5 ᠰᠠᠷ᠎ᠠ ᠶᠢᠨ 24 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠲᠢᠶᠠᠨ ᠬᠤᠩ ᠴᠧᠩ ᠪᠤᠭᠤᠳᠤ ᠶᠢᠨ ᠪᠤᠯᠤᠳ ᠲᠡᠮᠦᠷ · 2023 ᠪᠤᠭᠤᠲᠤ ᠶᠢᠨ ᠮᠠᠷᠠᠰᠤᠨ ᠤ | ᠤᠷᠤᠯᠳᠤᠭᠠᠨ ᠤ ᠬᠥᠨᠳᠡᠯᠡᠨ ᠲᠣᠭᠤᠷᠢᠭ ᠤᠨ ᠤᠷᠤᠯᠳᠤᠭᠠᠨ ᠤ ᠬᠡᠰᠡᠭ ᠤᠨ ᠪᠡᠯᠡᠳᠬᠡᠯ ᠠᠵᠢᠯ ᠢ ᠪᠠᠶᠢᠴᠠᠭᠠᠨ | ᠰᠤᠳᠤᠯᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠢᠶᠠᠨ ᠬᠤᠩ ᠴᠧᠩ ᠤᠷᠢᠳ ᠬᠤᠵᠢᠳ ᠪᠤᠯᠤᠳ ᠲᠡᠮᠤᠷ ᠵᠡᠭᠡᠯᠢ᠂ | ᠪᠤᠭᠤᠲᠤ ᠶᠢᠨ ᠪᠤᠯᠤᠳ ᠲᠡᠮᠤᠷ ᠤᠨ ᠵᠡᠭᠦᠨ ᠵᠠᠮ᠂ ᠬᠦᠨᠳᠡᠯᠡᠨ ᠭᠤᠣᠯ ᠤᠨ ᠡᠮᠦᠨ᠎ᠡ ᠬᠥᠭᠦᠷᠭᠡ᠂ ᠨᠥᠬᠦᠷᠯᠡᠯ ᠵᠡᠭᠡᠯᠢ᠂ | ᠠᠷᠠᠳ ᠵᠡᠭᠡᠯᠢ ᠵᠡᠷᠭᠡ ᠭᠠᠵᠠᠷ ᠢᠶᠠᠷ ᠬᠦᠷᠴᠦ᠂ ᠤᠷᠤᠯᠳᠤᠭᠠᠨ ᠤ ᠵᠠᠮ ᠱᠤᠭᠤᠮ᠂ ᠣᠷᠴᠢᠨ ᠲᠣᠭᠤᠷᠢᠨ ᠤ ᠴᠡᠭᠴᠡᠯᠡᠨ | ᠵᠠᠰᠠᠯᠲᠠ᠂ ᠤᠷᠤᠯᠳᠤᠭᠠᠨ ᠤ ᠱᠤᠭᠤᠮ ᠤᠨ ᠴᠡᠭ ᠪᠠᠶᠢᠷᠢ ᠶᠢ ᠪᠠᠶᠢᠷᠢᠯᠠᠭᠤᠯᠤᠬᠰᠠᠨ ᠵᠡᠷᠭᠡ ᠶᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠲᠤᠬᠠᠢ ᠶᠢᠨ ᠲᠠᠯᠠᠪᠠᠢ ᠳᠤ | ᠠᠯᠪᠠᠯᠠᠨ ᠰᠢᠢᠳᠪᠦᠷᠢᠯᠡᠵᠡᠢ᠃ | ᠲᠢᠶᠠᠨ ᠬᠤᠩ ᠴᠧᠩ᠂ ᠪᠤᠭᠤᠳᠤ ᠶᠢᠨ ᠪᠤᠯᠤᠳ ᠲᠡᠮᠦᠷ · 2023 ᠪᠤᠭᠤᠲᠤ ᠶᠢᠨ ᠮᠠᠷᠠᠰᠤᠨ ᠤ | ᠤᠷᠤᠯᠳᠤᠭᠠᠨ ᠤ ᠶᠠᠪᠤᠳᠠᠯ ᠢ ᠡᠷᠬᠢᠯᠡᠬᠦ ᠨᠢ ᠬᠤᠳᠠ ᠶᠢᠨ ᠲᠦᠷᠢ ᠲᠥᠷᠬᠦ ᠶᠢ ᠳᠡᠯᠭᠡᠨ ᠦᠵᠡᠭᠦᠯᠬᠦ᠂ ᠬᠤᠳᠠ ᠶᠢᠨ | ᠨᠡᠷ᠎ᠡ ᠠᠯᠳᠠᠷᠰᠢᠯ ᠢ ᠳᠡᠭᠡᠭᠰᠢᠯᠡᠭᠦᠯᠬᠦ ᠴᠢᠬᠤᠯᠠ ᠴᠤᠩᠬᠤᠪᠴᠢ ᠪᠣᠯᠤᠨ᠎ᠠ᠂ ᠤᠷᠤᠯᠳᠤᠭᠠᠨ ᠤ ᠶᠠᠪᠤᠳᠠᠯ ᠤᠨ | ᠪᠠᠲᠤᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡ᠂ ᠵᠢᠭᠤᠯᠴᠢᠯᠠᠯ ᠤᠨ ᠦᠢᠯᠡᠳᠬᠦᠨ ᠤ ᠲᠠᠨᠢᠯᠴᠠᠭᠤᠯᠭ᠎ᠠ ᠵᠡᠷᠭᠡ | ᠠᠵᠢᠯ ᠢ ᠴᠢᠩᠭᠠᠳᠬᠠᠵᠤ᠂ ᠤᠷᠤᠯᠳᠤᠭᠠᠨ ᠤ ᠠᠮᠤᠷ ᠲᠦᠪᠰᠢᠨ᠂ ᠡᠮᠬᠢ ᠵᠢᠷᠤᠮ ᠲᠠᠢ᠂ ᠤᠷᠤᠭᠰᠢᠲᠠᠢ | ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠤᠲᠠ ᠶᠢᠨ ᠳᠦᠷᠢ ᠲᠥᠷᠬᠦ ᠶᠢᠨ ᠡᠮᠬᠢ ᠳᠢᠭᠯᠢᠮ ᠪᠠ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠦᠲᠦᠮᠵᠢᠲᠡᠶ ᠬᠠᠮᠢᠶᠠᠷᠬᠤ ᠶᠢ | ᠪᠠᠷᠢᠮᠲᠠᠯᠠᠵᠤ᠂ ᠤᠷᠤᠯᠳᠤᠭᠠᠨ ᠤ ᠵᠠᠮ ᠳᠠᠭᠠᠤ ᠶᠢᠨ ᠦᠵᠡᠮᠵᠢ ᠶᠢᠨ ᠣᠷᠴᠢᠨ ᠲᠣᠭᠤᠷᠢᠨ ᠢ ᠴᠡᠪᠡᠷᠰᠢᠭᠦᠯᠬᠦ᠂ | ᠨᠣᠭᠤᠭᠠᠷᠠᠭᠤᠯᠬᠤ᠂ ᠭᠤᠶᠤᠵᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ | ᠮᠠᠷᠠᠰᠤᠨ ᠤ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠶ᠃ ᠡᠯ᠎ᠡ ᠡᠭᠦᠷᠭᠡ | ᠲᠤᠰᠢᠶᠠᠯᠳᠤ ᠰᠠᠯᠠᠭ᠎ᠠ ᠮᠥᠴᠢᠷ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠪᠠ ᠡᠷᠡᠬᠦᠯ ᠬᠠᠮᠠᠭᠠᠯᠠᠯ ᠤᠨ ᠬᠤᠲᠠ | ᠶᠢ ᠡᠬᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠬᠠᠮᠲᠤᠷᠠᠨ ᠬᠥᠳᠡᠯᠦᠯᠴᠡᠬᠦ ᠦᠢᠯᠡᠳᠦᠯ ᠢ ᠬᠦᠢᠴᠡᠳ | ᠪᠠᠳᠠᠷᠠᠭᠤᠯᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠠᠵᠢᠯ ᠤᠨ ᠬᠠᠮᠳᠤᠷᠠᠯ ᠬᠦᠴᠦᠨ ᠢ ᠪᠣᠶ | ᠪᠣᠯᠭᠠᠵᠤ᠂ ᠬᠦᠴᠦ ᠪᠠᠨ ᠲᠥᠪᠯᠡᠷᠡᠭᠦᠯᠦᠨ ᠵᠠᠮ ᠤᠨ ᠰᠢᠷᠦᠢ ᠨᠢ ᠢᠯᠡ ᠭᠠᠷᠤᠬᠰᠠᠨ ᠬᠡᠰᠡᠭ ᠢ ᠨᠦᠬᠦᠬᠦ᠂ ᠣᠷᠴᠢᠨ | ᠲᠣᠭᠤᠷᠢᠨ ᠤ ᠠᠷᠢᠭᠤᠨ ᠴᠡᠪᠡᠷ ᠢ ᠵᠠᠰᠠᠬᠤ᠂ ᠬᠠᠭᠤᠴᠢᠨ ᠬᠤᠷᠢᠶᠠᠯᠠᠯ ᠤᠨ ᠡᠯ᠎ᠡ ᠵᠦᠢᠯ ᠤᠨ ᠤᠳᠠᠰᠤ ᠶᠢ | ᠠᠭᠠᠷ ᠲᠡᠬᠡᠬᠦᠷ ᠲᠠᠳᠠᠬᠰᠠᠨ ᠢ ᠵᠠᠰᠠᠬᠤ ᠵᠡᠷᠭᠡ ᠲᠠᠯ᠎ᠠ ᠪᠠᠷ ᠪᠤᠭᠤᠮᠳᠠ ᠰᠢᠪᠲᠤᠯᠵᠤ᠂ ᠣᠷᠬᠢᠭᠳᠠᠭᠤᠯᠤᠬᠰᠠᠨ ᠢ ᠪᠥᠬᠦ | ᠲᠠᠯ᠎ᠠ ᠪᠠᠷ ᠪᠠᠶᠢᠴᠠᠭᠠᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠴᠢᠩᠭ᠎ᠠ ᠠᠳᠬᠤᠨ᠂ | ᠥᠨᠴᠥᠭ ᠪᠤᠯᠤᠩ ᠦᠯᠡᠳᠡᠭᠡᠬᠦ ᠥᠬᠡᠶ᠂ ᠬᠠᠮᠢᠶᠠᠷᠤᠯᠳᠠ ᠶᠢᠨ ᠬᠤᠭᠤᠰᠤᠨ ᠬᠡᠰᠡᠭ ᠦᠯᠡᠳᠡᠭᠡᠬᠦ ᠥᠬᠡᠶ ᠪᠠᠶᠢᠬᠤ ᠶᠢ | ᠪᠡᠶᠡᠯᠡᠭᠦᠯᠬᠦ ᠬᠡᠷᠡᠭᠲᠡᠶ᠃ ᠮᠠᠰᠢᠨᠲᠤ ᠪᠤᠰᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠶᠡᠬᠡᠪᠡᠷ ᠴᠡᠭᠴᠡᠯᠡᠨ ᠵᠠᠰᠠᠬᠤ | ᠪᠠ ᠵᠢᠷᠤᠮᠵᠢᠭᠤᠯᠵᠤ᠂ ᠬᠤᠳᠠᠯᠳᠤᠭᠠᠴᠢᠳ ᠤᠨ ᠪᠣᠯᠪᠠᠰᠤᠨ ᠢᠶᠠᠷ ᠡᠵᠡᠩᠨᠡᠬᠦ᠂ ᠵᠢᠷᠤᠮᠵᠢᠩᠭᠤᠢ ᠡᠵᠡᠩᠨᠡᠬᠦ ᠶᠢ | ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠠᠵᠢᠯ ᠢ | ᠰᠠᠶᠢᠲᠤᠷ ᠬᠢᠬᠦ ᠬᠡᠷᠡᠭᠲᠡᠶ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ᠠᠮᠤᠷ ᠢ ᠬᠠᠮᠠᠭᠠᠯᠠᠬᠤ ᠠᠷᠭ᠎ᠠ | ᠬᠡᠮᠵᠢᠶ᠎ᠡ ᠶᠢ ᠨᠠᠷᠢᠨ ᠨᠢᠭᠲᠠ ᠪᠠᠶᠢᠷᠢᠯᠠᠭᠤᠯᠬᠤ ᠬᠡᠷᠡᠭᠲᠡᠢ᠃ ᠪᠤᠭᠤᠲᠤ ᠶᠢᠨ ᠮᠠᠷᠠᠰᠤᠨ ᠤ ᠤᠷᠤᠯᠳᠤᠭᠠᠨ ᠤ ᠶᠠᠪᠤᠳᠠᠯ ᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ | ᠪᠡᠶ᠎ᠡ ᠶᠢᠨ ᠲᠠᠮᠢᠷ ᠤᠨ ᠠᠵᠤ ᠦᠢᠯᠡᠰ ᠪᠣᠯᠤᠨ ᠬᠤᠯᠪᠤᠬᠳᠠᠯ ᠪᠥᠬᠦᠶ ᠠᠵᠤ ᠦᠢᠯᠡᠰ ᠤᠨ ᠬᠠᠷᠢᠯᠴᠠᠨ ᠠᠬᠢᠭᠤᠯᠵᠤ᠂ | ᠬᠠᠷᠢᠯᠴᠠᠨ ᠬᠥᠭᠵᠢᠬᠦ ᠶᠢ ᠢᠳᠡᠪᠬᠢᠲᠡᠶ ᠠᠬᠢᠭᠤᠯᠵᠤ᠂ ᠪᠤᠭᠤᠲᠤ ᠬᠤᠲᠠ ᠶᠢᠨ ᠳᠦᠷᠢ ᠲᠥᠷᠬᠦ ᠶᠢ ᠪᠥᠬᠦ ᠲᠠᠯ᠎ᠠ ᠪᠠᠷ᠂ | ᠣᠯᠠᠨ ᠬᠠᠷᠠᠭᠠᠰᠤ᠂ ᠪᠣᠰᠤᠭ᠎ᠠ ᠴᠣᠭᠴᠠ ᠪᠠᠷ ᠳᠡᠯᠭᠡᠨ ᠦᠵᠡᠭᠦᠯᠬᠦ ᠳᠤ ᠬᠦᠨᠳᠡᠯᠡᠨ ᠲᠤᠭᠤᠷᠢᠭ ᠤᠨ ᠬᠤᠪᠢ ᠨᠡᠮᠡᠷᠢ | ᠶᠢ ᠦᠵᠡᠭᠦᠯᠬᠦ ᠬᠡᠷᠡᠭᠲᠡᠶ ᠬᠡᠪᠡ᠃ | ᠲᠤᠭᠤᠷᠢᠭ ᠤᠨ ᠤᠳᠤᠷᠢᠳᠤᠯᠭ᠎ᠠ ᠹᠠᠨ ᠬᠤᠩ ᠴᠢᠶᠠᠩ᠂ ᠵᠠᠩ ᠬᠤᠸᠠ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠵᠣᠣ ᠶᠢᠨ | ᠹᠧᠩ ᠬᠢᠨᠠᠨ ᠬᠠᠷᠭᠤᠭᠤᠯᠤᠬᠰᠠᠨ ᠨᠢ ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶ |