5 ᠰᠠᠷ᠎ᠠ ᠶᠢᠨ 27 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠫᠢᠸᠣ᠋ ᠶᠢᠨ ᠦᠢᠯᠡᠳᠪᠦᠷᠢ ᠶᠢᠨ ᠵᠡᠭᠡᠯᠢ ᠶᠢᠨ ᠲᠣᠭᠤᠷᠢᠭ ᠲᠤ᠂ ᠶᠢᠨ ᠶᠦᠩ ᠯᠢ ᠶᠤᠸᠠᠢ ᠯᠢ ᠹᠠᠩ ᠢᠨᠵᠧᠨᠧᠷᠢᠩ | ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ᠂ ᠵᠡᠭᠡᠯᠢ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠡᠷᠬᠢᠨ ᠲᠣᠭᠤᠷᠢᠨ ᠤ ᠴᠡᠴᠡᠷᠯᠢᠭ ᠤᠨ ᠨᠣᠭᠤᠭᠠᠷᠠᠭᠤᠯᠤᠯᠲᠠ ᠭᠤᠶᠤᠵᠢᠭᠤᠯᠤᠯᠳᠠ᠂ ᠤᠨᠴᠠᠯᠢᠬᠳᠤ | ᠵᠡᠭᠡᠯᠢ ᠶᠢᠨ ᠲᠣᠭᠤᠷᠢᠭ ᠤᠨ ᠪᠦᠳᠦᠬᠡᠨ ᠪᠠᠶᠢᠭᠤᠯᠤᠯᠳᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠵᠢᠷᠤᠭ ᠲᠥᠯᠥᠪᠯᠡᠭᠡ ᠲᠥᠯᠥᠪᠵᠢᠭᠦᠯᠭᠡ ᠶᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ | ᠬᠦᠴᠢᠷᠳᠡᠯ ᠪᠣᠯᠤᠨ ᠠᠰᠠᠭᠤᠳᠠᠯ ᠢ ᠵᠢᠭᠠᠨ ᠵᠢᠯᠣᠭᠤᠳᠴᠤ ᠰᠢᠢᠳᠪᠦᠷᠢᠯᠡᠬᠦ ᠶᠢᠨ ᠬᠠᠮᠲᠤ ᠥᠭᠡᠷᠡᠴᠢᠯᠡᠨ ᠪᠠᠶᠢᠭᠤᠯᠵᠤ | ᠲᠡᠰ ᠳᠡᠪᠰᠢᠭᠦᠯᠬᠦ ᠪᠣᠳᠠᠲᠠᠢ ᠰᠠᠨᠠᠭᠤᠯᠭ᠎ᠠ ᠳᠤᠷᠠᠳᠪᠠ᠃ | ᠶᠢᠨ ᠶᠦᠩ ᠯᠢ᠂ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠠᠪᠤᠴᠠ ᠶᠢ ᠬᠤᠳᠠ ᠶᠢᠨ ᠨᠠᠷᠢᠯᠢᠬᠵᠢᠭᠤᠯᠤᠬᠰᠠᠨ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠲᠥᠯᠥᠭᠡ ᠪᠣᠳᠠᠲᠤ ᠶᠠᠪᠤᠳᠠᠯ ᠢ ᠰᠠᠶᠢᠲᠤᠷ ᠬᠢᠬᠦ | ᠶᠠᠪᠤᠴᠠ ᠪᠣᠯᠭᠠᠨ ᠬᠤᠪᠢᠷᠠᠭᠤᠯᠵᠤ᠂ ᠦᠨᠡᠨ ᠪᠤᠳᠠᠳᠠᠢ ᠠᠵᠢᠯ ᠤᠨ ᠦᠷ᠎ᠡ ᠪᠦᠲᠦᠮᠵᠢ ᠪᠠᠷ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠨᠣᠭᠤᠭᠠᠷᠠᠭᠤᠯᠤᠯᠲᠠ ᠭᠤᠶᠤᠵᠢᠭᠤᠯᠤᠯᠳᠠ | ᠬᠡᠷᠡᠯᠳᠦᠬᠦᠯᠬᠡ᠂ ᠴᠡᠴᠡᠷᠯᠢᠭ ᠤᠨ ᠡᠳᠦᠷ ᠳᠤᠳᠤᠮ ᠤᠨ ᠬᠠᠮᠢᠶᠠᠷᠤᠯᠲᠠ ᠬᠠᠮᠠᠭᠠᠯᠠᠯᠲᠠ᠂ ᠤᠨᠴᠠᠯᠢᠬᠳᠤ ᠵᠡᠭᠡᠯᠢ ᠶᠢᠨ | ᠲᠣᠭᠤᠷᠢᠭ ᠢ ᠪᠦᠳᠦᠬᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠵᠦᠢᠯᠡᠰ ᠠᠴᠠ ᠭᠠᠷᠳᠠᠵᠤ᠂ | ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠬᠤᠳᠠ ᠶᠢᠨ | ᠦᠢᠯᠡᠳᠦᠯ ᠴᠢᠳᠡᠪᠬᠢ ᠶᠢ ᠳᠠᠰᠤᠷᠠᠯᠳᠠ ᠦᠬᠡᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠬᠡᠵᠢᠬᠦᠯᠵᠤ᠂ ᠰᠣᠶᠣᠯ ᠵᠢᠭᠤᠯᠴᠢᠯᠠᠯ ᠤᠨ ᠰᠡᠳᠬᠢᠮᠵᠢ ᠶᠢᠨ ᠰᠢᠨ᠎ᠡ ᠶᠢ | ᠡᠭᠦᠳᠴᠦ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠠᠮᠢᠯᠠᠭᠤᠯᠵᠤ᠂ ᠵᠠᠬ᠎ᠠ ᠳᠡᠯᠭᠡᠭᠦᠷ ᠤᠨ | ᠰᠡᠳᠬᠢᠬᠦᠶ ᠪᠠᠷ ᠤᠯᠠᠨ ᠥᠩᠭᠡ ᠢᠯᠭᠠᠷᠠᠭᠰᠠᠨ᠂ ᠢᠯᠡ ᠲᠣᠳᠣ ᠬᠡᠪ ᠨᠠᠮᠪᠠ ᠶᠢ ᠪᠦᠷᠢᠯᠳᠦᠬᠦᠯᠦᠭᠰᠡᠨ ᠤᠨᠴᠠᠯᠢᠬᠳᠤ | ᠵᠡᠭᠡᠯᠢ ᠶᠢᠨ ᠲᠣᠭᠤᠷᠢᠭ ᠢ ᠪᠠᠶᠢᠭᠤᠯᠵᠤ᠂ ᠬᠤᠲᠠ ᠶᠢᠨ ᠵᠣᠷᠢᠭ ᠰᠠᠨᠠᠭ᠎ᠠ ᠶᠢ ᠢᠯᠡᠷᠡᠭᠦᠯᠦᠭᠰᠡᠨ᠂ ᠬᠤᠲᠠ ᠶᠢᠨ | ᠠᠷᠠᠳ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠨᠠᠩ ᠣᠯᠠᠨ ᠦᠵᠡᠮᠵᠢᠳᠤ ᠲᠤᠨᠤᠭ ᠲᠥᠬᠦᠭᠡᠷᠦᠮᠵᠢ ᠪᠠ | ᠬᠦᠳᠡᠯᠬᠡᠬᠡᠨ ᠬᠢᠬᠦ ᠲᠠᠯᠠᠪᠤᠷ ᠢ ᠨᠠᠷᠢᠯᠢᠭ ᠪᠦᠳᠦᠬᠡᠨ ᠪᠠᠶᠢᠭᠤᠯᠬᠤ ᠬᠡᠷᠡᠭᠲᠡᠶ ᠬᠡᠪᠡ᠃ | ᠳᠠᠷᠠᠭ᠎ᠠ ᠨᠢ᠂ ᠶᠢᠨ ᠶᠦᠩ ᠯᠢ ᠺᠦᠨᠪᠸᠢ ᠵᠡᠭᠡᠯᠢ ᠭᠤᠳᠤᠮᠵᠢ ᠶᠢᠨ ᠢᠦᠶ ᠴᠢᠤᠸᠠᠨ ᠲᠣᠰᠬᠤᠨ ᠳᠤ ᠬᠦᠷᠴᠦ᠂ | ᠶᠠᠪᠠᠭᠠᠨ ᠢᠶᠠᠷ ᠠᠯᠬᠤᠯᠠᠨ ᠲᠣᠰᠬᠤᠨ ᠤ ᠳᠦᠷᠰᠦ ᠪᠠᠶᠢᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ᠂ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠵᠠᠮ ᠳᠠᠭᠠᠤ | ᠢᠯᠡᠷᠡᠭᠦᠯᠦᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤ ᠲᠤᠰᠢᠶᠠᠨ ᠰᠢᠢᠳᠪᠦᠷᠢᠯᠡᠬᠦᠯᠵᠤ ᠨᠠᠶᠢᠳᠠᠪᠤᠷᠢᠵᠢᠭᠤᠯᠪᠠ᠃ | ᠲᠡᠷᠡ᠂ ᠤᠯᠠᠨ ᠲᠦᠮᠡᠨ ᠤ ᠪᠣᠳᠠᠲᠠᠢ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠤᠯᠠᠨ ᠲᠦᠮᠡᠨ ᠤ ᠰᠠᠨᠠᠯ ᠢ | ᠥᠷᠭᠡᠨ ᠢᠶᠠᠷ ᠬᠤᠷᠢᠶᠠᠵᠤ᠂ ᠲᠡᠷᠭᠡ ᠵᠤᠬᠰᠤᠭᠠᠬᠤ ᠱᠤᠭᠤᠮ ᠢ ᠵᠣᠬᠢᠰᠲᠠᠢ ᠵᠢᠷᠤᠵᠤ ᠲᠣᠭᠲᠠᠭᠠᠨ᠂ ᠲᠣᠰᠬᠤᠨ ᠤ | ᠡᠷᠬᠢᠨ ᠲᠣᠭᠤᠷᠢᠨ ᠤ ᠲᠡᠷᠭᠡ ᠬᠦᠰᠬᠡ ᠶᠢ ᠵᠤᠭᠰᠤᠭᠠᠬᠤ ᠡᠮᠬᠢ ᠳᠢᠭᠯᠢᠮ ᠢ ᠵᠢᠷᠤᠮᠵᠢᠭᠤᠯᠵᠤ᠂ ᠤᠯᠠᠨ ᠨᠡᠶᠢᠲᠡ ᠶᠢᠨ | ᠣᠷᠣᠨ ᠵᠠᠢ ᠶᠢᠨ ᠬᠠᠮᠢᠶᠠᠷᠤᠯᠲᠠ ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠲᠣᠰᠬᠤᠨ ᠤ ᠡᠷᠬᠢᠨ | ᠲᠣᠭᠤᠷᠢᠨ ᠤ ᠳᠡᠯᠭᠡᠭᠡ ᠮᠠᠶᠢᠮᠠᠶ ᠶᠢᠨ ᠭᠠᠵᠠᠷ ᠢ ᠵᠣᠬᠢᠰᠲᠠᠶ ᠲᠥᠯᠥᠪᠵᠢᠭᠦᠯᠵᠦ᠂ ᠬᠤᠳᠠᠯᠳᠤᠭᠠᠨ ᠤ ᠡᠷᠦᠬᠡ ᠶᠢᠨ | ᠪᠣᠯᠪᠠᠰᠤᠨ ᠪᠦᠬᠡᠳ ᠡᠮᠬᠢ ᠵᠢᠷᠤᠮ ᠲᠠᠢ ᠪᠠᠷ ᠡᠵᠡᠩᠨᠡᠬᠦ ᠶᠢ ᠬᠥᠲᠥᠯᠥᠨ ᠵᠢᠯᠣᠭᠤᠳᠴᠤ᠂ ᠬᠤᠲᠠ ᠶᠢᠨ ᠬᠠᠮᠢᠶᠠᠷᠤᠯᠲᠠ | ᠪᠠᠷ ᠬᠤᠲᠠ ᠶᠢᠨ ᠠᠵᠤ ᠠᠬᠤᠶ᠂ ᠣᠯᠠᠨ ᠲᠦᠮᠡᠨ ᠤ ᠠᠮᠢᠳᠤᠷᠠᠯ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ᠃ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠪᠣᠯᠪᠠᠰᠤᠨ ᠲᠣᠰᠬᠤᠨ | ᠪᠠᠯᠭᠠᠰᠤ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠵᠤ᠂ ᠰᠠᠭᠤᠷᠢ ᠲᠥᠬᠦᠭᠡᠷᠦᠮᠵᠢ ᠶᠢ ᠲᠠᠰᠤᠷᠠᠯᠳᠠ ᠦᠭᠡᠢ | ᠲᠡᠭᠦᠯᠳᠡᠷᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠣᠷᠣᠰᠢᠨ ᠰᠠᠭᠤᠬᠤ ᠳᠤ ᠲᠠᠭᠠᠯᠠᠮᠵᠢᠳᠠᠢ | ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠦᠳᠦᠭᠡᠨ | ᠪᠠᠶᠢᠭᠤᠯᠬᠤ ᠬᠡᠷᠡᠭᠲᠡᠢ ᠭᠡᠵᠦ ᠬᠡᠯᠡᠪᠡ᠃ | ᠲᠤᠭᠤᠷᠢᠭ ᠤᠨ ᠤᠳᠤᠷᠢᠳᠤᠯᠭ᠎ᠠ ᠵᠠᠢ ᠶᠦᠨ ᡂᠢ᠂ ᠹᠠᠨ ᠬᠤᠩ ᠴᠢᠶᠠᠩ᠂ ᠢᠦᠢ ᠷᠦᠢ ᠴᠢᠩ᠂ ᠶᠠᠩ | ᠶᠦᠩ᠂ ᠯᠢ ᠬᠤᠩ ᠢᠦᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠤᠸᠠᠢ ᠬᠢᠨᠠᠨ ᠬᠠᠷᠭᠤᠭᠤᠯᠤᠬᠰᠠᠨ | ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶᠃ |