ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠲᠤᠬᠠᠶ ᠰᠤᠳᠤᠯᠪᠠ
ᠨᠡᠶᠢᠲᠡᠯᠡᠭᠰᠡᠨ ᠴᠠᠭ᠄
2023/6/19
    6 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠲᠤᠬᠠᠶ ᠰᠤᠳᠤᠯᠪᠠ᠃       ᠲᠤᠭᠤᠷᠢᠭ ᠤᠨ ᠤᠳᠤᠷᠢᠳᠤᠯᠭ᠎ᠠ ᠲᠢᠶᠠᠨ ᠬᠤᠩ ᠴᠧᠩ᠂ ᠢᠦᠶ ᠷᠦᠢ ᠴᠢᠩ᠂ ᠵᠠᠩ ᠬᠤᠸᠠ ᠬᠤᠷᠠᠯ ᠳᠤ ᠣᠷᠣᠯᠴᠠᠪᠠ᠃       ᠬᠤᠷᠠᠯ ᠠᠴᠠ᠂ ᠡᠮᠴᠢᠯᠡᠭᠡᠨ ᠤ ᠦᠶᠯᠡᠰ ᠢ ᠰᠠᠶᠢᠲᠤᠷ ᠬᠥᠭᠵᠢᠭᠦᠯᠵᠦ᠂ ᠡᠮᠴᠢᠯᠡᠭᠡᠨ ᠤ ᠥᠨᠳᠦᠷᠯᠢᠭ ᠢ ᠴᠣᠭᠴᠠᠯᠠᠬᠤ ᠨᠢ ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠲᠠᠢ ᠬᠤᠯᠪᠣᠭᠳᠠᠵᠤ᠂ ᠪᠥᠬᠦ ᠲᠤᠭᠤᠷᠢᠭ ᠤᠨ ᠠᠯᠤᠰ ᠬᠡᠲᠦ ᠶᠢᠨ ᠬᠥᠭᠵᠢᠯᠲᠡ ᠲᠠᠢ ᠬᠤᠯᠪᠣᠭᠳᠠᠨ᠎ᠠ᠃ ᠣᠯᠠᠨ ᠲᠦᠮᠡᠨ ᠤ ᠪᠣᠳᠠᠲᠠᠶ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠡᠮᠴᠢᠯᠡᠭᠡᠨ ᠤ ᠶᠢᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠤᠯᠠᠮ ᠴᠢᠨᠠᠭᠰᠢᠳᠠ ᠨᠢᠭᠡᠳᠦᠯᠲᠡᠶ ᠲᠥᠯᠥᠪᠵᠢᠭᠦᠯᠦᠨ ᠰᠢᠯᠢᠳᠡᠭᠵᠢᠭᠦᠯᠵᠦ᠂ ᠡᠮ ᠡᠮᠨᠡᠯᠬᠡ ᠶᠢᠨ ᠦᠶᠯᠡᠴᠢᠯᠡᠭᠡ ᠶᠢᠨ ᠳᠠᠭᠠᠭᠠᠴᠠ ᠶᠢ ᠴᠢᠩᠭᠠᠳᠬᠠᠨ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ᠂ ᠲᠥᠷᠥᠯ ᠵᠦᠶᠯ ᠢ ᠠᠳᠬᠤᠬᠤ᠂ ᠥᠭᠡᠷᠡᠴᠢᠯᠡᠯᠲᠡ ᠶᠢ ᠠᠬᠢᠭᠤᠯᠬᠤ ᠪᠠᠷ ᠬᠦᠴᠦᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠦᠵᠦ ᠲᠥᠯᠥᠪᠯᠡᠭᠡ ᠪᠠᠨ ᠴᠢᠩᠭᠠᠳᠬᠠᠵᠤ᠂ ᠭᠠᠵᠠᠷ ᠣᠷᠣᠨ ᠤ ᠡᠮᠴᠢᠯᠡᠭᠡᠨ ᠤ ᠡᠬᠢ ᠪᠠᠶᠠᠯᠢᠭ ᠢ ᠪᠦᠬᠦ ᠲᠠᠯ᠎ᠠ ᠪᠠᠷ ᠨᠡᠶᠢᠳᠬᠡᠵᠦ᠂ ᠰᠢᠨ᠎ᠡ ᠡᠮ ᠡᠮᠨᠡᠯᠭᠡ ᠶᠢᠨ ᠥᠭᠡᠷᠡᠴᠢᠯᠡᠯᠲᠡ ᠶᠢᠨ ᠠᠬᠤᠢ ᠪᠠᠶᠢᠳᠠᠯ ᠳᠣᠣᠷᠠᠬᠢ ᠡᠮᠨᠡᠯᠭᠡ ᠶᠢᠨ ᠬᠤᠷᠢᠶᠠᠨ ᠤ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠵᠠᠬ᠎ᠠ ᠳᠡᠯᠭᠡᠭᠦᠷ ᠤᠨ ᠲᠣᠭᠲᠠᠴᠠ ᠶᠢ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠳᠤ    ᠣᠷᠣᠭᠤᠯᠵᠤ᠂ ᠡᠮᠴᠢᠯᠡᠭᠡᠨ ᠤ ᠦᠢᠯᠡᠴᠢᠯᠡᠭᠡ ᠪᠣᠯᠤᠨ ᠬᠠᠮᠢᠶᠠᠷᠤᠯᠲᠠ ᠡᠵᠡᠩᠨᠡᠯᠲᠡ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ ᠲᠥᠷᠥᠯ ᠤᠨ ᠲᠥᠷᠥᠯ ᠵᠦᠶᠯ ᠤᠨ ᠨᠡᠶᠢᠭᠡᠮ ᠤᠨ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠶᠢ ᠠᠬᠢᠭᠤᠯᠬᠤ ᠬᠡᠷᠡᠭᠲᠡᠶ᠃ ᠡᠮᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢᠲᠠᠨ ᠢ ᠦᠨᠡᠯᠡᠬᠦ ᠪᠠ ᠣᠷᠣᠭᠤᠯᠤᠨ ᠠᠪᠴᠢᠷᠠᠵᠤ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠣᠯᠭᠠᠭᠤᠯᠬᠤ ᠦᠢᠯᠡᠴᠢᠯᠡᠭᠡ ᠶᠢ ᠴᠢᠩᠭᠠᠳᠬᠠᠵᠤ᠂ ᠴᠢᠳᠠᠪᠤᠷᠢᠲᠠᠨ ᠢ ᠬᠦᠨᠳᠦᠳᠬᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠬᠡᠵᠤ ᠴᠢᠬᠤᠯᠠᠴᠢᠯᠠᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号