4 ᠰᠠᠷ᠎ᠠ ᠶᠢᠨ 30 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ︽ᠲᠦᠷᠪᠡ ᠥᠬᠡᠶ ᠬᠤᠶᠠᠷ ᠲᠤ ᠰᠢᠭᠤᠳ ᠬᠦᠷᠬᠦ︾ ᠬᠡᠯᠪᠡᠷᠢ ᠶᠢ | ᠠᠪᠴᠤ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ | ᠠᠵᠢᠯ ᠤᠨ ᠲᠤᠬᠠᠶ ᠲᠠᠯᠳᠠᠭᠤᠷ ᠰᠤᠷᠪᠤᠯᠵᠢᠯᠠᠨ ᠪᠠᠶᠢᠴᠠᠭᠠᠪᠠ᠃ | ᠬᠥᠨᠳᠡᠯᠡᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ᠂ ᠲᠢᠶᠠᠨ ᠬᠤᠩ ᠴᠧᠩ | ᠴᠡᠴᠡᠷᠯᠢᠭ ᠤᠨ ᠠᠵᠢᠯᠯᠠᠭᠠᠨ ᠤ ᠡᠮᠬᠢ ᠳᠢᠭᠯᠢᠮ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠪᠠ᠂ ᠲᠡᠷᠡ᠂ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠴᠡᠴᠡᠷᠯᠢᠭ ᠲᠤ | ᠢᠷᠡᠬᠦ ᠵᠢᠭᠤᠯᠴᠢᠯᠠᠬᠰᠠᠳ ᠤᠨ ᠲᠤᠭ᠎ᠠ ᠲᠦᠷᠭᠡᠨ ᠨᠡᠮᠡᠭᠳᠡᠨ᠎ᠡ᠂ ᠦᠢᠯᠡᠳᠪᠦᠷᠢᠯᠡᠯ ᠤᠨ ᠠᠮᠤᠷ ᠲᠦᠪᠰᠢᠨ ᠢ | ᠣᠮᠲᠣᠭᠠᠶᠢᠯᠠᠵᠤ ᠪᠣᠯᠬᠤ ᠦᠭᠡᠢ᠂ ᠴᠡᠴᠡᠷᠯᠢᠭ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ | ᠵᠦᠢᠯ ᠤᠨ ᠠᠵᠢᠯ ᠢ ᠴᠥᠬᠦᠷᠡᠰᠢ ᠦᠭᠡᠢ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ | ᠴᠡᠴᠡᠷᠯᠢᠭ ᠤᠨ ᠬᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠪᠠ ᠦᠶᠯᠡᠴᠢᠯᠡᠭᠡ ᠪᠠᠲᠤᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠠᠮᠢᠶᠠᠷᠤᠯᠲᠠ | ᠦᠶᠯᠡᠴᠢᠯᠡᠭᠡ ᠶᠢᠨ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠡᠨᠡᠳᠲᠡ ᠶᠢᠨ ᠡᠬᠦᠰᠬᠦ ᠬᠡᠷᠡᠭ ᠢ ᠠᠷᠭᠠᠴᠠᠭᠠᠨ | ᠰᠢᠶᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠳᠠᠷᠠᠭ᠎ᠠ ᠨᠢ᠂ ᠲᠢᠶᠠᠨ ᠬᠤᠩ ᠴᠧᠩ ᠪᠤᠭᠤᠲᠤ ᠶᠢᠨ ᠪᠣᠯᠣᠳ ᠲᠡᠮᠦᠷ ᠤᠨ ᠤᠨᠴᠠ ᠲᠦᠷᠦᠯ ᠤᠨ ᠪᠤᠯᠤᠳ | ᠬᠤᠭᠤᠯᠠᠢ ᠶᠢᠨ ᠬᠢᠵᠠᠭᠠᠷᠲᠤ ᠺᠣᠮᠫᠠᠨᠢ᠂ ᠬᠤᠸᠠ ᠱᠠᠩ ᠬᠤᠪᠣᠷ ᠰᠢᠷᠣᠶ ᠶᠢᠨ ᠬᠠᠶᠢᠯᠤᠰᠢ ᠶᠢᠨ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠴᠢᠶᠠᠨ ᠱᠠᠨ ᠬᠦᠨᠳᠦ ᠠᠵᠤ ᠦᠶᠯᠡᠳᠪᠦᠷᠢ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ | ᠬᠦᠷᠴᠦ᠂ ᠠᠵᠤ ᠠᠬᠤᠶᠢᠯᠠᠯ ᠤᠨ ᠦᠶᠯᠡᠳᠪᠦᠷᠢ ᠶᠢᠨ ᠲᠠᠰᠤᠭ ᠤᠨ ᠠᠶᠤᠯᠬᠦᠢ ᠦᠶᠯᠡᠳᠪᠦᠷᠢᠯᠡᠯ ᠢ ᠵᠢᠷᠤᠮᠵᠢᠭᠤᠯᠵᠤ | ᠪᠠᠶᠢᠬᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠵᠢᠵᠢᠭᠦᠷᠯᠡᠨ ᠰᠠᠬᠢᠵᠤ ᠪᠠᠶᠢᠬᠤ᠂ ᠭᠠᠯ ᠰᠡᠷᠭᠡᠶᠢᠯᠡᠵᠤ ᠭᠠᠯ | ᠤᠨᠳᠠᠷᠠᠭᠠᠬᠤ ᠲᠤᠨᠤᠭ ᠲᠥᠬᠦᠭᠡᠷᠦᠮᠵᠢ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠠᠶᠢᠴᠠᠭᠠᠵᠤ᠂ ᠪᠠᠶᠢᠴᠠᠭᠠᠯᠲᠠ ᠶᠢᠨ | ᠳᠤᠮᠳᠠ ᠢᠯᠡᠷᠡᠭᠦᠯᠦᠭᠰᠡᠨ ᠠᠰᠠᠭᠤᠳᠠᠯ ᠤᠨ ᠳᠤᠲᠠᠭᠤᠳᠠᠯ᠂ ᠪᠠᠭᠤᠷᠠᠶ ᠭᠤᠭᠴᠤᠭ᠎ᠠ ᠳᠤ ᠬᠠᠨᠳᠤᠭᠤᠯᠤᠨ ᠴᠡᠭᠴᠡᠯᠡᠨ | ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠠᠵᠤ ᠠᠬᠤᠶᠢᠯᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ | ᠰᠠᠶᠢᠵᠢᠷᠠᠭᠤᠯᠵᠤ᠂ ᠠᠶᠤᠯᠬᠦᠢ ᠦᠶᠯᠡᠳᠪᠦᠷᠢᠯᠡᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠠᠲᠤᠯᠠᠬᠤ ᠶᠢ | ᠱᠠᠭᠠᠷᠳᠠᠪᠠ᠃ ᠲᠡᠷᠡ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠶᠤᠯᠭᠦᠶ ᠦᠶᠯᠡᠳᠪᠦᠷᠢᠯᠡᠯ ᠢ ᠲᠡᠷᠢᠭᠦᠨ | ᠴᠢᠬᠤᠯᠠ ᠶᠡᠭᠡ ᠶᠠᠪᠤᠳᠠᠯ ᠪᠣᠯᠭᠠᠵᠤ᠂ ︽ᠴᠠᠭ ᠢᠮᠠᠭᠲᠠ ᠰᠡᠳᠬᠢᠯ ᠠᠮᠤᠷ ᠦᠬᠡᠢ ᠪᠠᠶᠢᠬᠤ︾ ᠬᠠᠷᠢᠭᠤᠴᠠᠯᠭᠠᠲᠤ | ᠰᠡᠳᠬᠢᠯᠭᠡ ᠶᠢ ᠪᠠᠲᠤᠯᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ ᠠᠶᠤᠯᠭᠦᠶ ᠦᠶᠯᠡᠳᠪᠦᠷᠢᠯᠡᠯ ᠤᠨ ᠠᠵᠢᠯ ᠢ ᠱᠠᠯᠠᠪᠳᠠᠨ ᠪᠣᠳᠠᠲᠠᠶ ᠠᠳᠬᠤᠵᠤ᠂ ᠡᠯ᠎ᠡ | ᠲᠥᠷᠥᠯ ᠤᠨ ᠠᠶᠤᠯᠭᠦᠶ ᠦᠶᠯᠡᠳᠪᠦᠷᠢᠯᠡᠯ ᠤᠨ ᠠᠳᠡᠯ ᠡᠬᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ | ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃ ᠠᠵᠤ ᠠᠬᠤᠶᠢᠯᠠᠯ ᠤᠨ ᠬᠢᠨ ᠠᠶᠤᠯᠭᠦᠶ | ᠦᠶᠯᠡᠳᠪᠦᠷᠢᠯᠡᠯ ᠬᠡᠬᠦ ᠡᠨᠡᠬᠦ ᠬᠦᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠵᠦᠶᠯ ᠤᠨ ᠠᠶᠤᠯᠭᠦᠶ | ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠬᠠᠮᠲᠤ | ᠴᠢᠩᠭ᠎ᠠ ᠬᠡᠷᠡᠭᠵᠢᠭᠦᠯᠵᠦ᠂ ᠠᠶᠤᠯᠭᠦᠶ ᠦᠶᠯᠡᠳᠪᠦᠷᠢᠯᠡᠯ ᠤᠨ ᠵᠢᠷᠤᠮᠵᠢᠭᠰᠠᠨ ᠬᠠᠮᠢᠶᠠᠷᠤᠯᠲᠠ᠂ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠪᠠᠨ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ | ᠰᠠᠬᠢᠬᠤ ᠢ ᠴᠢᠩᠭᠠᠳᠬᠠᠵᠤ᠂ ︽5·1︾ ᠤ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠤᠨ | ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠲᠤᠭᠤᠷᠢᠭ ᠤᠨ ᠤᠳᠤᠷᠢᠳᠤᠯᠭ᠎ᠠ ᠯᠢ ᠵᠦᠩ᠂ ᠵᠠᠢ ᠶᠦᠨ ᡂᠢ ᠪᠠᠶᠢᠴᠠᠭᠠᠯᠲᠠ ᠳᠤ ᠣᠷᠣᠯᠴᠠᠪᠠ᠃ ︵ | ᠰᠤᠷᠪᠤᠯᠵᠢᠯᠠᠭᠴᠢ᠄ ᠶᠠᠨ ᠢ ᠫᠸᠢ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠬᠡᠷ︶ |