ᠶᠢᠨ ᠶᠦᠩ ᠯᠢ ︽5·1︾ ᠤ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠢ ᠲᠠᠯᠳᠠᠭᠤᠷ ᠰᠤᠷᠪᠤᠯᠵᠢᠯᠠᠨ ᠪᠠᠶᠢᠴᠠᠭᠠᠪᠠ
ᠨᠡᠶᠢᠲᠡᠯᠡᠭᠰᠡᠨ ᠴᠠᠭ᠄
2023/5/4
    4 ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ︽ᠲᠦᠷᠪᠡ ᠦᠭᠡᠢ ᠬᠤᠶᠠᠷ ᠲᠤ ᠰᠢᠭᠤᠳ ᠬᠦᠷᠬᠦ︾ ᠬᠡᠯᠪᠡᠷᠢ ᠪᠠᠷ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠪᠣᠯᠤᠨ ᠵᠢᠵᠢᠭᠦᠷᠯᠡᠬᠦ ᠠᠵᠢᠯ ᠢ ᠲᠠᠯᠳᠠᠭᠤᠷ ᠪᠠᠶᠢᠴᠠᠭᠠᠪᠠ᠃ ᠬᠤᠸᠠ ᠶᠤᠸᠠᠨ ᠴᠡᠴᠡᠭ ᠤᠨ ᠵᠠᠬ᠎ᠠ ᠳᠡᠯᠭᠡᠭᠦᠷ ᠲᠤ᠂ ᠶᠢᠨ ᠶᠦᠩ ᠯᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠡᠬᠡ ᠲᠠᠩᠰᠠ ᠶᠢ ᠪᠠᠶᠢᠴᠠᠭᠠᠬᠤ ᠬᠡᠯᠪᠡᠷᠢ ᠪᠠᠷ ᠳᠠᠮᠵᠢᠭᠤᠯᠤᠨ᠂ ᠬᠤᠳᠠᠯᠳᠤᠭᠠᠨ ᠤ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠵᠢᠵᠢᠭᠦᠷᠯᠡᠨ ᠰᠠᠬᠢᠬᠤ᠂ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠵᠠᠶᠢᠯᠠᠭᠤᠯᠬᠤ ᠵᠠᠮ ᠰᠤᠪᠠᠭ ᠢ ᠲᠤᠬᠢᠷᠠᠭᠤᠯᠤᠬᠰᠠᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠳᠤᠲᠠᠭᠤᠳᠠᠯ᠂ ᠪᠠᠭᠤᠷᠠᠶ ᠭᠤᠭᠴᠤᠭ᠎ᠠ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠠᠵᠤ ᠠᠬᠤᠶᠢᠯᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠠᠶᠤᠯᠭᠦᠶ ᠦᠶᠯᠡᠳᠪᠦᠷᠢᠯᠡᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠶᠢᠨ ᠶᠦᠩ ᠯᠢ᠂ ᠣᠳᠣᠬᠠᠨ ᠳᠤ ᠶᠠᠭ ᠰᠠᠶᠢᠬᠠᠨ ︽5·1︾ ᠤ ᠠᠮᠠᠷᠠᠯᠲᠠ ᠶᠢᠨ ᠬᠤᠭᠤᠴᠠᠭ᠎ᠠ ᠪᠤᠯᠪᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠪᠣᠷᠣᠯᠠᠭᠤᠯᠭ᠎ᠠ ᠶᠢ ᠠᠬᠢᠭᠤᠯᠵᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠠᠶᠤᠯᠭᠦᠢ ᠦᠢᠯᠡᠳᠪᠦᠷᠢᠯᠡᠯ︾  ᠬᠡᠬᠦ ᠡᠨᠡᠬᠦ ᠬᠦᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ   ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ︽ᠡᠷᠲᠡ ᠢᠯᠡᠷᠡᠭᠦᠯᠬᠦ︾  ᠂ ︽ᠡᠷᠲᠡ ᠰᠡᠷᠭᠡᠶᠢᠯᠡᠬᠦ︾ ᠳᠡᠭᠡᠷ᠎ᠡ ᠬᠦᠴᠦ ᠣᠷᠣᠭᠤᠯᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠲᠠᠯ᠎ᠠ ᠪᠠᠷ ᠥᠪᠡᠷ ᠢ ᠪᠠᠨ ᠪᠠᠶᠢᠴᠠᠭᠠᠬᠤ᠂ ᠲᠤᠰᠬᠠᠶ ᠪᠠᠶᠢᠴᠠᠭᠠᠯᠲᠠ ᠬᠢᠬᠦ᠂ ᠶᠡᠷᠦᠩᠬᠡᠶᠢᠯᠡᠨ ᠱᠠᠯᠠᠪᠳᠠᠭᠤᠯᠤᠨ ᠵᠢᠯᠣᠭᠤᠳᠬᠤ ᠪᠠ ︽ᠡᠷᠬᠢᠨ ᠬᠠᠷᠠᠬᠤ︾ ᠠᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠰᠠᠶᠢᠲᠤᠷ ᠬᠢᠵᠦ᠂ ᠠᠰᠠᠭᠤᠳᠠᠯ ᠢ ᠰᠢᠶᠳᠪᠦᠷᠢᠯᠡᠬᠦ ᠥᠬᠡᠶ ᠪᠣᠯ ᠶᠠᠭᠠᠬᠢᠬᠰᠠᠨ ᠴᠤ ᠲᠠᠯᠪᠢᠬᠤ ᠥᠬᠡᠶ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠥᠬᠡᠶ ᠪᠣᠯ ᠶᠠᠭᠠᠬᠢᠬᠰᠠᠨ ᠴᠤ ᠢᠯᠳᠠᠷ ᠬᠠᠶᠠᠬᠤ ᠥᠬᠡᠶ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠥᠬᠡᠶ ᠪᠣᠯ ᠶᠠᠭᠠᠬᠢᠬᠰᠠᠨ ᠴᠤ ᠬᠦᠯᠢᠶᠡᠬᠦ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠵᠢᠵᠢᠭᠦᠷᠯᠡᠬᠦ ᠪᠠ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠷᠠᠳ ᠣᠯᠠᠨ ᠤ ᠠᠮᠤᠷ ᠠᠮᠤᠭᠤᠯᠠᠩ ᠪᠠᠶᠠᠷ ᠬᠥᠷ ᠲᠠᠢ  ᠪᠠᠷ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠵᠠᠢ᠃      ᠲᠤᠭᠤᠷᠢᠭ ᠤᠨ ᠤᠳᠤᠷᠢᠳᠤᠯᠭ᠎ᠠ ᠵᠠᠢ ᠶᠦᠨ ᡂᠢ᠂ ᠢᠦᠢ ᠷᠦᠢ ᠴᠢᠩ ᠪᠠᠶᠢᠴᠠᠭᠠᠯᠲᠠ ᠳᠤ ᠣᠷᠣᠯᠴᠠᠵᠠᠢ᠃ ︵ᠰᠤᠷᠪᠤᠯᠵᠢᠯᠠᠭᠴᠢ᠄ ᠹᠧᠩ ᠰᠢᠤᠸᠠᠢ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号