ᠤᠶᠢᠷ᠎ᠠ ᠶᠢᠨ ᠵᠢᠯ ᠠᠴᠠ᠂ ᠲᠠᠪᠰᠢᠯᠳᠠ ᠵᠠᠮ ᠵᠡᠭᠡᠯᠢ ᠭᠤᠳᠤᠮᠵᠢ ᠨᠠᠮ ᠤᠨ ᠪᠠᠶᠢᠭᠤᠯᠤᠯᠲᠠ ᠪᠠᠷ ᠰᠠᠶᠢᠨ | ᠳᠤᠷ᠎ᠠ ᠶᠢᠨ ᠦᠢᠯᠡᠴᠢᠯᠡᠭᠡ ᠶᠢ ᠬᠦᠳᠦᠯᠦᠨ ᠳᠠᠭᠠᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ | ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ | ᠦᠨᠳᠦᠰᠦᠨ ᠱᠠᠲᠤᠨ ᠤ ︽ᠬᠠᠮᠤᠭ ᠤᠨ ᠭᠤᠶᠤ ᠢᠨᠢᠶᠡᠮᠰᠦᠭᠯᠡᠯ︾ ᠢᠶᠠᠷ ᠬᠤᠳᠠ ᠶᠢᠨ ︽ᠪᠣᠯᠪᠠᠰᠤᠨ ᠤ ᠲᠡᠪᠢᠰᠬᠡᠷ | ᠦᠩᠭᠡ︾ ᠶᠢ ᠵᠢᠷᠤᠭᠯᠠᠵᠤ᠂ ᠰᠢᠨ᠎ᠡ ᠶᠢ ᠡᠭᠦᠳᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠠᠷᠠᠳ | ᠤᠯᠠᠨ ᠤ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠦᠨᠡᠨ ᠬᠦ ᠳᠡᠭᠡᠭᠰᠢᠯᠡᠭᠦᠯᠪᠡ᠃ | | | ᠡᠯ᠎ᠡ ᠨᠠᠰᠤᠨ ᠤ ᠣᠯᠠᠨ ᠲᠦᠮᠡᠨ ᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠶᠢᠨ 8 ᠨᠡᠶᠢᠲᠡᠯᠢᠭ ᠴᠢᠨᠠᠷᠲᠠᠶ ᠦᠶᠯᠡᠴᠢᠯᠡᠭᠡᠨ ᠤ ᠰᠠᠭᠤᠷᠢᠨ | ᠳᠡᠭᠡᠷ᠎ᠡ᠂ 29 ᠰᠠᠯᠠᠭ᠎ᠠ ᠤᠨᠴᠠᠭᠠᠢ ᠦᠩᠬᠡ ᠪᠠᠷ ᠢᠯᠭᠠᠬᠰᠠᠨ ᠰᠠᠶᠢᠨ ᠳᠤᠷ᠎ᠠ ᠶᠢᠨ ᠦᠶᠯᠡᠴᠢᠯᠡᠭᠡᠨ ᠤ ᠰᠠᠯᠪᠤᠷᠢ | ᠠᠩᠭᠢ ᠪᠠᠨ ︽ᠤᠯᠠᠭᠠᠨ ᠦᠩᠬᠡ — ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡ᠂ ᠨᠤᠭᠤᠭᠠᠨ ᠦᠩᠬᠡ — | ᠪᠤᠯᠪᠠᠰᠤᠨ ᠬᠤᠳᠠ ᠶᠢ ᠡᠭᠦᠳᠬᠦ ᠦᠢᠯᠡᠴᠢᠯᠡᠭᠡ᠂ ᠴᠡᠩᠬᠡᠷ ᠦᠩᠬᠡ — ᠠᠪᠤᠷᠠᠨ ᠲᠤᠰᠠᠯᠠᠬᠤ ᠦᠢᠯᠡᠴᠢᠯᠡᠭᠡ᠂ | ᠮᠦᠩᠬᠦᠨ ᠦᠩᠬᠡ — ᠨᠠᠰᠤᠲᠠᠨ ᠢᠶᠠᠨ ᠲᠤᠰᠠᠯᠠᠬᠤ ᠦᠢᠯᠡᠴᠢᠯᠡᠭᠡ᠂ ᠠᠯᠲᠠᠨ ᠰᠢᠷᠭᠠᠯ ᠦᠩᠬᠡ — ᠡᠷᠡᠭᠦᠯ | ᠬᠠᠮᠠᠭᠠᠯᠠᠯ ᠤᠨ ᠦᠢᠯᠡᠴᠢᠯᠡᠭᠡ᠂ ᠬᠦᠷᠡᠩ ᠪᠣᠷᠣ ᠦᠩᠬᠡ — ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ | ᠤᠯᠠᠪᠤᠷ ᠰᠢᠷ᠎ᠠ ᠦᠩᠬᠡ — ᠵᠠᠮ ᠬᠠᠷᠢᠯᠴᠠᠭ᠎ᠠ ᠶᠢᠨ ᠦᠢᠯᠡᠴᠢᠯᠡᠭᠡ᠂ ᠶᠠᠭᠠᠨ ᠥᠩᠭᠡ — ᠤᠬᠠᠭᠤᠯᠭ᠎ᠠ ᠶᠢᠨ | ᠦᠢᠯᠡᠴᠢᠯᠡᠭᠡ︾ ᠵᠡᠷᠭᠡ ᠪᠠᠷ ᠬᠤᠪᠢᠶᠠᠷᠢᠯᠠᠵᠤ᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ | ᠭᠠᠵᠠᠷ ︵ᠥᠷᠲᠡᠭᠡ︶ + ᠰᠠᠶᠢᠨ ᠳᠤᠷ᠎ᠠ ᠶᠢᠨ ᠦᠶᠯᠡᠴᠢᠯᠡᠭᠡᠨ ᠤ ᠡᠩᠨᠡᠭᠡ + ᠤᠨᠴᠠᠭᠠᠢ ᠦᠩᠬᠡ ᠪᠠᠷ | ᠢᠯᠭᠠᠬᠰᠠᠨ ᠰᠠᠶᠢᠨ ᠳᠤᠷ᠎ᠠ ᠶᠢᠨ ᠦᠶᠯᠡᠴᠢᠯᠡᠭᠡᠨ ᠤ ᠰᠠᠯᠪᠤᠷᠢ ᠠᠩᠭᠢ︾ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ | ᠰᠢᠰᠲ᠋ᠧᠮ ᠢ ᠪᠦᠷᠢᠯᠳᠦᠭᠦᠯᠪᠠ᠃ ︽ᠨᠠᠮ ᠤᠨ ᠭᠡᠰᠢᠭᠦᠨ ᠰᠠᠶᠢᠨ ᠳᠤᠷᠠᠴᠤᠳ ᠲᠤ ᠬᠤᠪᠢ ᠬᠤᠷᠠᠮᠳᠤᠭᠤᠯᠬᠤ | ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠵᠠᠬᠢᠶᠠᠯᠠᠭ᠎ᠠ ᠶᠢᠨ ᠬᠡᠯᠪᠡᠷᠢ ᠪᠠᠷ ᠪᠦᠬᠦ ᠤᠯᠤᠰ ᠤᠨ ᠪᠤᠯᠪᠠᠰᠤᠨ | ᠬᠤᠲᠠ ᠶᠢ ᠡᠭᠦᠳᠦᠨ ᠪᠠᠶᠢᠭᠤᠯᠬᠤ ᠪᠦᠬᠦ ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ᠂ | ᠪᠣᠯᠪᠠᠰᠤᠨ ᠢᠶᠠᠷ ᠢᠳᠬᠠᠨ ᠰᠤᠷᠭᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠰᠠᠶᠢᠨ ᠳᠤᠷ᠎ᠠ ᠶᠢᠨ | ᠦᠶᠯᠡᠴᠢᠯᠡᠭᠡ ᠶᠢ 60 ᠭᠠᠷᠤᠶ ᠤᠳᠠᠭ᠎ᠠ ᠥᠷᠨᠢᠭᠦᠯᠪᠡ᠃ | | | ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠶᠯᠡᠳᠦᠯᠭᠡᠵᠢᠭᠦᠯᠬᠦ᠂ | ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮᠵᠢᠯᠠᠨ ᠵᠠᠯᠭᠠᠮᠵᠢᠯᠠᠬᠤ᠂ ᠦᠨᠳᠦᠰᠦᠲᠡᠨ ᠤ ᠵᠣᠷᠢᠭ | ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠪᠣᠬᠢᠷᠲᠤᠯ ᠥᠬᠡᠶ ᠦᠶᠯᠡᠳᠪᠦᠷᠢᠯᠡᠯ | ᠠᠮᠢᠳᠤᠷᠠᠯ ᠤᠨ ᠠᠷᠭ᠎ᠠ ᠮᠠᠶ᠋ᠢᠭ ᠢ ᠦᠶᠯᠡᠳᠦᠯᠭᠡᠵᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ᠂ ᠴᠢᠬᠤᠯᠠ ᠶᠡᠭᠡ | ᠪᠠᠶᠠᠷ ᠲᠤᠷᠠᠰᠬᠠᠯ ᠤᠨ ᠡᠳᠦᠷ ᠲᠠᠢ ᠤᠶᠠᠯᠳᠤᠭᠤᠯᠤᠨ᠂ ︽ᠴᠠᠭᠠᠨ ᠰᠠᠷ᠎ᠠ ᠶᠢᠨ ᠪᠠᠶᠠᠷ ᠤᠨ ᠡᠳᠦᠷ ᠬᠤᠤᠰ ᠤᠶᠠᠩᠭ᠎ᠠ | ᠬᠦᠷᠭᠡᠬᠦ︾᠂ ︽ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ︾᠂ ︽ᠬᠠᠩᠰᠢ ᠶᠢᠨ ᠡᠳᠦᠷ ᠤᠨ ᠪᠣᠯᠪᠠᠰᠤᠨ | ᠲᠠᠬᠢᠯᠭ᠎ᠠ︾ ᠵᠡᠷᠭᠡ ᠰᠠᠶᠢᠨ ᠳᠤᠷ᠎ᠠ ᠶᠢᠨ ᠦᠶᠯᠡᠴᠢᠯᠡᠭᠡᠨ ᠤ ᠭᠤᠤᠯ ᠰᠡᠳᠦᠪᠲᠦ ᠠᠵᠢᠯᠯᠠᠭ᠎ᠠ ᠶᠢ 40 ᠭᠠᠷᠤᠶ | ᠤᠳᠠᠭ᠎ᠠ ᠥᠷᠨᠢᠭᠦᠯᠵᠦ᠂ ᠣᠯᠠᠨ ᠲᠦᠮᠡᠨ ᠳᠤ ᠤᠬᠠᠭᠤᠯᠬᠤ᠂ ᠣᠯᠠᠨ ᠲᠦᠮᠡᠨ ᠢ ᠬᠥᠮᠦᠵᠢᠭᠦᠯᠬᠦ᠂ ᠣᠯᠠᠨ ᠲᠦᠮᠡᠨ ᠢ | ᠬᠠᠯᠠᠮᠵᠢᠯᠠᠬᠤ᠂ ᠣᠯᠠᠨ ᠲᠦᠮᠡᠨ ᠳᠤ ᠦᠶᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ | | | ︽ᠡᠮᠦᠨ᠎ᠡ ᠹᠷᠣᠨᠲ ᠲᠤ ᠠᠵᠢᠯᠯᠠᠬᠤ ᠠᠷᠭ᠎ᠠ︾ ᠶᠢ ᠪᠠᠷᠢᠮᠲᠠᠯᠠᠨ ᠰᠠᠭᠤᠭᠠᠯᠢ ᠠᠷᠠᠳ ᠲᠤ ᠦᠶᠯᠡᠴᠢᠯᠡᠵᠦ᠂ | ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ᠂ ᠬᠠᠤᠯᠢ | ᠴᠠᠭᠠᠵᠠ ᠶᠢᠨ ᠲᠤᠰᠠᠯᠠᠮᠵᠢ ᠦᠵᠡᠬᠦᠯᠬᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠠᠭᠤᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠲᠤᠤᠷᠵᠢᠭᠤᠯᠤᠨ ᠡᠷᠦᠬᠡ ᠳᠤ ᠣᠷᠣᠵᠤ ᠰᠤᠷᠪᠤᠯᠵᠢᠯᠠᠬᠤ᠂ ᠠᠰᠠᠭᠤᠯᠲᠠ | ᠬᠠᠷᠢᠭᠤᠯᠳᠠ ᠶᠢᠨ ᠪᠠᠶᠢᠴᠠᠭᠠᠯᠲᠠ ᠶᠢᠨ ᠬᠠᠭᠤᠳᠠᠰᠤ ᠲᠠᠷᠬᠠᠭᠠᠬᠤ᠂ ᠶᠠᠷᠢᠯᠴᠠᠵᠤ ᠣᠶᠢᠯᠠᠭᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ︽ᠵᠢᠵᠢᠭᠬᠡᠨ ᠬᠦᠰᠡᠯ ᠡᠷᠡᠮᠡᠯᠵᠡᠯ︾ ᠢ 86 ᠵᠤᠷᠪᠤᠰ ᠴᠤᠭᠯᠠᠭᠤᠯᠵᠤ᠂ ᠰᠠᠶᠢᠨ ᠲᠤᠷᠠᠴᠤᠳ 79 | ᠵᠤᠷᠪᠤᠰ ᠢ ᠨᠢ ᠢᠳᠡᠪᠬᠢᠲᠡᠶ ᠬᠦᠯᠢᠶᠡᠨ ᠠᠪᠴᠤ᠂ ᠵᠠᠮ ᠤᠨ ᠭᠠᠳᠠᠷᠭᠤ ᠡᠩᠬᠦᠯ ᠲᠤᠩᠬᠤᠯ ᠪᠠᠶᠢᠬᠤ᠂ ᠠᠰᠠᠷ ᠤᠨ | ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠪᠦᠷᠬᠦᠪᠴᠢ ᠨᠠᠭᠠᠬᠤ᠂ ᠤᠰᠤ ᠬᠠᠩᠭᠠᠬᠤ ᠬᠤᠭᠤᠯᠠᠶ ᠲᠤᠤᠷ ᠠᠴᠠ | ᠤᠰᠤ ᠭᠤᠭᠤᠵᠢᠬᠤ᠂ ᠵᠠᠮ ᠳᠣᠷᠣᠭᠰᠢ ᠪᠠᠨ ᠬᠤᠳᠤᠶᠢᠵᠤ ᠰᠠᠭᠤᠬᠰᠠᠨ ᠵᠡᠷᠭᠡ ᠣᠯᠠᠨ ᠲᠦᠮᠡᠨ ᠤ ᠠᠩᠬᠠᠷᠴᠤ | ᠪᠠᠶᠢᠭ᠎ᠠ 10 ᠭᠠᠷᠤᠶ ᠪᠠᠴᠢᠮ ᠶᠠᠪᠤᠳᠠᠯ ᠬᠦᠴᠢᠷ ᠶᠠᠪᠤᠳᠠᠯ ᠢ ᠰᠢᠶᠳᠪᠦᠷᠢᠯᠡᠪᠡ᠃ ︽ᠬᠠᠮᠢᠭ᠎ᠠ ᠣᠯᠠᠨ ᠲᠦᠮᠡᠨ ᠤ | ᠬᠡᠷᠡᠭᠴᠡᠭᠡ ᠪᠠᠶᠢᠪᠠᠯ᠂ ᠦᠢᠯᠡᠴᠢᠯᠡᠭᠡ ᠲᠡᠨᠳᠡ ᠬᠦᠷᠬᠦ︾ ᠪᠠᠷ ᠵᠠᠷᠴᠢᠮ ᠪᠣᠯᠭᠠᠵᠤ᠂ ᠬᠠᠷᠢᠶ᠎ᠡ ᠣᠷᠣᠨ ᠤ ᠪᠠᠨ ᠨᠠᠰᠤ | ᠠᠬᠢᠵᠤ ᠪᠡᠶ᠎ᠡ ᠮᠠᠬᠠᠪᠤᠳ ᠮᠠᠭᠤᠳᠠᠬᠰᠠᠳ᠂ ᠵᠡᠮᠳᠡᠭ ᠬᠥᠮᠦᠨ ᠵᠡᠷᠬᠡ ᠨᠠᠶᠢᠳᠠ 100 ᠭᠠᠷᠤᠢ ᠬᠦᠮᠦᠨ ᠲᠠᠢ | ᠬᠠᠪᠰᠤᠷᠤᠯᠴᠠᠭ᠎ᠠ ᠪᠠᠶᠢᠭᠤᠯᠤᠨ ᠲᠡᠳᠬᠦᠵᠦ᠂ 20 ᠭᠠᠷᠤᠢ ᠤᠳᠠᠭ᠎ᠠ ᠣᠷᠣᠯᠠᠨ ᠭᠦᠢᠴᠡᠳᠬᠡᠵᠤ ᠦᠭᠬᠦ ᠦᠢᠯᠡᠴᠢᠯᠡᠭᠡ | ᠬᠠᠩᠭᠠᠪᠠ᠃ ︵ᠢᠷᠡᠯᠲᠡ᠄ ᠲᠠᠪᠰᠢᠯᠳᠠ ᠵᠠᠮ ᠵᠡᠭᠡᠯᠢ ᠭᠤᠳᠤᠮᠵᠢ︶ |