ᠲᠢᠶᠠᠨ ᠬᠤᠩ ᠴᠧᠩ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠡᠷᠡᠬᠦᠯ ᠬᠠᠮᠠᠭᠠᠯᠠᠯ ᠤᠨ ᠬᠤᠲᠠ ᠶᠢ ᠡᠬᠦᠳᠦᠨ ᠪᠠᠶᠢᠭᠤᠯᠬᠤ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠢ ᠲᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/5/5
    5 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ︽ᠲᠦᠷᠪᠡ ᠥᠬᠡᠶ ᠬᠤᠶᠠᠷ ᠲᠤ ᠰᠢᠭᠤᠳ ᠬᠦᠷᠬᠦ︾ ᠬᠡᠯᠪᠡᠷᠢ ᠶᠢ ᠠᠪᠴᠤ᠂ ᠬᠡᠰᠡᠭ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠵᠤᠴᠢᠳ ᠤᠨ ᠪᠠᠭᠤᠳᠠᠯ ᠬᠤᠭᠤᠯᠠᠨ ᠬᠡᠷ᠂ ᠬᠤᠲᠠ ᠶᠢᠨ ᠳᠤᠮᠳᠠᠬᠢ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠢ ᠳᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠵᠢᠯᠣᠭᠤᠳᠪᠠ᠃
    ᠲᠠᠯᠳᠠᠭᠤᠷ ᠰᠤᠷᠪᠤᠯᠵᠢᠯᠠᠬᠤ ᠳᠤᠮᠳᠠ᠂ ᠲᠢᠶᠠᠨ ᠬᠤᠩ ᠴᠧᠩ ᠤᠷᠢᠳᠴᠢᠯᠠᠨ ᠮᠡᠳᠡᠭᠳᠡᠭᠰᠡᠨ ᠥᠬᠡᠶ ᠪᠠᠷ᠂  ᠬᠦᠮᠦᠨ ᠴᠦᠬᠡᠨ ᠬᠦᠰᠬᠡ ᠬᠦᠩᠭᠡᠨ ᠢᠶᠠᠷ ᠡᠮᠦᠨ᠎ᠡ ᠹᠷᠣᠨᠲ ᠲᠤ ᠰᠢᠭᠤᠳ ᠬᠦᠷᠴᠦ᠂ ᠤᠷᠢᠳ ᠬᠤᠵᠢᠳ ᠴᠠᠭᠠᠨ ᠬᠤᠳᠠ ᠵᠡᠭᠦᠨ ᠵᠠᠮ ᠤᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠵᠤᠤ ᠶᠤᠸᠠᠨ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠲᠡᠬᠦᠨ ᠤ ᠡᠷᠬᠢᠨ ᠲᠣᠭᠤᠷᠢᠨ ᠤ ᠪᠤᠶᠢᠳᠠ ᠪᠦᠭᠯᠡᠬᠦᠦ ᠵᠡᠭᠡᠯᠢ ᠭᠤᠳᠤᠮᠵᠢ ᠵᠡᠷᠭᠡ ᠭᠠᠵᠠᠷ ᠲᠤ ᠬᠦᠷᠴᠦ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠡᠮᠬᠢ ᠳᠢᠭᠯᠢᠮ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ ᠤ ᠦᠶᠯᠡᠳᠪᠦᠷᠢᠯᠡᠯ ᠤᠨ ᠠᠮᠤᠷ ᠲᠦᠪᠰᠢᠨ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠯᠡᠷᠡᠭᠦᠯᠦᠭᠰᠡᠨ ᠠᠰᠠᠭᠤᠳᠠᠯ ᠤᠨ ᠲᠤᠬᠠᠶ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠠᠶ᠃ ᠲᠢᠶᠠᠨ ᠬᠤᠩ ᠴᠧᠩ᠂ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠵᠢᠷᠤᠮᠵᠢᠬᠰᠠᠨ ᠬᠠᠮᠢᠶᠠᠷᠤᠯᠲᠠ ᠪᠣᠯ ᠪᠥᠬᠦ ᠤᠯᠤᠰ ᠤᠨ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠠᠷᠢᠭᠤᠳᠬᠠᠯ᠂ ᠢᠳᠡᠭᠡᠨ ᠤ ᠠᠷᠢᠭᠤᠨ ᠴᠡᠪᠡᠷ ᠢ ᠬᠢᠨᠠᠨ ᠬᠡᠮᠵᠢᠬᠦ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠬᠤᠳᠠᠯᠳᠤᠭᠠᠴᠢᠨ ᠡᠷᠦᠬᠡ ᠶᠢᠨ ᠵᠢᠷᠤᠮᠵᠢᠩᠭᠤᠢ ᠡᠵᠡᠩᠨᠡᠬᠦ᠂ ᠪᠣᠯᠪᠠᠰᠤᠨ ᠢᠶᠠᠷ ᠡᠵᠡᠩᠨᠡᠬᠦ ᠶᠢ ᠬᠥᠲᠥᠯᠥᠨ ᠵᠢᠯᠣᠭᠤᠳᠴᠤ᠂ ᠨᠠᠩ ᠠᠮᠤᠷ ᠲᠦᠪᠰᠢᠨ᠂ ᠰᠠᠨᠠᠭ᠎ᠠ ᠠᠮᠤᠷ ᠪᠠᠶᠢᠬᠤ ᠢᠳᠡᠭᠡᠨ ᠤ ᠬᠡᠷᠡᠭᠯᠡᠭᠡ ᠶᠢᠨ ᠣᠷᠴᠢᠨ ᠨᠥᠬᠦᠴᠡᠯ ᠢ ᠬᠠᠮᠲᠤ ᠪᠠᠷ ᠪᠣᠶ    ᠪᠣᠯᠭᠠᠵᠤ᠂ ᠪᠥᠬᠦ ᠤᠯᠤᠰ ᠤᠨ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢᠨ ᠬᠠᠮᠲᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠵᠤ ᠵᠢᠭᠠᠵᠤ ᠭᠠᠷᠭᠠᠵᠠᠢ᠃     ᠳᠠᠷᠠᠭ᠎ᠠ ᠨᠢ᠂ ᠲᠢᠶᠠᠨ ᠬᠤᠩ ᠴᠧᠩ ᠨᠡᠷ ᠪᠤᠭᠤᠲᠤ ᠶᠢᠨ ᠭᠠᠯᠲᠤ ᠲᠡᠷᠭᠡᠨ ᠥᠷᠲᠡᠭᠡ ᠶᠢᠨ ᠣᠶᠢᠷᠠᠯᠴᠠᠭᠠᠬᠢ ᠬᠤᠭᠤᠯᠠᠨ ᠬᠡᠷ ᠵᠤᠴᠢᠳ ᠤᠨ ᠪᠠᠭᠤᠳᠠᠯ ᠳᠤ ᠬᠦᠷᠴᠦ᠂ ᠡᠯ᠎ᠡ ᠵᠣᠴᠢᠳ ᠤᠨ ᠪᠠᠭᠤᠳᠠᠯ ᠤᠨ ᠡᠵᠡᠩᠨᠡᠯᠲᠡ ᠶᠢᠨ ᠬᠢᠷᠢ ᠬᠡᠮ᠂ ᠲᠠᠯᠠᠪᠤᠷ ᠭᠠᠵᠠᠷ ᠤᠨ ᠳᠣᠲᠣᠷᠠᠬᠢ ᠭᠠᠯ ᠤᠨᠲᠠᠷᠠᠭᠠᠬᠤ ᠲᠤᠨᠤᠭ ᠲᠦᠬᠦᠬᠡᠷᠦᠮᠵᠢ ᠪᠣᠯᠤᠨ ᠵᠠᠶᠢᠯᠠᠭᠤᠯᠤᠨ ᠲᠠᠷᠬᠠᠭᠠᠬᠤ ᠵᠠᠮ ᠰᠤᠪᠠᠭ ᠵᠡᠷᠭᠡ ᠠᠮᠤᠷ ᠲᠦᠪᠰᠢᠨ ᠢ ᠪᠠᠳᠤᠯᠬᠠᠤ ᠲᠤᠬᠢᠷᠠᠭᠤᠯᠤᠯᠳᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠢᠯᠡᠷᠡᠬᠦᠯᠦᠭᠰᠡᠨ ᠠᠰᠠᠭᠤᠳᠠᠯ ᠤᠨ ᠲᠤᠬᠠᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠨᠡᠪᠲᠡᠷᠡᠯᠴᠡᠵᠦ᠂ ᠲᠤᠬᠠᠶ ᠶᠢᠨ ᠲᠠᠯᠠᠪᠠᠶ ᠳᠤ ᠪᠠᠶᠢᠷᠢᠯᠠᠭᠤᠯᠤᠨ ᠰᠢᠶᠳᠪᠦᠷᠢᠯᠡᠵᠡᠶ᠃ ᠲᠡᠷᠡ᠂ ᠭᠠᠯᠲᠤ ᠲᠡᠷᠭᠡᠨ ᠥᠷᠲᠡᠭᠡ ᠶᠢᠨ ᠤᠶᠢᠷᠠᠯᠴᠠᠭᠠᠬᠢ ᠬᠤᠭᠤᠯᠠᠨ ᠬᠡᠷ ᠵᠤᠴᠢᠳ ᠤᠨ ᠪᠠᠭᠤᠳᠠᠯ  ᠳᠤ ᠡᠷᠦᠬᠡ ᠲᠠᠷᠠᠭᠠᠯᠠᠨ ᠨᠢᠬᠡ ᠤᠳᠠᠭ᠎ᠠ ᠲᠦᠢᠯᠪᠤᠷᠢᠲᠠᠶ ᠵᠢᠭᠰᠠᠭᠠᠨ ᠪᠠᠶᠢᠴᠠᠭᠠᠵᠤ᠂ ᠡᠯ᠎ᠡ ᠵᠦᠶᠯ ᠤᠨ ᠠᠮᠤᠷ ᠲᠦᠪᠰᠢᠨ ᠤ ᠠᠳᠡᠯ ᠡᠬᠦᠰᠬᠦ ᠶᠢ ᠡᠷᠡᠰ ᠬᠤᠷᠢᠭᠯᠠᠬᠤ ᠬᠡᠷᠡᠭᠲᠡᠶ᠃ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠡᠷᠡᠬᠦᠯ ᠬᠠᠮᠠᠭᠠᠯᠠᠯ ᠤᠨ ᠬᠤᠲᠠ ᠶᠢ ᠡᠬᠦᠳᠦᠨ ᠪᠠᠶᠢᠭᠤᠯᠬᠤ   ᠶᠢ ᠰᠢᠯᠭᠠᠨ ᠦᠨᠡᠯᠡᠬᠦ ᠭᠦᠶᠴᠡᠳᠬᠡᠯ ᠲᠤᠭ᠎ᠠ ᠶᠢᠨ ᠰᠢᠰᠲ᠋ᠧᠮ ᠲᠠᠢ ᠴᠢᠩᠭ᠎ᠠ ᠬᠠᠷᠭᠤᠭᠤᠯᠵᠤ᠂ ᠣᠷᠬᠢᠭᠳᠠᠭᠤᠯᠤᠭᠰᠠᠨ ᠵᠦᠢᠯ ᠢ ᠳᠠᠷᠤᠶ ᠲᠦᠷᠭᠡᠨ ᠪᠠᠶᠢᠴᠠᠭᠠᠵᠤ ᠲᠤᠳᠠᠭᠤᠳᠠᠯ ᠢᠶᠠᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃     ᠬᠦᠨᠳᠡᠯᠡᠨ ᠭᠤᠤᠯ ᠪᠠᠯᠭᠠᠰᠤᠨ ᠤ ᠡᠮᠦᠨ᠎ᠡ ᠶᠢᠩᠽᠢ ᠲᠣᠰᠬᠤᠨ ᠳᠤ᠂ ᠲᠢᠶᠠᠨ ᠬᠤᠩ ᠴᠧᠩ ᠨᠡᠷ ᠲᠣᠰᠬᠤᠨ ᠤ ᠳᠦᠷᠰᠦ ᠪᠠᠶᠢᠳᠠᠯ ᠵᠢᠴᠢ ᠬᠠᠭᠤᠴᠢᠨ ᠬᠡᠯᠪᠡᠷᠢ ᠶᠢᠨ ᠵᠣᠷᠯᠣᠩ ᠢ ᠦᠬᠡᠷᠡᠴᠢᠯᠡᠨ ᠵᠠᠰᠠᠬᠰᠠᠨ ᠪᠠᠶᠢᠳᠠᠯ ᠢ ᠪᠠᠶᠢᠴᠠᠭᠠᠭᠰᠠᠨ ᠪᠥᠭᠡᠳ ᠵᠠᠮ ᠳᠠᠭᠠᠤ ᠢᠯᠡᠷᠡᠭᠦᠯᠦᠭᠰᠡᠨ ᠵᠠᠮ ᠤᠨ ᠭᠠᠳᠠᠷᠭᠤ ᠡᠪᠳᠡᠭᠳᠡᠭᠰᠡᠨ᠂ ᠵᠠᠮ ᠤᠨ ᠨᠢᠭᠤᠷ ᠡᠪᠳᠡᠭᠳᠡᠵᠤ ᠰᠢᠷᠣᠶ  ᠨᠢ ᠢᠯᠡ ᠭᠠᠷᠤᠬᠰᠠᠨ᠂ ᠡᠯ᠎ᠡ ᠵᠦᠢᠯ ᠤᠨ ᠤᠳᠠᠰᠤ ᠶᠢ ᠲᠡᠬᠡᠬᠦᠷ ᠲᠠᠳᠠᠬᠰᠠᠨ ᠵᠡᠷᠭᠡ ᠠᠰᠠᠭᠤᠳᠠᠯ ᠳᠤ ᠬᠠᠨᠳᠤᠭᠤᠯᠤᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ ᠲᠢᠶᠠᠨ ᠬᠤᠩ ᠴᠧᠩ᠂ ᠬᠠᠭᠤᠴᠢᠨ ᠬᠡᠯᠪᠡᠷᠢ ᠶᠢᠨ ᠵᠣᠷᠯᠣᠩ ᠢ ᠦᠬᠡᠷᠡᠴᠢᠯᠡᠨ ᠵᠠᠰᠠᠬᠤ ᠠᠵᠢᠯ ᠪᠣᠯ ᠡᠷᠡᠬᠦᠯ ᠬᠠᠮᠠᠭᠠᠯᠠᠯ ᠤᠨ ᠬᠤᠲᠠ ᠶᠢ ᠪᠥᠲᠥᠭᠡᠨ ᠪᠠᠶᠢᠭᠤᠯᠬᠤ ᠠᠵᠢᠯ ᠤᠨ ᠴᠢᠬᠤᠯᠠ ᠠᠭᠤᠯᠭ᠎ᠠ ᠮᠥᠨ᠂ ᠬᠠᠭᠤᠴᠢᠨ ᠬᠡᠯᠪᠡᠷᠢ ᠶᠢᠨ ᠵᠣᠷᠯᠣᠩ ᠢ ᠥᠭᠡᠷᠡᠴᠢᠯᠡᠨ ᠵᠠᠰᠠᠬᠤ ᠠᠵᠢᠯ ᠤᠨ ᠠᠬᠢᠴᠠ ᠶᠢ ᠲᠦᠷᠭᠡᠳᠬᠡᠬᠦ ᠶᠢᠨ ᠬᠠᠮᠲᠤ ᠰᠢᠨ᠎ᠡ ᠪᠠᠷ ᠪᠠᠶᠢᠭᠤᠯᠤᠭᠰᠠᠨ ᠨᠡᠶᠢᠲᠡ ᠶᠢᠨ ᠵᠣᠷᠯᠣᠩ ᠢ ᠲᠣᠭᠲᠠᠮᠠᠯ ᠬᠤᠭᠤᠴᠠᠭ᠎ᠠ ᠲᠠᠢ ᠴᠡᠪᠡᠷᠯᠡᠨ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠣᠳᠣᠬᠠᠨ ᠤ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠳᠤ ᠤᠯᠤᠬᠰᠠᠨ ᠦᠷ᠎ᠡ ᠪᠦᠲᠦᠭᠡᠯ ᠢ ᠦᠷᠭᠦᠯᠵᠢᠯᠡᠨ ᠰᠠᠶᠢᠲᠤᠷ ᠪᠠᠬᠢᠵᠢᠭᠦᠯᠬᠦ ᠬᠡᠷᠡᠭᠲᠡᠶ᠃ ᠪᠠᠭᠤᠷᠠᠶ ᠭᠤᠭᠴᠤᠭ᠎ᠠ ᠳᠤ ᠱᠠᠯᠠᠪᠳᠠᠭᠤᠯᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠡᠪᠳᠡᠭᠳᠡᠭᠰᠡᠨ ᠵᠠᠮ ᠤᠨ ᠭᠡᠰᠡᠭ ᠢ ᠵᠠᠰᠠᠵᠤ ᠨᠥᠬᠦᠬᠦ᠂ ᠲᠡᠬᠡᠬᠦᠷ ᠲᠠᠳᠠᠬᠰᠠᠨ ᠡᠯ᠎ᠡ ᠵᠦᠢᠯ ᠤᠨ ᠤᠳᠠᠰᠤ ᠶᠢ ᠴᠡᠭᠴᠡᠯᠡᠨ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠤᠯᠪᠠᠰᠤᠨ ᠬᠤᠳᠠ ᠡᠷᠡᠬᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠶᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃     ᠲᠤᠭᠤᠷᠢᠭ ᠤᠨ ᠤᠳᠤᠷᠢᠳᠤᠯᠭ᠎ᠠ ᠵᠠᠩ ᠬᠤᠸᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠯᠢᠦ ᠬᠤᠢ ᠰᠢᠤᠸᠠᠨ   ᠬᠢᠨᠠᠨ ᠬᠠᠷᠭᠤᠭᠤᠯᠤᠬᠰᠠᠨ ᠨᠢ᠄  ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号