ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ ᠪᠥᠬᠦ ᠲᠤᠭᠤᠷᠢᠭ  ᠤᠨ ᠠᠵᠤ ᠠᠬᠤᠶ ᠶᠢᠨ ᠡᠷᠭᠢᠯᠲᠡ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/6/1
    5 ᠰᠠᠷ᠎ᠠ ᠶᠢᠨ 29 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠠᠵᠤ ᠠᠬᠤᠶ ᠶᠢᠨ    ᠡᠷᠭᠢᠯᠲᠡ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠤᠳᠤᠷᠢᠳᠤᠯᠭ᠎ᠠ ᠯᠢ ᠵᠦᠩ᠂ ᠢᠦᠢ ᠷᠦᠢ ᠴᠢᠩ᠂ ᠶᠠᠩ ᠶᠦᠩ᠂ ᠯᠢ ᠬᠤᠩ ᠢᠦᠢ᠂ ᠵᠧᠦ ᠬᠠᠢ ᠹᠸᠢ ᠬᠤᠷᠠᠯ ᠳᠤ ᠣᠷᠣᠯᠴᠠᠪᠠ᠃      ᠬᠤᠷᠠᠯ ᠠᠴᠠ᠂ ᠠᠵᠤ ᠠᠬᠤᠶ ᠶᠢᠨ ᠡᠷᠭᠢᠯᠲᠡ ᠳᠤ ᠲᠣᠬᠢᠷᠠᠭᠤᠯᠤᠯᠲᠠ ᠬᠢᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠨᠢᠯᠠᠵᠤ᠂ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠳᠤᠲᠠᠭᠤᠳᠠᠯ ᠢᠶᠠᠨ ᠤᠯᠠᠮ ᠴᠢᠨᠠᠭᠰᠢᠳᠠ ᠣᠨᠣᠪᠴᠢᠲᠠᠶ ᠡᠷᠢᠵᠦ ᠭᠠᠷᠭᠠᠨ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠰᠦᠪᠡᠭᠴᠢᠯᠡᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠥᠬᠦ ᠵᠢᠯ ᠤᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠯᠠᠪᠳᠠᠭᠤᠨ ᠪᠠᠲᠤᠲᠠᠶ ᠰᠠᠭᠤᠷᠢ ᠶᠢ ᠲᠠᠯᠪᠢᠬᠤ ᠬᠡᠷᠡᠭᠲᠡᠶ᠃ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠬᠡᠮᠵᠢᠶ᠎ᠡ ᠶᠢ ᠨᠡᠮᠡᠭᠳᠡᠭᠦᠯᠬᠦ ᠤᠬᠠᠮᠰᠠᠷ ᠢᠶᠠᠨ ᠴᠢᠩᠭᠠᠳᠬᠠᠵᠤ᠂ ᠲᠤᠰᠬᠠᠶ ᠬᠥᠮᠦᠨ ᠲᠤᠰᠬᠠᠶ ᠠᠩᠭᠢ ᠲᠤᠬᠢᠷᠠᠭᠤᠯᠵᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠭᠤᠭᠴᠣᠭᠠᠨ ᠤ ᠠᠵᠢᠯ ᠢ ᠴᠢᠩᠭ᠎ᠠ ᠠᠳᠬᠤᠵᠤ᠂ ᠬᠦᠷᠢᠶᠡᠯᠡᠩ ᠲᠣᠭᠤᠷᠢᠭ ᠤᠨ ᠵᠠᠮ᠂ ᠬᠤᠭᠤᠯᠠᠶ ᠶᠢᠨ ᠲᠤᠤᠷ ᠵᠡᠷᠭᠡ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠥᠷᠥᠯ ᠵᠦᠢᠯ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠦᠭᠵᠢᠷᠡᠯ ᠴᠡᠭ᠂ ᠬᠤᠷᠢᠭ᠎ᠠ ᠴᠡᠭ ᠪᠤᠯᠵᠤ ᠪᠠᠶᠢᠭ᠎ᠠ ᠠᠰᠠᠭᠤᠳᠠᠯ ᠢ ᠨᠡᠪᠲᠡᠷᠡᠭᠦᠯᠬᠦ ᠬᠡᠷᠡᠭᠲᠡᠶ᠃ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠣᠯᠤᠨ ᠠᠵᠤ ᠠᠬᠤᠶᠢᠯᠠᠯᠲᠠᠨ ᠬᠠᠨᠤᠮᠵᠢᠲᠠᠶ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ  ᠨᠢ ᠬᠤᠰᠢᠭᠤᠷᠠᠵᠤ ᠦᠢᠯᠡᠴᠢᠯᠠᠨ᠂ ᠨᠡᠪᠲᠡᠷᠡᠯᠴᠡᠵᠤ᠂ ᠵᠣᠯᠭᠠᠭᠤᠯᠬᠤ ᠶᠢ ᠴᠠᠭ ᠲᠤᠬᠠᠶ ᠳᠤᠨᠢ ᠰᠠᠶᠢᠲᠤᠷ ᠬᠢᠵᠦ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠨ ᠦᠭᠴᠦ᠂ ︽ᠲᠠᠨ ᠳᠤ ᠬᠠᠨᠤᠮᠵᠢᠳᠠᠢ ᠪᠤᠭᠤᠳᠤ︾ ︽ᠲᠨ ᠰᠠᠨᠠᠭ᠎ᠠ ᠠᠮᠤᠷ ᠪᠠᠶᠢᠬᠤ ᠶᠢ ᠪᠠᠳᠤᠯᠠᠬᠤ︾ ᠲᠡᠷᠢᠭᠦᠨ ᠵᠡᠷᠬᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号