ᠲᠢᠶᠠᠨ ᠬᠤᠩ ᠴᠧᠩ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/13
     6 ᠰᠠᠷ᠎ᠠ ᠶᠢᠨ 9 ᠤ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ  ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ ᠨᠡᠷ ᠤᠷᠢᠳ ᠬᠤᠵᠢᠳ ᠪᠤᠭᠤᠳᠤ ᠶᠢᠨ ᠬᠤᠷᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠡᠷᠬᠢᠨ ᠲᠣᠭᠤᠷᠢᠨ ᠳᠤ ᠰᠢᠨ᠎ᠡ ᠪᠠᠷ ᠨᠡᠮᠡᠭᠰᠡᠨ ᠲᠡᠷᠭᠡᠨ ᠵᠣᠭᠰᠣᠭᠠᠯ᠂ ᠰᠢᠨ᠎ᠡ ᠴᠠᠭ ᠦᠶ᠎ᠡ ᠬᠡᠦᠬᠡᠳ ᠤᠨ ᠴᠡᠴᠡᠷᠯᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ᠂  ᠠᠷᠠᠳ ᠤᠷᠭᠤᠮᠠᠯ ᠤᠨ ᠪᠠᠷᠠᠭᠤᠨ ᠬᠦᠷᠢᠶᠡᠯᠡᠩ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠹᠦ᠋ ᠱᠢ ᠴᠧᠩ ᠱᠤᠸᠠᠩ ᠪᠣᠯᠤᠨ ᠾᠧᠩ ᠳ᠋ᠡ ᠲᠢᠶᠠᠨ ᠰᠢ ᠬᠠᠷᠮᠠᠨ ᠴᠡᠴᠡᠷᠯᠢᠭ᠂ ᠨᠥᠬᠦᠷᠯᠡᠯ 24  ᠳ᠋ᠤᠭᠡᠷ ᠵᠡᠭᠡᠯᠢ ᠭᠤᠳᠤᠮᠵᠢ ᠶᠢᠨ ᠲᠠᠢ ᠫᠢᠩ ᠶᠠᠩ ︽ᠳᠤᠯᠠᠭᠠᠨ ᠥᠷᠲᠡᠭᠡ︾ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠲᠥᠷᠥᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠪᠥᠲᠥᠭᠡᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠠᠯᠪᠠᠯᠠᠵᠤ ᠰᠢᠢᠳᠪᠦᠷᠢᠯᠡᠭᠰᠡᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃      ᠲᠢᠶᠠᠨ ᠬᠤᠩ ᠴᠧᠩ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢ ᠠᠷᠠᠳ ᠤᠯᠠᠨ ᠤ ᠬᠦᠰᠡᠯ ᠪᠠᠷᠠᠯᠠᠯ ᠳᠤ ᠨᠡᠶᠢᠴᠡᠵᠤ᠂ ᠲᠦᠭ ᠲᠦᠮᠡᠨ ᠠᠶᠢᠯ ᠡᠷᠦᠬᠡ ᠶᠢᠨ ᠠᠰᠢᠭ ᠲᠤᠰᠠ ᠳᠤ    ᠬᠤᠯᠪᠣᠭᠳᠠᠨ᠎ᠠ᠃ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠢᠶᠠᠨ ᠨᠡᠮᠡᠭᠳᠡᠭᠦᠯᠦᠨ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠷᠠᠭᠤᠯᠵᠤ᠂ ᠠᠷᠠᠳ ᠣᠯᠠᠨ ᠤ ᠠᠩᠬᠠᠷᠴᠤ ᠪᠠᠶᠢᠭ᠎ᠠ ᠪᠣᠳᠠᠲᠤ ᠶᠠᠪᠤᠳᠠᠯ ᠤᠨ ᠲᠥᠷᠥᠯ ᠵᠦᠢᠯ ᠢ ᠦᠨᠡᠨᠬᠦ ᠰᠠᠶᠢᠲᠤᠷ ᠬᠢᠵᠦ ᠪᠣᠳᠠᠲᠠᠶᠢᠵᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠤᠤᠷ᠎ᠠ᠂ ᠴᠠᠭ ᠢ ᠠᠮᠵᠢᠨ ᠠᠬᠢᠴᠠ ᠶᠢ ᠲᠦᠷᠭᠡᠳᠬᠡᠵᠦ᠂ ᠶᠠᠰᠤ ᠴᠢᠨᠠᠷ ᠴᠢᠩᠭ᠎ᠠ᠂ ᠣᠯᠠᠨ ᠲᠦᠮᠡᠨ ᠬᠠᠨᠤᠮᠵᠢᠲᠠᠶ᠂ ᠰᠢᠯᠭᠠᠨ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠰᠣᠳᠣᠨ ᠢᠨᠵᠧᠨᠧᠷᠢᠩ ᠢ ᠪᠠᠶᠢᠭᠤᠯᠬᠤ ᠬᠡᠷᠡᠭᠲᠡᠶ᠃ ᠡᠯ᠎ᠡ ᠡᠭᠦᠷᠭᠡ ᠲᠤᠰᠢᠶᠠᠯᠳᠤ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠠᠵᠢᠯ ᠤᠨ ᠬᠠᠮᠳᠤᠷᠠᠯ ᠬᠦᠴᠦᠨ ᠢ ᠪᠣᠶ ᠪᠣᠯᠭᠠᠨ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠠᠬᠢᠭᠤᠯᠬᠤ ᠬᠡᠷᠡᠭᠲᠡᠶ᠃ ᠶᠡᠷᠦᠩᠬᠡᠶᠢᠯᠡᠨ ᠰᠤᠳᠤᠯᠬᠤ ᠶᠢ ᠪᠠᠷᠢᠮᠲᠠᠯᠠᠵᠤ᠂ ᠲᠤᠬᠠᠶ ᠶᠢᠨ ᠲᠠᠯᠠᠪᠠᠶ ᠳᠤ ᠬᠠᠶᠢᠨ ᠪᠠᠶᠢᠴᠠᠭᠠᠬᠤ ᠶᠢ ᠬᠦᠢᠴᠡᠳ ᠰᠠᠶᠢᠲᠤᠷ ᠬᠢᠵᠦ᠂ ᠵᠢᠷᠤᠭ ᠲᠥᠯᠥᠪᠯᠡᠭᠡ ᠶᠢᠨ ᠤᠶᠢᠯᠠᠭᠠᠭᠳᠠᠬᠤᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠵᠠᠬ᠎ᠠ ᠬᠦᠪᠡᠭᠡ ᠶᠢᠨ ᠰᠤᠯᠠ ᠪᠠᠶᠢᠭ᠎ᠠ ᠣᠷᠣᠨ ᠵᠠᠶ ᠶᠢᠨ ᠡᠬᠢ ᠪᠠᠶᠠᠯᠢᠭ ᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠠᠶᠢᠲᠤᠷ ᠠᠰᠢᠭᠯᠠᠵᠤ᠂ ᠲᠡᠷᠭᠡᠨ ᠵᠣᠭᠰᠣᠭᠠᠯ  ᠢ ᠲᠥᠯᠥᠪᠵᠢᠬᠦᠯᠵᠤ ᠪᠥᠲᠥᠭᠡᠨ ᠪᠠᠶᠢᠭᠤᠯᠬᠤ ᠶᠢ ᠲᠦᠷᠭᠡᠳᠬᠡᠵᠦ᠂ ︽ᠬᠠᠷᠮᠠᠨ ᠴᠡᠴᠡᠷᠯᠢᠭ︾ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠵᠤ᠂ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠴᠢᠨᠠᠭᠰᠢᠳᠠ ᠰᠠᠶᠢᠵᠢᠷᠠᠭᠤᠯᠵᠤ᠂ ᠬᠤᠲᠠ ᠶᠢᠨ ᠦᠵᠡᠮᠵᠢ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠤᠲᠠ ᠶᠢᠨ ᠥᠩᠭᠡ ᠲᠥᠷᠬᠦ ᠶᠢ ᠳᠡᠭᠡᠭᠰᠢᠯᠡᠭᠦᠯᠬᠦ ᠬᠡᠷᠡᠭᠲᠡᠶ᠃ ᠪᠣᠳᠠᠲᠤ ᠪᠠᠶᠢᠳᠠᠯ ᠳᠤ ᠰᠠᠭᠤᠷᠢᠯᠠᠨ ︽ᠲᠤᠯᠠᠭᠠᠨ ᠥᠷᠲᠡᠭᠡ︾  ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ︽ᠲᠤᠯᠠᠭᠠᠨ ᠦᠢᠯᠡᠴᠢᠯᠡᠭᠡ︾   ᠶᠢᠨ ᠲᠥᠷᠥᠯ ᠲᠡᠮᠳᠡᠭ ᠢ ᠦᠷᠭᠦᠯᠵᠢᠯᠡᠨ ᠡᠭᠦᠳᠴᠦ᠂ ᠣᠯᠠᠨ ᠲᠦᠮᠡᠨ ᠳᠤ ᠨᠠᠩ ᠳᠣᠲᠣᠨᠣ᠂ ᠨᠠᠩ ᠬᠠᠯᠠᠭᠤᠮᠰᠤᠭ᠂ ᠨᠠᠩ ᠨᠠᠷᠢᠯᠢᠭ ᠦᠢᠯᠡᠴᠢᠯᠡᠭᠡ ᠬᠠᠩᠭᠠᠬᠤ ᠬᠡᠷᠡᠭᠲᠡᠶ ᠭᠡᠵᠡᠢ᠃      ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号