ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠳᠤ ᠬᠢᠵᠠᠭᠠᠷᠲᠤ ᠺᠣᠮᠫᠠᠨᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/6/15
    6 ᠰᠠᠷ᠎ᠠ ᠶᠢᠨ 12 ᠤᠨ ᠦᠳᠡ ᠶᠢᠨ ᠡᠮᠦᠨ᠎ᠡ᠂ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠳᠤ ᠬᠢᠵᠠᠭᠠᠷᠲᠤ ᠺᠣᠮᠫᠠᠨᠢ ︽ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠵᠤ ᠳᠠᠬᠢᠨ ᠦᠢᠯᠡᠳᠬᠦ ᠰᠠᠭᠤᠷᠢᠨ︾  ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃
     ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ᠂ ᠳᠤᠮᠳᠠᠳᠤ ᠤᠯᠤᠰ ᠤᠨ ᠲᠢᠶᠠᠨ ᠶᠢᠩ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ᠂ ᠵᠢᠶᠠᠩᠰᠦ ᠶᠢᠨ ᠣᠷᠣᠨ ᠪᠦᠰᠡ ᠶᠢᠨ ᠬᠡᠷᠡᠭ ᠮᠡᠳᠡᠭᠴᠢᠳ ᠤᠨ ᠳᠠᠷᠤᠭ᠎ᠠ ᠵᠢᠶ ᠷᠦᠩ ᠭᠠᠷ ᠤᠨ ᠥᠰᠥᠭ ᠵᠢᠷᠤᠬᠤ ᠶᠤᠰᠤᠯᠠᠯ ᠳᠤ ᠤᠷᠤᠯᠴᠠᠬᠰᠠᠨ ᠪᠦᠬᠡᠳ ᠬᠡᠷ᠎ᠡ ᠲᠤᠬᠳᠠᠬᠤ ᠶᠤᠰᠤᠯᠠᠯ ᠢ ᠭᠡᠷᠡᠴᠢᠯᠡᠪᠡ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠤᠭᠤᠲᠤ ᠶᠢᠨ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠳᠡᠳ᠋ ᠡᠷᠬᠢᠯᠡᠭᠴᠢ ᠵᠧᠤ ᠬᠠᠶ ᠹᠸᠢ ᠲᠤᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠠᠵᠤ ᠠᠬᠤᠶᠢᠯᠠᠯ ᠤᠨ ᠲᠥᠯᠥᠭᠡᠯᠡᠭᠴᠢ ᠲᠠᠢ ᠭᠡᠷ᠎ᠡ ᠲᠣᠭᠲᠠᠪᠠ᠃ ᠲᠣᠭᠤᠷᠢᠭ ᠤᠨ ᠤᠳᠤᠷᠢᠳᠤᠯᠭ᠎ᠠ ᠯᠢ ᠵᠥᠩ ᠵᠢᠴᠢ ᠬᠤᠯᠪᠣᠭᠳᠠᠯ ᠪᠥᠬᠦᠶ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃     ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠳᠤ ᠬᠢᠵᠠᠭᠠᠷᠲᠤ ᠺᠣᠮᠫᠠᠨᠢ ᠪᠣᠯ ᠬᠤᠲᠠ ᠶᠢᠨ ᠣᠷᠴᠢᠨ ᠲᠣᠭᠤᠷᠢᠨ ᠤ ᠦᠢᠯᠡᠴᠢᠯᠡᠭᠡ ᠪᠠ ᠡᠴᠦᠰ ᠤᠨ ᠭᠤᠬᠴᠤᠭ᠎ᠠ ᠳᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠢᠴᠢ ᠳᠠᠬᠢᠨ ᠠᠰᠢᠭᠯᠠᠬᠤ ᠲᠣᠮᠣ ᠬᠡᠯᠪᠡᠷᠢ ᠶᠢᠨ ᠳᠡᠯᠡᠬᠡᠶᠢᠴᠢᠯᠡᠭᠰᠡᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠰᠠᠨ ᠺᠣᠮᠫᠠᠨᠢ ᠪᠣᠯᠤᠨ᠎ᠠ᠃ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠨᠢ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ᠂ ᠪᠣᠬᠢᠷ ᠰᠢᠪᠠᠷ ᠢ ᠰᠢᠢᠳᠪᠦᠷᠢᠯᠡᠬᠦ᠂ ᠬᠤᠭᠤᠯᠠᠨ ᠬᠡᠷ ᠲᠣᠭᠤᠭᠠᠨ ᠬᠡᠷ ᠤᠨ ᠬᠤᠭ ᠨᠣᠪᠰᠢ ᠶᠢ ᠰᠢᠢᠳᠪᠦᠷᠢᠯᠡᠬᠦ᠂ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ᠂ ᠬᠠᠶᠠᠬᠳᠠᠮᠠᠯ ᠢ ᠪᠤᠯᠠᠬᠰᠠᠨ ᠭᠠᠵᠠᠷ ᠠᠴᠠ ᠡᠭᠦᠰᠦᠭᠰᠡᠨ ᠬᠡᠶ ᠶᠢ ᠨᠡᠭᠡᠭᠡᠨ ᠠᠰᠢᠭᠯᠠᠬᠤ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠳᠤ ᠪᠠᠯᠠ ᠣᠷᠣᠭᠤᠯᠬᠤ ᠪᠠ ᠡᠵᠡᠩᠨᠡᠬᠦ ᠵᠡᠷᠭᠡ ᠬᠦᠷᠢᠶ᠎ᠡ ᠴᠠᠷᠠᠭ᠎ᠠ ᠶᠢ ᠬᠠᠮᠤᠷᠤᠬᠰᠠᠨ ᠪᠦᠬᠡᠳ ᠲᠥᠷᠥᠯ ᠬᠤᠪᠢᠶᠠᠬᠤ᠂ ᠬᠤᠷᠢᠶᠠᠨ ᠲᠡᠭᠡᠭᠡᠪᠦᠷᠢᠯᠡᠬᠦ᠂ ᠲᠠᠮᠵᠢᠭᠤᠯᠤᠨ ᠲᠡᠭᠡᠭᠡᠪᠦᠷᠢᠯᠡᠬᠦ ᠠᠴᠠ ᠠᠪᠤᠭᠠᠳ ᠡᠴᠦᠰ ᠤᠨ ᠭᠤᠬᠴᠤᠭ᠎ᠠ ᠳᠤ ᠰᠢᠢᠳᠪᠦᠷᠢᠯᠡᠬᠦ ᠬᠦᠷᠳᠡᠯᠡᠬᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠪᠡ᠃     ᠲᠣᠰ ᠤᠳᠠᠭ᠎ᠠ ᠶᠢᠨ ᠬᠡᠷ᠎ᠡ ᠲᠤᠬᠳᠠᠭᠰᠠᠨ ︽ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠬᠤ ᠳᠠᠬᠢᠨ ᠦᠢᠯᠡᠳᠬᠦ ᠰᠠᠭᠤᠷᠢᠨ︾  ᠤ ᠲᠥᠷᠥᠯ ᠵᠦᠢᠯ ᠨᠢ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠲᠠᠬᠢᠨ ᠠᠰᠢᠬᠯᠠᠵᠤ ᠪᠤᠯᠬᠤ ᠡᠬᠢ ᠪᠠᠶᠠᠯᠢᠭ ᠢ ᠬᠤᠷᠢᠶᠠᠨ ᠠᠪᠬᠤ ᠬᠦᠷᠢᠶᠡᠨ ᠳᠠᠬᠢ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ᠂ ᠥᠪᠡᠷ ᠤᠨ ᠥᠷᠲᠡᠭ᠂ ᠦᠷ᠎ᠡ ᠪᠦᠲᠦᠮᠵᠢ ᠪᠠᠷ ᠲᠦᠷᠦᠭᠦᠯᠡᠵᠤ ᠪᠠᠶᠢᠬᠤ ᠥᠷᠢᠰᠥᠯᠳᠦᠬᠦ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠪᠤᠭᠤᠲᠤ ᠬᠤᠲᠠ ᠶᠢᠨ ᠪᠣᠬᠢᠷᠲᠤᠯ ᠥᠬᠡᠶ ᠡᠷᠬᠢᠯᠳᠡᠳᠤ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠰᠢᠰᠲ᠋ᠧᠮ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ  ᠶᠢ ᠪᠠᠭᠤᠷᠠᠭᠤᠯᠵᠤ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠳᠠᠬᠢᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠤᠯᠤᠨ᠎ᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ᠂ ᠰᠢᠶᠠ ᠫᠧᠩ ᠹᠧᠢ   ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号