ᠬᠥᠨᠳᠡᠯᠡᠨ ᠲᠣᠭᠤᠷᠢᠭ ︽5·1︾ ᠤ ᠬᠥᠳᠡᠯᠮᠦᠷᠢᠴᠢᠳ ᠤᠨ ᠪᠠᠶᠠᠷ ᠤᠨ ᠬᠤᠭᠤᠴᠠᠭᠠᠨ ᠳᠠᠬᠢ ᠺᠢᠨᠣ᠋ ᠲᠢᠶᠠᠲᠷ᠂ ᠨᠤᠮ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ  ᠥᠷᠨᠢᠭᠦᠯᠪᠡ
ᠨᠡᠶᠢᠲᠡᠯᠡᠭᠰᠡᠨ ᠴᠠᠭ᠄
2023/5/4
   4 ᠰᠠᠷ᠎ᠠ ᠶᠢᠨ 27 ᠤ ᠡᠳᠦᠷ᠂ ᠬᠥᠨᠳᠡᠯᠡᠨ ᠲᠣᠭᠤᠷᠢᠭ ᠤᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ ᠪᠤᠭᠤᠲᠤ ᠬᠤᠲᠠ ᠶᠢᠨ ᠰᠣᠶᠣᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ ᠲᠠᠢ ᠬᠠᠮᠲᠤᠷᠠᠨ ︽5·1︾ ᠤ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠢ ᠺᠢᠨᠣ᠋ ᠲᠢᠶᠠᠲᠷ᠂ ᠨᠤᠮ ᠬᠡᠪᠯᠡᠭᠳᠡᠬᠦᠨ ᠤ ᠵᠠᠬ᠎ᠠ ᠳᠡᠯᠭᠡᠭᠦᠷ ᠵᠡᠷᠭᠡ ᠲᠠᠯᠠᠪᠤᠷ ᠭᠠᠵᠠᠷ ᠲᠤ ᠠᠶᠤᠯᠬᠦᠢ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃
     ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠾᠧᠩ ᠳ᠋ᠡ ᠵᠢᠶᠠ ᠺᠠᠶ ᠺᠢᠨᠣ᠋ ᠲᠢᠶᠠᠲᠷ᠂ ᠵᠥᠩ ᠶᠢᠩ ᠳ᠋ᠧᠩ ᠲᠠ ᠺᠢᠨᠣ᠋ ᠲᠢᠶᠠᠲᠷ᠂ ᠰᠢᠩ ᠢ ᠺᠢᠨᠣ᠋ ᠲᠢᠶᠠᠲᠷ᠂ ᠬᠠᠨ ᠰᠢᠶᠠᠩ ᠨᠣᠮ ᠤᠨ ᠳᠡᠯᠭᠡᠭᠦᠷ᠂ ᠮᠧᠩ ᠶᠤᠸᠠᠨ ᠨᠣᠮ ᠤᠨ ᠳᠡᠯᠭᠡᠭᠦᠷ ᠵᠡᠷᠭᠡ ᠲᠠᠯᠠᠪᠤᠷ ᠲᠤ ᠬᠦᠷᠴᠦ᠂ ᠺᠢᠨᠣ᠋ ᠲᠢᠶᠠᠲᠷ ᠪᠠ ᠨᠤᠮ ᠤᠨ ᠲᠡᠯᠬᠡᠬᠦᠷ ᠲᠠᠬᠢ ᠭᠠᠯ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠦᠶᠯᠡᠳᠪᠦᠷᠢᠯᠡᠯ᠂ ᠠᠵᠢᠯᠲᠠᠨ ᠲᠠᠭᠠᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠬᠦᠷᠳᠡᠬᠡᠬᠦ ᠠᠷᠭ᠎ᠠ ᠬᠡᠮᠵᠢᠶ᠎ᠡ᠂ ᠠᠶᠤᠯᠬᠦᠢ ᠦᠶᠯᠡᠳᠪᠦᠷᠢᠯᠡᠯ ᠤᠨ ᠲᠣᠨᠤᠭ ᠲᠥᠬᠦᠭᠡᠷᠦᠮᠵᠢ ᠪᠦᠷᠢᠨ ᠭᠦᠶᠴᠡᠳ ᠪᠠᠶᠢᠬᠤ ᠡᠰᠡᠬᠦ ᠵᠡᠷᠭᠡ ᠠᠭᠤᠯᠭ᠎ᠠ ᠶᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠺᠢᠨᠣ᠋ ᠲᠢᠶᠠᠲᠷ ᠪᠠ ᠨᠤᠮ ᠤᠨ ᠲᠡᠯᠬᠡᠬᠦᠷ ᠲᠠᠬᠢ ᠭᠠᠯ ᠤᠨᠲᠠᠷᠠᠭᠠᠬᠤ ᠪᠠᠭᠠᠵᠢ᠂ ᠬᠡᠷ ᠳᠣᠲᠣᠷᠠᠬᠢ ᠭᠠᠯ ᠤᠨᠲᠠᠷᠠᠭᠠᠭᠤᠯ᠂ ᠠᠶᠤᠯ ᠲᠦᠭᠰᠢᠭᠦᠷᠢ ᠶᠢ ᠮᠡᠳᠡᠭᠦᠯᠬᠦ ᠲᠣᠨᠣᠭᠯᠠᠯ᠂ ᠠᠮᠤᠷ ᠲᠦᠪᠰᠢᠨ ᠢᠶᠠᠷ ᠵᠠᠶᠢᠯᠠᠨ ᠲᠤᠳᠠᠭᠠᠬᠤ ᠡᠭᠦᠳᠡ ᠶᠢᠨ ᠵᠢᠭᠠᠯᠲᠠ ᠲᠡᠮᠳᠡᠭ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠳ᠋ᠧᠩ ᠵᠡᠷᠭᠡ ᠠᠮᠤᠷ ᠲᠦᠪᠰᠢᠨ ᠤ ᠲᠤᠨᠤᠭ ᠲᠥᠬᠦᠭᠡᠷᠦᠮᠵᠢ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠲᠡᠷᠡᠴᠢᠯᠡᠨ ᠡᠯ᠎ᠡ ᠲᠠᠯᠠᠪᠤᠷ ᠭᠠᠵᠠᠷ ᠤᠨ ᠠᠶᠤᠯᠬᠦᠢ ᠦᠶᠯᠡᠳᠪᠦᠷᠢᠯᠡᠯ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠢᠯᠡᠷᠡᠬᠦᠯᠦᠭᠰᠡᠨ ᠭᠡᠮ ᠰᠤᠭᠤᠭ ᠲᠤ ᠬᠠᠨᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠨᠢᠭᠡᠳ ᠨᠢᠭᠡ ᠪᠠᠷ ᠳᠤᠷᠠᠳᠴᠤ᠂ ᠪᠠᠶᠠᠷ ᠤᠨ ᠡᠳᠦᠷ ᠤᠨ ᠬᠤᠭᠤᠴᠠᠭᠠᠨ ᠤ ᠺᠢᠨᠣ᠋ ᠲᠢᠶᠠᠲᠷ᠂ ᠨᠤᠮ ᠬᠡᠪᠯᠡᠭᠳᠡᠬᠦᠨ ᠤ ᠵᠠᠬ᠎ᠠ ᠳᠡᠯᠭᠡᠭᠦᠷ ᠵᠡᠷᠭᠡ ᠲᠠᠯᠠᠪᠤᠷ ᠭᠠᠵᠠᠷ ᠤᠨ ᠭᠠᠯ ᠤᠨ ᠠᠶᠤᠯ ᠤᠨ ᠭᠡᠮ ᠰᠤᠭᠤᠭ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ ᠦᠨᠡᠨᠬᠦ ᠪᠠᠲᠤᠯᠠᠪᠠ᠃     ᠪᠠᠶᠢᠴᠠᠭᠠᠬᠤ ᠳᠤᠭᠤᠶᠢᠯᠠᠩ ᠠᠴᠠ᠂ ᠬᠤᠯᠪᠣᠭᠳᠠᠯ ᠪᠥᠬᠦᠶ ᠬᠠᠷᠢᠭᠤᠴᠠᠯᠭᠠᠲᠤ ᠨᠢᠬᠡᠴᠢ ᠠᠮᠤᠷ ᠲᠦᠪᠰᠢᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠶᠤᠯᠭᠦᠶ ᠦᠶᠯᠡᠳᠪᠦᠷᠢᠯᠡᠯ ᠤᠨ ᠠᠵᠢᠯ ᠤᠨ ᠱᠠᠭᠠᠷᠳᠠᠯᠭ᠎ᠠ  ᠶᠢ ᠴᠢᠩᠭ᠎ᠠ ᠵᠢᠷᠤᠮᠯᠡᠨ ᠬᠡᠮ ᠰᠤᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠰᠠᠶᠢᠲᠤᠷ    ᠬᠢᠵᠦ᠂ ᠡᠷᠡᠭᠦᠯ ᠰᠠᠷᠠᠭᠤᠯ ᠥᠭᠡᠳᠡᠷᠬᠡᠭ ᠨᠡᠶᠢᠭᠡᠮ ᠤᠨ ᠰᠣᠶᠣᠯ ᠤᠨ ᠣᠷᠴᠢᠨ ᠲᠤᠭᠤᠷᠢᠨ ᠢ ᠪᠣᠶ ᠪᠣᠯᠭᠠᠬᠤ ᠬᠡᠷᠡᠭᠲᠡᠶ᠃ ᠰᠣᠶᠣᠯ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠤᠶᠢᠨᠡᠬᠢ ᠬᠤᠭᠤᠴᠠᠭᠠᠨ ᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠮᠥᠷᠳᠡᠨ ᠱᠠᠯᠠᠪᠳᠠᠭᠤᠯᠤᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠤ ᠱᠠᠭᠠᠷᠳᠠᠪᠠ᠃    ᠲᠣᠰ ᠤᠳᠠᠭᠠᠨ ᠤ ᠶᠡᠭᠡ ᠪᠠᠶᠢᠴᠠᠭᠠᠯᠲᠠ ᠪᠠᠷ ᠳᠡᠮᠵᠢᠭᠤᠯᠤᠨ᠂ ᠺᠢᠨᠣ᠋ ᠲᠢᠶᠠᠲᠷ᠂  ᠨᠤᠮ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠬᠠᠷᠢᠭᠤᠴᠠᠯᠭᠠᠳᠤ ᠬᠥᠮᠦᠰ ᠤᠨ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠤ ᠬᠡᠮ ᠰᠤᠭᠤᠭ ᠢ ᠴᠠᠭ ᠲᠤᠬᠠᠶ ᠳᠤᠨᠢ ᠠᠷᠢᠯᠭᠠᠵᠤ᠂ ᠺᠢᠨᠣ᠋ ᠲᠧᠯᠸᠢᠰ᠂ ᠨᠤᠮ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ︵ᠢᠷᠡᠯᠲᠡ᠄  ᠲᠤᠭᠤᠷᠢᠭ ᠤᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号