᠡᠳᠡᠨ ᠤ ᠦᠪᠡᠷ ᠤᠨ ᠬᠦᠰᠡᠯ ᠵᠡᠭᠦᠳᠦ ᠪᠠᠨ ᠬᠥᠭᠡᠭᠡᠴᠡᠯᠳᠦᠬᠦ ᠬᠠᠯᠠᠭᠤᠨ ᠰᠡᠳᠬᠢᠯᠭᠡ ᠪᠠ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠨᠢ ᠬᠡᠵᠢᠶᠡᠳᠡ ᠬᠤᠪᠢᠷᠠᠭ᠎ᠠ ᠥᠬᠡᠶ ᠶᠤᠮ᠃ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠳᠤ ᠲᠠᠯᠠᠷᠬᠠᠵᠤ ᠪᠠᠶᠢᠨ᠎ᠠ᠂ ᠤᠯᠠᠨ  ᠤ ᠮᠠᠨ ᠤ ᠣᠨᠴᠠᠭᠠᠢ ᠰᠤᠷᠭᠠᠨ ᠬᠥᠮᠦᠵᠢᠯ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠣᠨᠴᠠᠭᠠᠢ ᠰᠤᠷᠤᠭᠴᠢᠳ ᠲᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠨᠡᠩ ᠦᠨᠡᠨ ᠪᠣᠳᠠᠲᠠᠢ ᠮᠡᠳᠡᠷᠡᠭᠦᠯᠪᠡ︾  ᠬᠡᠪᠡ᠃       ᠬᠥᠨᠳᠡᠯᠡᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠯᠢ ᠸᠧᠨ ᠵᠢᠶᠦ᠋ᠨ᠄ ︽ᠪᠢᠳᠡ ᠪᠠᠰᠠ ᠬᠡᠰᠡᠭ ᠵᠡᠮᠳᠡᠭᠴᠦᠳ ᠲᠤ ᠦᠨ᠎ᠡ ᠲᠥᠯᠥᠪᠦᠷᠢ ᠥᠬᠡᠶ ᠪᠠᠷ ᠰᠢᠳᠦᠨ ᠤ ᠡᠪᠡᠳᠴᠢᠨ  ᠢ ᠵᠠᠰᠠᠵᠤ ᠦᠭᠬᠦ᠂ ᠬᠠᠤᠯᠢ ᠴᠠᠭᠠᠵᠠ ᠶᠢᠨ ᠮᠡᠳᠡᠯᠬᠡ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠬᠦ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠤ ᠦᠭᠬᠦ ᠠᠵᠢᠯᠯᠠᠭ᠎ᠠ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠩ ᠣᠯᠠᠨ ᠵᠡᠮᠳᠡᠭᠴᠦᠳ ᠲᠤ ᠣᠯᠠᠨ ᠡᠰᠢᠵᠢᠭᠰᠡᠨ᠂  ᠨᠠᠷᠢᠯᠢᠭ ᠣᠨᠣᠴᠠᠲᠠᠶ ᠦᠶᠯᠡᠴᠢᠯᠡᠭᠡᠨ ᠤ ᠠᠭᠤᠯᠭ᠎ᠠ ᠶᠢ ᠡᠳ᠋ᠯᠡᠬᠦᠯᠪᠡ᠃ ᠬᠤᠶᠢᠰᠢᠳᠠ᠂ ᠬᠥᠨᠳᠡᠯᠡᠨ ᠲᠣᠭᠤᠷᠢᠭ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠮᠳᠡᠭᠴᠦᠳ ᠤᠨ ᠰᠤᠷᠭᠠᠨ ᠬᠥᠮᠦᠵᠢᠯ᠂ ᠠᠵᠢᠯ ᠣᠯᠭᠤᠯᠲᠠ᠂ ᠡᠷᠡᠭᠦᠯᠵᠢᠯ᠂ ᠬᠠᠷᠰᠢ ᠰᠠᠭᠠᠳ ᠦᠭᠡᠢ ᠪᠣᠯᠭᠠᠬᠤ ᠥᠭᠡᠷᠡᠴᠢᠯᠡᠯᠲᠡ ᠵᠡᠷᠭᠡ ᠠᠵᠢᠯ ᠢ  ᠴᠢᠨᠠᠭᠰᠢᠳᠠ ᠴᠢᠩᠭᠠᠳᠬᠠᠵᠤ᠂ ᠵᠡᠮᠳᠡᠭᠴᠦᠳ ᠤᠨ ᠠᠮᠢᠳᠦᠷᠠᠯ ᠤᠨ ᠴᠢᠨᠡᠷ ᠴᠢᠨᠰᠠᠭ᠎ᠠ ᠶᠢ ᠨᠡᠩ ᠰᠠᠶᠢᠵᠢᠷᠠᠭᠤᠯᠵᠤ  ᠂ ᠰᠡᠳᠬᠢᠯ ᠲᠠᠯᠪᠢᠨ ᠬᠦᠴᠦ ᠣᠷᠣᠭᠤᠯᠵᠤ ᠬᠠᠶᠢᠷ᠎ᠠ ᠰᠡᠳᠬᠢᠯᠡᠭᠡ ᠲᠠᠢ ᠪᠠᠷ ᠵᠡᠮᠳᠡᠭᠴᠦᠳ ᠤᠨ ᠠᠵᠢᠯ ᠦᠢᠯᠡᠰ ᠤᠨ ᠬᠠᠯᠠᠭᠤᠨ ᠳᠤᠯᠠᠭᠠᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ︾ ᠭᠡᠪᠡ᠃   ︵ᠰᠤᠷᠪᠤᠯᠵᠢᠯᠠᠭᠴᠢ  ᠄ ᠵᠤᠤ ᠶᠢᠨ ᠹᠧᠩ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号