ᠶᠢᠨ ᠶᠦᠩ ᠯᠢ᠂ ᠲᠢᠶᠠᠨ ᠬᠤᠩ ᠴᠧᠩ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/22
     6 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ ᠬᠦᠷᠢᠶᠡᠯᠡᠩ ᠳᠤ ᠬᠦᠷᠴᠦ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠪᠣᠯᠤᠨ ᠠᠶᠤᠯᠬᠦᠢ ᠦᠶᠯᠡᠳᠪᠦᠷᠢᠯᠡᠯ ᠤᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃        ᠶᠢᠨ ᠶᠦᠩ ᠯᠢ᠂ ᠲᠢᠶᠠᠨ ᠬᠤᠩ ᠴᠧᠩ ᠨᠡᠷ ᠤᠷᠢᠳ ᠬᠤᠵᠢᠳ ᠸᠧᠢ ᠡᠯ ᠤᠨ ᠣᠶᠤᠨᠴᠢ ᠦᠢᠯᠡᠳᠬᠦ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠬᠤᠷᠠᠮᠠᠯ ᠴᠠᠬᠢᠯᠭᠠᠨ ᠬᠡᠯᠬᠢᠶ᠎ᠡ ᠶᠢᠨ ᠭᠤᠤᠯ ᠢᠯᠳᠠᠰᠤ ᠶᠢᠨ ᠲᠦᠷᠦᠯ ᠵᠦᠢᠯ ᠪᠣᠯᠤᠨ ᠲᠦᠩ ᠸᠧᠢ ᠶᠢᠨ ᠭᠤᠷᠪᠠᠳᠤᠭᠠᠷ ᠬᠤᠭᠤᠴᠠᠭᠠᠨ ᠤ 20 ᠲᠦᠮᠡᠨ ᠲᠣᠨ ᠤ ᠴᠤᠯ ᠴᠡᠪᠡᠷ ᠲᠠᠯᠠᠰᠲᠤ ᠴᠠᠬᠢᠭᠤᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ︽ᠲᠥᠷᠥᠯ ᠵᠦᠶᠯ ᠤᠨ ᠠᠬᠢᠴᠠ ᠶᠠᠮᠠᠷ ᠵᠡᠷᠭᠡ ᠪᠣᠶ︖  ︾ ︽ᠲᠦᠷᠦᠯ ᠵᠦᠢᠯ ᠢ ᠠᠬᠢᠭᠤᠯᠬᠤ ᠶᠠᠪᠤᠴᠠ ᠳᠤ ᠶᠠᠮᠠᠷ ᠠᠰᠠᠭᠤᠳᠠᠯ ᠪᠠ ᠬᠦᠴᠢᠷᠳᠡᠯ ᠤᠷᠤᠰᠢᠵᠤ ᠪᠠᠶᠢᠬᠤ ᠪᠣᠶ︖ ︾ ᠁ ᠶᠢᠨ ᠶᠦᠩ ᠯᠢ ᠬᠦᠷᠦᠭᠰᠡᠨ ᠭᠠᠵᠠᠷ ᠪᠣᠯᠭᠠᠨ ᠳᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠨᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠯᠪᠠᠯᠠᠵᠤ᠂ ᠱᠠᠭᠠᠷᠳᠠᠯᠭ᠎ᠠ ᠳᠤᠷᠠᠳᠴᠤ᠂ ᠪᠠᠶᠢᠷᠢᠯᠠᠭᠤᠯᠵᠦ᠂ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠵᠢᠯ ᠤᠨ ᠡᠮᠬᠢ ᠵᠢᠷᠤᠮ ᠲᠠᠢ᠂ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠲᠠᠬᠢᠨ ᠳᠠᠪᠲᠠᠨ ᠵᠠᠬᠢᠪᠠ᠃       ᠶᠢᠨ ᠶᠦᠩ ᠯᠢ᠂ ᠬᠥᠭᠵᠢᠯᠲᠡ ᠪᠣᠯ ᠬᠠᠲᠠᠭᠤ ᠶᠣᠰᠣ᠂ ᠲᠦᠷᠦᠯ ᠵᠦᠢᠯ ᠪᠣᠯ ᠴᠢᠩᠭ᠎ᠠ ᠲᠤᠯᠭᠠᠭᠤᠷᠢᠯᠠᠯ ᠮᠥᠨ᠃ ᠲᠤᠭᠤᠷᠢᠭ ᠳᠠᠶᠠᠭᠠᠷ ᠢᠶᠠᠨ ︽ᠲᠥᠷᠥᠯ ᠵᠦᠶᠯ ᠢᠶᠠᠷ ᠲᠦᠷᠦᠬᠦᠯᠡᠬᠦᠯᠬᠦ︾ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠦᠶᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠨ᠂ ︽ ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠶᠢ ᠪᠠᠲᠤ ᠪᠣᠶ ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠲᠡᠮᠡᠴᠡᠵᠤ ᠪᠣᠳᠠᠲᠠᠶ ᠠᠵᠢᠯᠯᠠᠨ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠥᠷᠭᠡᠳᠬᠡᠨ᠂ ᠪᠥᠬᠦ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠲᠤᠯᠭᠠᠭᠤᠷᠢᠯᠠᠯ ᠬᠠᠩᠭᠠᠬᠤ ᠬᠡᠷᠡᠭᠲᠡᠶ᠃ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠢᠳᠡᠪᠬᠢᠲᠡᠢ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠴᠠᠭ ᠤᠨ ᠬᠦᠰᠦᠨᠦᠭᠲᠦ᠂ ᠡᠭᠦᠷᠭᠡ ᠶᠢᠨ ᠵᠢᠷᠤᠭ ᠢ ᠲᠣᠳᠣᠷᠬᠠᠶᠢᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠡᠯ᠎ᠡ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠡᠷᠳᠡᠬᠡᠨ ᠪᠠᠶᠢᠭᠤᠯᠵᠤ ᠳᠠᠭᠤᠰᠬᠠᠨ᠂ ᠡᠷᠳᠡᠬᠡᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠢᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠠᠰᠠᠭᠤᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠡᠮᠦᠨ᠎ᠡ ᠨᠢ ᠤᠷᠤᠵᠤ ᠦᠢᠯᠡᠴᠢᠯᠡᠵᠦ᠂  ᠭᠠᠷᠳᠠᠮ ᠭᠦᠢᠴᠡᠳᠬᠡᠬᠦ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠤᠷᠤᠭᠰᠢᠲᠠᠢ ᠪᠦᠳᠦᠭᠡᠨ ᠪᠠᠶᠢᠭᠤᠯᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠬᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠪᠠᠷᠢᠯᠭ᠎ᠠ ᠶᠢᠨ ᠠᠵᠢᠯ ᠢᠶᠠᠨ ᠵᠢᠷᠤᠮᠵᠢᠭᠤᠯᠵᠤ᠂ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠢᠨᠵᠧᠨᠧᠷᠢᠩ᠂ ᠰᠣᠳᠣᠨ ᠢᠨᠵᠧᠨᠧᠷᠢᠩ ᠢ ᠪᠦᠬᠦ ᠬᠦᠴᠦ ᠪᠠᠷ ᠢᠶᠠᠨ ᠪᠠᠶᠢᠭᠤᠯᠬᠤ ᠬᠡᠷᠡᠭᠲᠡᠢ ᠭᠡᠪᠡ᠃     ᠲᠤᠭᠤᠷᠢᠭ ᠤᠨ ᠤᠳᠤᠷᠢᠳᠤᠯᠭ᠎ᠠ ᠯᠢ ᠵᠥᠩ᠂ ᠢᠦᠶ ᠷᠦᠢ ᠴᠢᠩ᠂ ᠵᠧᠤ ᠬᠠᠶ ᠹᠸᠢ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ᠄ ᠹᠧᠩ ᠰᠢᠤᠸᠠᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号