5 ᠰᠠᠷ᠎ᠠ ᠶᠢᠨ 1 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ | ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠴᠢᠬᠤᠯᠠ ᠶᠡᠭᠡ ᠲᠥᠷᠥᠯ | ᠵᠦᠶᠯ ᠢ ᠣᠷᠣᠭᠤᠯᠤᠨ ᠠᠪᠴᠢᠷᠠᠵᠤ ᠪᠥᠲᠥᠭᠡᠨ ᠪᠠᠶᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠲᠤᠭᠤᠷᠢᠭ ᠤᠨ | ᠤᠳᠤᠷᠢᠳᠤᠯᠭ᠎ᠠ ᠲᠢᠶᠠᠨ ᠬᠤᠩ ᠴᠧᠩ᠂ ᠯᠢ ᠵᠦᠩ᠂ ᠵᠠᠢ ᠶᠦᠨ ᡂᠢ᠂ ᠢᠦᠢ ᠷᠦᠢ ᠴᠢᠩ᠂ ᠶᠠᠩ ᠶᠦᠩ᠂ ᠯᠢ | ᠬᠤᠩ ᠢᠦᠢ᠂ ᠵᠧᠦ ᠬᠠᠢ ᠹᠸᠢ ᠬᠤᠷᠠᠯ ᠳᠤ ᠣᠷᠣᠯᠴᠠᠪᠠ᠃ | ᠶᠢᠨ ᠶᠦᠩ ᠯᠢ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠᠷ ᠪᠠᠯᠠ ᠣᠷᠣᠭᠤᠯᠤᠯᠲᠠ ᠶᠢ | ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠬᠥᠭᠵᠢᠯᠲᠡ ᠶᠢ ᠠᠬᠢᠭᠤᠯᠬᠤ ︽ᠭᠤᠤᠯ ᠭᠠᠷᠳᠠᠴᠠ︾ | ᠪᠣᠯᠭᠠᠬᠤ ᠶᠢ ᠪᠠᠷᠢᠮᠲᠠᠯᠠᠵᠤ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ︽ | ᠰᠢᠨ᠎ᠡ ᠪᠠᠷ ᠨᠡᠮᠡᠭᠳᠡᠭᠦᠯᠬᠦ︾᠂ ︽ᠪᠣᠳᠠᠲᠠᠶ ᠠᠳᠬᠤᠬᠤ︾᠂ ︽ᠬᠢᠵᠤ ᠪᠦᠳᠦᠬᠡᠬᠦ︾ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠶᠠᠷ ᠭᠤᠷᠪᠠᠳᠤᠭᠠᠷ ᠤᠯᠠᠷᠢᠯ ᠤᠨ ︽ᠰᠢᠵᠢᠷ ᠠᠯᠲᠠᠨ ᠴᠠᠭ ᠬᠤᠭᠤᠴᠠᠭ᠎ᠠ︾ ᠶᠢ ᠵᠠᠪᠳᠤᠨ | ᠠᠳᠬᠤᠵᠤ᠂ ᠯᠠᠪᠳᠠᠢ ᠰᠢᠶᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠪᠠᠷ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢᠨ ᠲᠦᠭᠵᠢᠷᠡᠯ ᠴᠡᠭ ᠢ ᠨᠡᠪᠲᠡᠷᠡᠭᠦᠯᠵᠦ᠂ ᠨᠠᠩ ᠣᠯᠠᠨ ᠰᠤᠯᠠ ᠲᠠᠯᠪᠢᠬᠳᠠᠵᠤ ᠪᠠᠶᠢᠭ᠎ᠠ ᠭᠠᠵᠠᠷ ᠢ | ᠠᠯᠢ ᠲᠦᠷᠭᠡᠨ ᠢᠶᠠᠷ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠪᠣᠯᠭᠠᠨ ᠬᠤᠪᠢᠷᠠᠭᠤᠯᠵᠤ᠂ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠢ ᠠᠵᠢᠯ ᠤᠨ ᠪᠠᠶᠢᠷᠢ ᠬᠠᠩᠭᠠᠬᠤ᠂ ᠭᠠᠶᠢᠯᠢ ᠲᠤᠰᠢᠶᠠᠬᠤ᠂ ᠥᠷᠲᠡᠭ | ᠡᠭᠦᠳᠬᠦ ᠠᠵᠤ ᠠᠬᠤᠶᠢᠯᠠᠯ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠰᠢᠨ᠎ᠡ | ᠨᠡᠮᠡᠭᠳᠡᠯ ᠤᠨ ᠬᠡᠮᠵᠢᠶ᠎ᠡ ᠶᠢ ᠴᠢᠷᠮᠠᠶᠢᠨ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠶᠢᠨ ᠶᠦᠩ ᠯᠢ᠂ ᠣᠳᠣᠬᠠᠨ ᠤ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ | ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠰᠡᠷᠭᠡᠭ ᠢᠶᠠᠷ ᠲᠠᠨᠢᠵᠤ᠂ ᠣᠷᠣᠭᠤᠯᠤᠨ | ᠠᠪᠴᠢᠷᠠᠭᠰᠠᠨ ᠴᠢᠬᠤᠯᠠ ᠶᠡᠭᠡ ᠲᠥᠷᠥᠯ ᠵᠦᠶᠯ ᠢ ᠵᠤᠬᠢᠶᠠᠨ ᠪᠠᠶᠢᠭᠤᠯᠵᠤ ᠵᠤᠯᠭᠠᠭᠤᠯᠵᠤ᠂ ᠡᠭᠦᠷᠭᠡ ᠶᠢᠨ ᠨᠠᠷᠢᠨ | ᠲᠠᠩᠰᠠ ᠶᠢ ᠨᠢᠭᠡᠳ ᠨᠢᠭᠡ ᠪᠠᠷ ᠲᠣᠭᠲᠠᠭᠠᠵᠤ᠂ ᠲᠤᠰᠬᠠᠶ ᠬᠥᠮᠦᠨ ᠲᠤᠰᠬᠠᠶ ᠠᠩᠬᠢ ᠲᠤᠬᠢᠷᠠᠭᠤᠯᠵᠤ ᠨᠢᠬᠳᠠ | ᠠᠩᠬᠠᠷᠴᠤ ᠴᠢᠩᠭ᠎ᠠ ᠠᠳᠬᠤᠨ ᠯᠠᠪᠳᠠᠭᠤᠨ ᠪᠣᠳᠠᠲᠠᠶ ᠬᠢᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ | ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠴᠠᠭ ᠤᠨ ᠲᠡᠰ ᠳᠠᠷᠠᠭᠠᠯᠠᠯ ᠤᠨ | ᠵᠠᠩᠬᠢᠯᠠᠭ᠎ᠠ ᠶᠢᠨ ᠴᠡᠭ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ | ᠵᠢᠭᠰᠠᠭᠠᠵᠤ᠂ ᠡᠳᠦᠷ ᠢᠶᠠᠷ ᠲᠣᠬᠢᠷᠠᠭᠤᠯᠵᠤ᠂ ᠲᠥᠷᠥᠯ ᠵᠦᠶᠯ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠪᠣᠯᠤᠨ | ᠦᠶᠯᠡᠴᠢᠯᠡᠭᠡ ᠶᠢᠨ ᠢᠯᠡᠳᠲᠡ ᠠᠬᠢᠴᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠠᠵᠤ | ᠠᠬᠤᠶᠢᠯᠠᠯ ᠳᠤ ᠪᠦᠬᠦ ᠲᠠᠯ᠎ᠠ ᠶᠢᠨ᠂ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠨᠡᠪᠳᠡᠷᠡᠯᠴᠡᠵᠤ | ᠵᠣᠬᠢᠴᠠᠭᠤᠯᠵᠤ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠬᠦᠴᠢᠷ ᠲᠦᠪᠡᠭᠳᠡᠯ ᠢ ᠴᠠᠭ ᠲᠤᠬᠠᠢ ᠳᠤᠨᠢ ᠰᠢᠢᠳᠪᠦᠷᠢᠯᠡᠨ ᠦᠭᠴᠦ᠂ ︽ᠲᠠᠨ ᠳᠤ ᠬᠠᠨᠤᠮᠵᠢᠳᠠᠢ ᠪᠤᠭᠤᠳᠤ︾᠂ ︽ | ᠲᠨ ᠰᠠᠨᠠᠭ᠎ᠠ ᠠᠮᠤᠷ ᠪᠠᠶᠢᠬᠤ ᠶᠢ ᠪᠠᠳᠤᠯᠠᠬᠤ︾ ᠲᠡᠷᠢᠭᠦᠨ ᠵᠡᠷᠬᠡ ᠶᠢᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠲᠥᠷᠥᠯ ᠵᠦᠢᠯ ᠳᠠᠬᠢ | ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠲᠥᠷᠥᠯ | ᠵᠦᠢᠯ ᠤᠨ ᠤᠷᠤᠬᠤ ᠶᠢ ᠵᠥᠪᠰᠢᠶᠡᠷᠡᠬᠦ ᠪᠠᠷᠢᠮᠵᠢᠶ᠎ᠠ ᠶᠢ ᠴᠢᠩᠳᠠᠯᠠᠨ᠂ ᠣᠷᠴᠢᠨ ᠲᠣᠭᠤᠷᠢᠨ ᠤ ᠬᠠᠮᠠᠭᠠᠯᠠᠯᠲᠠ᠂ | ᠡᠨᠧᠷᠭᠢ ᠶᠢᠨ ᠬᠤᠷᠣᠭᠳᠠᠭᠤᠯᠤᠯ ᠵᠡᠷᠭᠡ ︽ᠤᠷᠢᠵᠤ ᠣᠷᠣᠭᠤᠯᠤᠨ ᠠᠪᠴᠢᠷᠠᠬᠤ ᠪᠣᠭᠤᠮᠲᠠ︾ ᠶᠢ ᠴᠢᠩᠭ᠎ᠠ | ᠡᠵᠡᠮᠳᠡᠵᠦ᠂ ᠰᠢᠨ᠎ᠡ ᠪᠠᠶᠢᠬᠤ᠂ ᠪᠤᠬᠢᠷᠳᠤᠯ ᠦᠬᠡᠢ ᠪᠠᠶᠢᠬᠤ᠂ ᠦᠨ᠎ᠡ ᠦᠷᠳᠡᠭ ᠢᠶᠠᠷ ᠥᠨᠳᠥᠷ ᠨᠢᠭᠡ ᠪᠦᠯᠦᠭ | ᠰᠢᠯᠢᠳᠡᠭ ᠲᠥᠷᠥᠯ ᠵᠦᠢᠯ ᠢ ᠤᠷᠤᠭᠤᠯᠤᠨ ᠠᠪᠴᠢᠷᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃ | ︵ᠰᠤᠷᠪᠤᠯᠵᠢᠯᠠᠭᠴᠢ᠄ ᠯᠧᠢ ᠶᠤᠸᠠᠨ ᠶᠤᠸᠠᠨ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ | ᠬᠤᠷᠢᠶᠠᠨ ᠤ ᠠᠯᠪᠠᠨ ᠬᠡᠷ︶ |