ᠡᠨᠡ ᠡᠭᠡᠯᠵᠢᠨ ᠤ ᠬᠢᠵᠢᠭ ᠭᠤᠣᠯᠳᠠᠭᠤ ᠡᠳᠡᠭᠡᠷ ᠬᠥᠮᠥᠨ ᠳᠤ ᠲᠤᠰᠴᠤ ᠪᠠᠶᠢᠨ᠎ᠠ
ᠨᠡᠶᠢᠲᠡᠯᠡᠭᠰᠡᠨ ᠴᠠᠭ᠄
2023/5/4
     ᠲᠥᠷᠥ ᠶᠢᠨ ᠶᠠᠪᠤᠳᠠᠯ ᠤᠨ ᠬᠤᠷᠢᠶᠠᠨ ᠤ ᠬᠢᠵᠢᠭ ᠢ ᠬᠠᠮᠳᠤᠪᠠᠷ ᠰᠡᠷᠭᠡᠶᠢᠯᠡᠨ ᠳᠠᠷᠣᠬᠤ ᠲᠣᠭᠲᠠᠴᠠ ᠶᠢᠨ ᠬᠢᠨ 26 ᠤ ᠡᠳᠦᠷ ᠬᠤᠷᠠᠯ ᠬᠢᠵᠦ᠂ ᠲᠠᠪᠤᠨ ᠰᠠᠷ᠎ᠠ ᠶᠢᠨ ᠨᠢᠬᠡᠨ ᠤ ᠠᠮᠠᠷᠠᠯᠲᠠ ᠶᠢᠨ ᠬᠤᠭᠤᠴᠠᠭᠠᠨ ᠳᠠᠬᠢ ᠬᠢᠵᠢᠭ ᠢ ᠰᠡᠷᠭᠡᠶᠢᠯᠡᠨ ᠳᠠᠷᠣᠬᠤ ᠬᠠᠮᠢᠶᠠᠳᠠᠢ ᠪᠠᠶᠢᠳᠠᠯ ᠢ ᠲᠠᠨᠢᠯᠴᠠᠭᠤᠯᠵᠠᠢ᠃                            ᠣᠶᠢᠯᠠᠭᠠᠭᠰᠠᠨ ᠢᠶᠠᠷ᠂ ᠣᠶᠢᠷ᠎ᠠ ᠶᠢᠨ ᠬᠤᠭᠤᠴᠠᠭᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠵᠠᠷᠢᠮ ᠭᠠᠵᠠᠷ ᠲᠤ ᠬᠢᠵᠢᠭ ᠬᠠᠶᠠ ᠳᠡᠯᠬᠡᠷᠡᠵᠦ᠂ ᠣᠨᠴᠠ ᠵᠠᠷᠢᠮ ᠭᠠᠵᠠᠷ ᠲᠤ ᠬᠢᠵᠢᠭ ᠲᠤ ᠨᠡᠷᠪᠡᠭᠳᠡᠭᠰᠡᠨ ᠬᠥᠮᠥᠨ ᠤ ᠲᠤᠭ᠎ᠠ ᠪᠠᠭ᠎ᠠ ᠨᠡᠮᠡᠭᠳᠡᠬᠦ ᠪᠠᠶᠢᠳᠠᠯ ᠲᠠᠢ ᠪᠠᠶᠢᠨ᠎ᠠ᠃ ᠪᠦᠷᠢᠳᠬᠡᠭᠰᠡᠨ ᠢᠶᠠᠷ᠂ ᠪᠥᠬᠦ  ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠦ᠂ 4 ᠳ᠋ᠣᠭᠡᠷ ᠰᠠᠷ᠎ᠠ ᠶᠢᠨ ᠳᠤᠮᠳᠠᠴᠢ ᠠᠴᠠ ᠨᠠᠰᠢ᠂ ᠭᠠᠭᠴᠠ ᠡᠳᠦᠷ ᠲᠤ ᠬᠢᠵᠢᠭ ᠤᠨ ᠬᠠᠯᠳᠠᠪᠤᠷᠢ ᠠᠪᠤᠬᠰᠠᠨ ᠬᠥᠮᠥᠨ ᠤ ᠲᠤᠭ᠎ᠠ ᠪᠠᠭ᠎ᠠ ᠬᠡᠮᠵᠢᠶ᠎ᠡ ᠪᠠᠷ ᠨᠡᠮᠡᠭᠳᠡᠭᠰᠡᠨ ᠪᠠᠶᠢᠨ᠎ᠠ᠃ ᠲᠤᠰᠬᠠᠢ ᠮᠡᠷᠭᠡᠵᠢᠯᠲᠡᠨ ᠤ ᠵᠢᠱᠢᠵᠦ ᠪᠠᠶᠢᠬᠤ ᠪᠠᠷ᠂ ᠣᠶᠢᠷ᠎ᠠ ᠶᠢᠨ ᠬᠤᠭᠤᠴᠠᠭᠠᠨ ᠳᠤ ᠬᠡᠰᠡᠭ ᠭᠠᠵᠠᠷ ᠣᠷᠣᠨ ᠳᠤ  ᠬᠢᠵᠢᠭ ᠲᠤ ᠨᠡᠷᠪᠡᠭᠳᠡᠭᠰᠡᠨ ᠬᠥᠮᠥᠨ ᠤ ᠲᠤᠭ᠎ᠠ ᠠᠭᠠᠵᠢᠮ ᠢᠶᠠᠷ ᠨᠡᠮᠡᠭᠳᠡᠵᠦ᠂ ᠣᠯᠠᠩᠬᠢ ᠨᠢ ᠬᠢᠵᠢᠭ ᠤᠨ ᠬᠠᠯᠳᠠᠪᠤᠷᠢ ᠠᠪᠤᠭ᠎ᠠ ᠦᠬᠡᠢ ᠬᠥᠮᠥᠨ ᠪᠠᠶᠢᠨ᠎ᠠ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号